ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/6/15
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ᠄      ᠮᠠᠨ ᠤ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠴᠢᠨᠠᠭᠰᠢᠳᠠ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠳᠥᠷᠪᠡᠨ ᠤᠬᠠᠮᠰᠠᠷ︾ ᠪᠠ ︽ᠬᠥᠬᠡ ᠠᠭᠤᠯᠠ ᠬᠦᠬᠡᠮᠳᠦᠭ ᠤᠰᠤ ᠪᠣᠯ ᠳᠠᠷᠤᠢ ᠠᠯᠲᠠ ᠮᠥᠩᠭᠦᠨ ᠠᠭᠤᠯᠠ︾ ᠭᠡᠬᠦ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠣᠶᠢᠷ᠎ᠠ ᠶᠢᠨ ᠬᠤᠭᠤᠴᠠᠭᠠᠨ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠳᠤ ᠡᠷᠬᠢᠯᠠᠨ ᠬᠤᠷᠠᠯᠳᠤᠭᠤᠯᠤᠭᠰᠠᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠤᠶᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾ ︽ᠬᠥᠯᠥᠨ ᠪᠤᠶᠢᠷ ᠬᠤᠲᠠ ᠶᠢᠨ ᠮᠠᠯ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠠᠤᠯᠢ ᠬᠡᠷᠡᠭᠵᠢᠭᠦᠯᠬᠦ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠯᠠᠭᠠᠶᠢᠯᠠᠨ ᠮᠠᠯᠵᠢᠬᠤ ᠵᠡᠷᠭᠡ ᠦᠵᠡᠭᠳᠡᠯ ᠳᠤ ᠴᠢᠭᠯᠡᠭᠦᠯᠦᠨ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠢᠨᠠᠯᠲᠠ ᠲᠠᠯᠪᠢᠨ ᠵᠢᠯᠤᠭᠤᠳᠴᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠡᠳᠦᠷ ᠲᠤᠲᠤᠮ ᠤᠨ ᠬᠠᠤᠯᠢ ᠬᠡᠷᠡᠭᠵᠢᠭᠦᠯᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠬᠤᠯᠠᠭᠠᠶᠢᠯᠠᠨ ᠮᠠᠯᠵᠢᠬᠤ ᠪᠠ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠶᠢᠨ ᠬᠠᠮᠲᠤ᠂ ᠭᠠᠴᠠᠭ᠎ᠠ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠳᠤ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠶᠢᠨ ᠴᠢᠬᠤᠯᠠ ᠴᠢᠨᠠᠷ ᠪᠠ ᠴᠢᠬᠤᠯᠠ ᠴᠢᠨᠠᠷ ᠢ ᠥᠷᠭᠡᠨ ᠳᠡᠯᠭᠡᠷᠡᠩᠭᠦᠢ ᠤᠬᠠᠭᠤᠯᠵᠤ᠂ ᠥᠷᠭᠡᠨ ᠣᠯᠠᠨ ᠮᠠᠯᠴᠢᠨ ᠲᠦᠮᠡᠨ ᠢ ᠳᠠᠶᠢᠴᠢᠯᠠᠨ ᠮᠠᠯ ᠪᠡᠯᠴᠢᠭᠡᠷ ᠎ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠬᠢᠨᠠᠯᠲᠠ ᠲᠠᠯᠪᠢᠬᠤ ᠳᠤ ᠢᠳᠡᠪᠬᠢᠲᠡᠢ ᠣᠷᠣᠯᠴᠠᠭᠤᠯᠵᠤ᠂ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠬᠤ ᠬᠡᠷᠡᠭᠲᠡᠢ᠃      ᠡᠭᠦᠨ ᠤ ᠲᠤᠯᠠ ᠲᠤᠰᠬᠠᠶᠢᠯᠠᠨ ᠮᠡᠳᠡᠭᠳᠡᠪᠡ᠃                                            2023 ᠣᠨ ᠤ 6 ᠰᠠᠷ᠎ᠠ ᠶᠢᠨ 9᠎ ᠤ ᠡᠳᠦᠷ           ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠠᠷ ᠨᠡᠶᠢᠲᠡᠯᠡᠨ᠎ᠡ︶ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ