ᠰᠢᠨ᠎ᠡ ᠪᠠᠷᠭᠤ ᠪᠠᠷᠠᠭᠤᠨ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/5/8
ᠪᠦᠬᠦ ᠬᠤᠰᠢᠭᠤᠨ ᠤ ᠦᠷᠭᠡᠨ ᠣᠯᠠᠨ ᠰᠠᠭᠤᠭᠠᠯᠢ ᠠᠷᠠᠳ ᠮᠠᠯᠴᠢᠨ ᠲᠦᠮᠡᠨ ᠳᠤ᠄      ᠮᠠᠨ ᠤ ᠬᠤᠰᠢᠭᠤ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠤᠢ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠴᠢᠨᠠᠭᠰᠢᠳᠠ ᠴᠢᠩᠭᠠᠳᠬᠠᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠡᠷᠡᠰ ᠬᠤᠷᠢᠭᠯᠠᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠣᠣᠷᠠᠬᠢ ᠮᠡᠲᠦ ᠰᠠᠨᠠᠭᠠᠴᠢᠯᠠᠭ᠎ᠠ ᠶᠢ ᠳᠤᠷᠠᠳᠪᠠ᠄     ᠨᠢᠭᠡ᠂ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠦᠨ᠂ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠣᠯᠠᠨ ᠲᠦᠮᠡᠨ ᠤᠬᠠᠮᠰᠠᠷ ᠠᠴᠠ ᠪᠠᠨ ᠬᠦᠮᠦᠨ ᠪᠣᠯᠭᠠᠨ ᠭᠠᠯ ᠢ ᠰᠡᠷᠭᠡᠶᠢᠯᠡᠬᠦ᠂ ᠴᠠᠭ ᠢᠮᠠᠭᠲᠠ ᠭᠠᠯ ᠢ ᠰᠡᠷᠭᠡᠶᠢᠯᠡᠬᠦ ᠪᠠ ᠭᠠᠵᠠᠷ ᠪᠣᠯᠭᠠᠨ ᠳᠤ ᠭᠠᠯ ᠢ ᠰᠡᠷᠭᠡᠶᠢᠯᠡᠬᠦ ᠤᠬᠠᠮᠰᠠᠷ ᠢ ᠪᠤᠢ ᠪᠣᠯᠭᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠮᠢᠶᠠᠷᠤᠯᠲᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠶᠢ ᠬᠦᠰᠡᠵᠦ ᠪᠠᠶᠢᠨ᠎ᠠ᠃     ᠬᠤᠶᠠᠷ᠂ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠪᠡᠯᠴᠢᠭᠡᠷ ᠰᠢᠲᠠᠭᠠᠬᠤ᠂ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠬᠡᠭᠡᠷ᠎ᠡ ᠬᠤᠭᠤᠯᠠᠯᠠᠬᠤ᠂ ᠭᠠᠯ ᠬᠡᠷᠡᠭᠯᠡᠬᠦ᠂ ᠭᠠᠯ ᠨᠣᠴᠣᠭᠠᠵᠤ ᠳᠤᠯᠠᠭᠠᠴᠠᠬᠤ᠂ ᠬᠤᠸᠠᠷ ᠫᠤᠤᠵᠢᠩ ᠲᠠᠯᠪᠢᠬᠤ᠂ ᠺᠦᠩᠮᠢᠩ ᠳ᠋ᠧᠩ ᠨᠣᠴᠣᠭᠠᠬᠤ᠂ ᠬᠤᠭ ᠨᠣᠪᠰᠢ ᠰᠢᠲᠠᠭᠠᠬᠤ ᠵᠡᠷᠭᠡ ᠬᠡᠭᠡᠷ᠎ᠡ ᠭᠠᠳᠠᠨᠠᠬᠢ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠴᠠᠭᠠᠵᠠᠯᠠᠬᠤ ᠬᠡᠷᠡᠭᠲᠡᠢ︔ ᠣᠨᠴᠠᠭᠠᠢ ᠬᠦᠮᠦᠰ ᠢ ᠭᠡᠷ ᠤᠨ ᠬᠦᠮᠦᠰ ᠨᠢ ᠬᠠᠷᠠᠭᠠᠯᠵᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠠᠰᠤᠨ ᠳᠤ ᠥᠯᠥ ᠬᠦᠷᠦᠭᠰᠡᠳ ᠲᠣᠭᠲᠠᠭᠠᠯ ᠠᠴᠠ ᠵᠦᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠴᠠ ᠪᠣᠯᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠶᠡᠭᠡ ᠬᠠᠯᠠᠭᠤᠨ᠂ ᠶᠡᠭᠡ ᠰᠠᠯᠬᠢ ᠵᠡᠷᠭᠡ ᠭᠠᠯ ᠤᠨ ᠠᠶᠤᠯ ᠡᠭᠦᠰᠬᠦ ᠪᠣᠯᠣᠯᠴᠠᠭ᠎ᠠ ᠲᠠᠢ ᠴᠠᠭ ᠠᠭᠤᠷ ᠢ ᠤᠷᠢᠳᠴᠢᠯᠠᠨ ᠮᠡᠳᠡᠭᠡᠯᠡᠬᠦ ᠳᠤ᠂ ᠣᠯᠠᠨ ᠢᠶᠠᠷ ᠢᠶᠠᠨ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠭᠠᠯ ᠢ ᠴᠢᠩᠭ᠎ᠠ ᠬᠠᠮᠢᠶᠠᠷᠴᠤ᠂ ᠭᠡᠷ ᠤᠨ ᠲᠦᠢᠮᠡᠷ ᠠᠴᠠ ᠨᠤᠲᠤᠭ ᠪᠡᠯᠴᠢᠭᠡᠷ ᠤᠨ ᠭᠠᠯ ᠪᠣᠯᠵᠤ ᠦᠷᠭᠡᠳᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃     ᠭᠤᠷᠪᠠ᠂ ᠨᠤᠲᠤᠭ ᠪᠡᠯᠴᠢᠭᠡᠷ ᠳᠡᠭᠡᠷ᠎ᠡ ᠮᠠᠯ ᠠᠵᠤ ᠠᠬᠤᠢ ᠪᠤᠶᠤ ᠲᠤᠰᠠᠯᠠᠬᠤ ᠦᠢᠯᠡᠳᠪᠦᠷᠢᠯᠡᠯ ᠬᠢᠵᠦ ᠪᠠᠶᠢᠭ᠎ᠠ ᠬᠦᠮᠦᠰ ᠠᠮᠢᠳᠤᠷᠠᠯ ᠤᠨ ᠴᠢᠨᠠᠷᠲᠠᠢ ᠭᠠᠯ ᠬᠡᠷᠡᠭᠯᠡᠬᠦ ᠴᠢᠬᠤᠯᠠᠲᠠᠢ ᠪᠣᠯ᠂ ᠲᠣᠭᠲᠠᠭᠰᠠᠨ ᠠᠮᠤᠷ ᠲᠦᠪᠰᠢᠨ ᠭᠠᠵᠠᠷ ᠲᠤ ᠭᠠᠯ ᠬᠡᠷᠡᠭᠯᠡᠬᠦ ᠶᠢᠨ ᠬᠠᠮᠲᠤ᠂ ᠴᠢᠬᠤᠯᠠ ᠪᠦᠬᠦᠢ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠂ ᠭᠠᠯ ᠬᠡᠷᠡᠭᠯᠡᠭᠰᠡᠨ ᠤ ᠳᠠᠷᠠᠭ᠎ᠠ ᠨᠣᠴᠣᠵᠤ ᠳᠠᠭᠤᠰᠤᠭ᠎ᠠ ᠦᠭᠡᠢ ᠭᠠᠯ ᠢ ᠲᠤᠶᠢᠯᠪᠤᠷᠢᠲᠠᠢ ᠤᠨᠲᠠᠷᠠᠭᠠᠬᠤ ᠬᠡᠷᠡᠭᠲᠡᠢ︔ ᠭᠡᠷ ᠠᠴᠠ ᠭᠠᠷᠬᠤ ᠳᠠᠭᠠᠨ ᠵᠤᠤᠬᠠᠨ ᠤ ᠭᠠᠯ ᠨᠣᠴᠣᠵᠤ ᠳᠠᠭᠤᠰᠤᠭᠰᠠᠨ ᠡᠰᠡᠬᠦ᠂ ᠭᠠᠯ ᠤᠨ ᠣᠴᠢ ᠦᠯᠡᠳᠡᠭᠰᠡᠨ ᠡᠰᠡᠬᠦ ᠪᠠ ᠴᠠᠬᠢᠯᠭᠠᠨ ᠬᠡᠷᠡᠭᠰᠡᠯ ᠢᠶᠠᠨ ᠬᠠᠭᠠᠭᠰᠠᠨ ᠡᠰᠡᠬᠦ ᠶᠢ ᠰᠠᠶᠢᠲᠤᠷ ᠠᠩᠬᠠᠷᠴᠤ᠂ ᠬᠠᠭᠤᠴᠢᠷᠠᠭᠰᠠᠨ ᠭᠡᠷ ᠤᠨ ᠴᠠᠬᠢᠯᠭᠠᠨ ᠬᠡᠷᠡᠭᠰᠡᠯ ᠢ ᠪᠠᠶᠢᠴᠠᠭᠠᠨ ᠰᠣᠯᠢᠬᠤ ᠬᠡᠷᠡᠭᠲᠡᠢ᠃ ᠨᠤᠲᠤᠭ ᠪᠡᠯᠴᠢᠭᠡᠷ ᠳᠡᠭᠡᠷ᠎ᠡ ᠠᠵᠢᠯ ᠬᠢᠵᠦ ᠪᠠᠶᠢᠭ᠎ᠠ ᠪᠤᠶᠤ ᠶᠠᠪᠤᠵᠤ ᠪᠠᠶᠢᠭ᠎ᠠ ᠮᠠᠰᠢᠨ ᠲᠡᠷᠭᠡᠨ ᠳᠤ ᠭᠠᠯ ᠢ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠠᠯᠳᠠᠬᠤ᠂ ᠭᠠᠯ ᠰᠦᠷᠴᠢᠬᠦ ᠪᠠ ᠬᠠᠭᠠᠯᠲᠠ ᠨᠡᠭᠡᠭᠡᠯᠭᠡ ᠨᠢ ᠤᠨᠠᠵᠤ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃     ᠳᠥᠷᠪᠡ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ᠂ ᠰᠣᠮᠣ ᠪᠠᠯᠭᠠᠰᠤ᠂ ᠣᠢ ᠰᠢᠭᠤᠢ ᠶᠢᠨ ᠲᠠᠯᠠᠪᠠᠢ᠂ ᠠᠵᠤ ᠠᠬᠤᠶᠢᠯᠠᠯ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠤᠳ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠦᠮᠦᠵᠢᠯ ᠢ ᠳᠡᠯᠭᠡᠷᠡᠩᠭᠦᠢ ᠦᠷᠨᠢᠭᠦᠯᠵᠦ᠂ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠤᠬᠠᠮᠰᠠᠷ᠂ ᠠᠮᠤᠷ ᠲᠦᠪᠰᠢᠨ ᠤ ᠤᠬᠠᠮᠰᠠᠷ ᠪᠠ ᠬᠠᠥᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠣᠯᠠᠨ ᠨᠡᠶᠢᠲᠡ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠦᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠭᠠᠷᠪᠠᠯ ᠠᠶᠤᠯ ᠪᠣᠯᠬᠤ ᠦᠭᠡᠢ᠂ ᠠᠶᠤᠯ ᠪᠣᠯᠪᠠᠯ ᠦᠬᠦᠵᠦ ᠰᠢᠷᠬᠠᠳᠤᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠬᠠᠥᠯᠢ ᠴᠠᠭᠠᠵᠠ ᠬᠠᠥᠯᠢ ᠲᠣᠭᠲᠠᠭᠠᠯ ᠠᠴᠠ ᠵᠦᠷᠢᠴᠡᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠡᠭᠦᠰᠬᠡᠭᠰᠡᠨ ᠪᠠᠶᠢᠪᠠᠯ᠂ ᠳᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ ᠬᠠᠥᠯᠢ ᠵᠦᠷᠢᠴᠡᠭᠰᠡᠨ ᠬᠦᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠥᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠲᠠᠪᠤ᠂ ᠶᠠᠮᠠᠷᠪᠠ ᠨᠢᠭᠡᠴᠡ ᠪᠠ ᠬᠤᠪᠢ ᠬᠦᠮᠦᠨ ᠣᠶᠢᠲᠤ ᠭᠠᠵᠠᠷ᠂ ᠨᠤᠲᠤᠭ ᠪᠡᠯᠴᠢᠭᠡᠷ ᠳᠡᠭᠡᠷ᠎ᠡ ᠭᠠᠯ ᠬᠡᠷᠡᠭᠯᠡᠬᠦ᠂ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ ᠵᠡᠷᠭᠡ ᠳᠦᠷᠢᠮ ᠲᠣᠭᠲᠠᠭᠠᠯ ᠠᠴᠠ ᠵᠦᠷᠢᠴᠡᠨ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ ᠳᠤᠨᠢ ᠢᠳᠬᠠᠨ ᠬᠤᠷᠢᠭᠯᠠᠵᠤ᠂ ᠬᠡᠷᠡᠭ ᠤᠨ ᠭᠠᠳᠠᠨᠠᠬᠢ ᠬᠦᠮᠦᠨ ᠪᠣᠯᠵᠤ ᠪᠣᠯᠬᠤ ᠦᠭᠡᠢ᠃ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠲᠣᠬᠢᠶᠠᠯᠳᠤᠪᠠᠯ᠂ ᠠᠶᠤᠵᠤ ᠰᠠᠨᠳᠤᠷᠬᠤ ᠬᠡᠷᠡᠭ ᠦᠭᠡᠢ᠂ ᠰᠢᠨᠵᠢᠯᠡᠬᠦ ᠤᠬᠠᠭᠠᠨᠴᠢ ᠪᠦᠭᠡᠳ ᠵᠦᠢ ᠵᠣᠬᠢᠰᠲᠠᠢ ᠪᠠᠷ ᠠᠶᠤᠯ ᠠᠴᠠ ᠵᠠᠶᠢᠯᠠᠬᠤ ᠶᠢᠨ ᠬᠠᠮᠲᠤ᠂ ᠴᠠᠭ ᠲᠤᠬᠠᠢ ᠳᠤᠨᠢ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠮᠡᠳᠡᠭᠦᠯᠬᠦ ᠤᠲᠠᠰᠤ 12119᠎ ᠶᠢ ᠤᠲᠠᠰᠤᠳᠠᠭᠠᠷᠠᠢ᠃     ᠲᠠᠶᠠᠭᠠᠷ ᠢᠶᠠᠨ ᠬᠠᠮᠲᠤᠪᠠᠷ ᠬᠦᠳᠡᠯᠦᠯᠴᠡᠵᠦ᠂ ᠰᠡᠳᠬᠢᠯ ᠨᠢᠭᠡᠳᠦᠨ ᠬᠦᠴᠦ ᠬᠠᠮᠲᠤᠳᠬᠠᠨ ᠴᠢᠷᠮᠠᠶᠢᠵᠤ᠂ ᠣᠯᠠᠨ ᠢᠶᠠᠷ ᠢᠶᠠᠨ ᠰᠡᠷᠭᠡᠶᠢᠯᠡᠨ ᠨᠡᠶᠢᠲᠡ ᠪᠠᠷ ᠢᠶᠠᠨ ᠵᠠᠰᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠨ᠂ ᠬᠥᠬᠡ ᠠᠭᠤᠯᠠ ᠬᠥᠬᠡᠮᠳᠦᠭ ᠤᠰᠤ ᠪᠠᠨ ᠬᠠᠮᠲᠤᠪᠠᠷ ᠰᠠᠬᠢᠨ ᠬᠠᠮᠠᠭᠠᠯᠠᠶ᠎ᠠ᠃                                           ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                    2023 ᠣᠨ ᠤ 5 ᠰᠠᠷ᠎ᠠ ᠶᠢᠨ 3᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ