︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/15
ᠡᠯ᠎ᠡ ᠰᠤᠮᠤ ᠪᠠᠯᠭᠠᠰᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠭᠠᠷᠤᠯᠲᠠ ᠶᠢᠨ ᠣᠷᠣᠨ ᠤ ᠳᠦᠷᠢ ᠲᠥᠷᠬᠦ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠭᠠᠵᠠᠷ ᠣᠷᠣᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠶᠢᠨ ᠲᠦᠯᠦᠭᠡ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠭᠤᠶᠤᠴᠢᠯᠠᠬᠤ ᠪᠠᠷ ᠪᠣᠶ᠃ ᠬᠤᠰᠢᠭᠤᠨ ᠤ ᠵᠠᠰᠠᠭ ᠤᠨ ᠣᠷᠳᠣᠨ ᠤ ᠰᠣᠳᠣᠯᠣᠯᠲᠠ ᠪᠠᠷ ᠳᠡᠮᠵᠢᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠤᠯᠤᠰ ᠤᠨ ᠭᠠᠵᠠᠷ ᠵᠦᠢ ᠶᠢᠨ ᠲᠥᠷᠥᠯ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠃ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠮᠡᠳᠡᠭᠳᠡᠶ᠎ᠡ᠄      ᠨᠢᠭᠡ᠂ ᠪᠦᠷᠢᠯᠳᠦᠭᠦᠨ      ᠳᠤᠭᠤᠶᠢᠯᠠᠩ ᠤᠨ ᠳᠠᠷᠤᠭ᠎ᠠ᠄ ᠱᠧᠨ ᠭᠦᠸᠧ ᠴᠧᠨ  ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠰᠠᠶᠢᠰᠢᠶᠠᠯᠲᠤ  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠸᠠᠩ ᠪᠦᠦ ᠵᠥᠩ  ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ      ᠭᠡᠰᠢᠭᠦᠨ᠄ ᠲᠢᠶᠠᠨ ᠵᠥᠩ ᠯᠢᠶᠠᠩ  ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ      ᠸᠠᠩ ᠺᠦᠨ  ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠦ᠋ ᠰᠢᠶᠣᠣ ᠵᠢᠶᠦ᠋ᠨ  ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠬᠤᠸᠠᠩ ᠬᠤᠩ ᠱᠧᠩ  ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ      ᠬᠠᠰᠲᠤᠯᠭᠠᠭᠤᠷᠢ  ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠶᠦᠩ ᠬᠤᠩ  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ      ᠪᠣᠤ ᠳᠦᠭᠦᠷᠡᠩ  ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ      ᠵᠠᠩ ᠴᠠᠩ ᠬᠠᠢ  ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ      ᠢᠦᠢ ᠪᠠᠢ ᠮᠢᠩ  ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ      ᠱᠤ᠋ ᠭᠤᠸᠠᠩ  ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ      ᠯᠢᠦ ᠰᠢᠦᠢ ᠳ᠋ᠦᠩ  ᠬᠥᠯᠥᠨ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ      ᠨᠠᠷᠠᠰᠤ  ᠬᠡᠷᠦᠯᠦᠨ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ      ᠲᠦᠪᠰᠢᠨᠵᠢᠷᠭᠠᠯ  ᠪᠤᠷᠢᠶᠠᠳ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ      ᠤᠯᠠᠭᠠᠨ  ᠳᠠᠯᠠᠢ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ      ᠬᠤᠣᠰᠪᠠᠶᠠᠷ  ᠪᠣᠭᠳᠠᠠᠭᠤᠯᠠ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠣᠬᠢᠷᠠᠭᠤᠯᠵᠤ᠂ ᠠᠯᠪᠠᠨ ᠭᠡᠷ ᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠳᠤ ᠲᠣᠬᠢᠷᠠᠭᠤᠯᠤᠨ᠂ ᠸᠠᠩ ᠪᠦᠦ ᠵᠥᠩ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠵᠠᠩ ᠴᠠᠩ ᠬᠠᠢ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠃ ᠪᠥᠬᠦ ᠬᠤᠰᠢᠭᠤᠨ ᠤ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢ ᠭᠤᠶᠤᠴᠢᠯᠠᠨ ᠮᠡᠳᠡᠭᠦᠯᠵᠦ ᠪᠣᠶᠢᠵᠢᠭᠤᠯᠬᠤ ᠪᠠ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠢ ᠲᠦᠯᠦᠪᠵᠢᠭᠦᠯᠦᠨ᠂ ᠵᠣᠬᠢᠶᠠᠨ ᠪᠠᠶᠢᠭᠤᠯᠤᠨ ᠵᠣᠬᠢᠴᠠᠭᠤᠯᠵᠤ᠂ ᠡᠭᠦᠷᠭᠡ ᠶᠢ ᠵᠠᠳᠠᠯᠬᠤ ᠶᠢ ᠪᠣᠳᠠᠲᠠᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠠᠵᠢᠯᠲᠠᠨ ᠤ ᠪᠣᠯᠪᠠᠰᠤᠷᠠᠯ᠂ ᠤᠬᠠᠭᠤᠯᠭ᠎ᠠ ᠶᠢᠨ ᠠᠵᠢᠯ ᠢ ᠥᠷᠨᠢᠭᠦᠯᠦᠨ᠎ᠡ︔ ᠭᠠᠵᠠᠷ ᠵᠦᠢ ᠶᠢᠨ ᠲᠡᠮᠳᠡᠭᠲᠦ ᠬᠠᠮᠠᠭᠠᠯᠠᠯᠲᠠ ᠶᠢᠨ ᠪᠦᠲᠦᠭᠡᠭᠳᠡᠬᠦᠨ ᠤ ᠶᠠᠰᠤ ᠴᠢᠨᠠᠷ ᠲᠤ ᠰᠣᠩᠭᠤᠨ ᠪᠠᠶᠢᠴᠠᠭᠠᠯᠲᠠ ᠬᠢᠨ᠎ᠡ︔ ᠭᠠᠵᠠᠷ ᠵᠦᠢ ᠶᠢᠨ ᠲᠡᠮᠳᠡᠭᠲᠦ ᠬᠠᠮᠠᠭᠠᠯᠠᠯᠲᠠ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠤᠰᠬᠠᠢ ᠲᠡᠮᠳᠡᠭ ᠢ ᠵᠥᠪ ᠬᠡᠷᠡᠭᠯᠡᠬᠦ ᠶᠢ ᠵᠢᠯᠤᠭᠤᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠬᠡᠯᠪᠡᠷᠢ ᠶᠢᠨ ᠬᠤᠷᠰᠢᠭᠰᠠᠨ ᠵᠣᠬᠢᠶᠠᠨ ᠪᠠᠶᠢᠭᠤᠯᠤᠯᠲᠠ ︵ᠠᠵᠤ ᠦᠢᠯᠡᠰ ᠤᠨ ᠨᠡᠶᠢᠭᠡᠮᠯᠢᠭ︶᠎ ᠶᠢ ᠵᠢᠯᠤᠭᠤᠳᠴᠤ ᠪᠠᠶᠢᠭᠠᠳ ᠭᠠᠵᠠᠷ ᠵᠦᠢ ᠶᠢᠨ ᠲᠡᠮᠳᠡᠭᠲᠦ ᠬᠠᠮᠠᠭᠠᠯᠠᠯᠲᠠ ᠶᠢᠨ ᠪᠦᠲᠦᠭᠡᠭᠳᠡᠬᠦᠨ ᠤ ᠪᠠᠷᠢᠮᠵᠢᠶᠠᠲᠤ ᠰᠢᠰᠲ᠋ᠧᠮ᠂ ᠪᠠᠶᠢᠴᠠᠭᠠᠨ ᠬᠡᠮᠵᠢᠬᠦ ᠰᠢᠰᠲ᠋ᠧᠮ᠂ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠠᠶᠢᠭᠤᠯᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃      ᠡᠭᠦᠨ ᠠᠴᠠ ᠬᠤᠶᠢᠰᠢ ᠬᠡᠷᠪᠡ ᠪᠦᠷᠢᠯᠳᠦᠭᠦᠨ ᠤ ᠬᠤᠪᠢᠷᠠᠯᠲᠠ ᠭᠠᠷᠬᠤ ᠳᠤ ᠬᠦᠷᠪᠡᠯ ᠠᠰ ᠲᠤᠨᠢ ᠮᠡᠳᠡᠭᠳᠡᠬᠦ ᠦᠭᠡᠢ ᠪᠠᠷ ᠲᠤᠰᠢᠶᠠᠯ ᠪᠠ ᠠᠵᠢᠯ ᠤᠨ ᠬᠤᠪᠢᠶᠠᠷᠢ ᠪᠠᠷ ᠢᠶᠠᠨ ᠠᠵᠢᠯᠲᠠᠨ ᠢ ᠥᠪᠡᠷᠰᠡᠳ ᠢᠶᠠᠨ ᠨᠥᠬᠦᠪᠦᠷᠢᠯᠡᠨ ᠲᠣᠬᠢᠷᠠᠭᠤᠯᠬᠤ ᠬᠡᠷᠡᠭᠲᠡᠢ᠃      ᠬᠤᠶᠠᠷ᠂ ᠪᠦᠷᠢᠯᠳᠦᠭᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ      ︵ᠨᠢᠭᠡ︶ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠄ ᠡᠯ᠎ᠡ ᠲᠣᠮᠣ ᠵᠠᠭᠤᠴᠢᠯᠠᠭᠤᠷ ᠢᠶᠠᠷ ᠳᠠᠮᠵᠢᠭᠤᠯᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠭᠡᠬᠦ ᠡᠨᠡ ᠬᠦ ᠡᠬᠢ ᠪᠠᠶᠠᠯᠢᠭ ᠢ ᠠᠰᠢᠭᠯᠠᠵᠤ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠲᠥᠯᠦᠪᠵᠢᠭᠦᠯᠭᠡ ᠳᠤ ᠣᠷᠣᠭᠤᠯᠵᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠨᠠᠷᠠᠲᠤ ᠲᠥᠷᠥᠯ ᠲᠡᠮᠳᠡᠭᠲᠦ ᠶᠢ ᠤᠬᠠᠭᠤᠯᠬᠤ ᠡᠷᠴᠢᠮ ᠢ ᠴᠢᠩᠭᠠᠷᠠᠭᠤᠯᠬᠤ ᠶᠢ ᠬᠠᠷᠢᠭᠤᠴᠠᠨ᠎ᠠ᠃      ︵ᠬᠤᠶᠠᠷ︶ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠲᠤᠰᠬᠠᠢ ᠲᠡᠮᠳᠡᠭ ᠪᠠ ᠭᠠᠳᠠᠷ ᠪᠣᠭᠤᠳᠠᠯ ᠤᠨ ᠵᠠᠷ ᠰᠤᠷᠲᠠᠯᠴᠢᠯᠠᠭ᠎ᠠ ᠶᠢᠨ ᠬᠡᠷᠡᠭᠯᠡᠭᠡᠨ ᠤ ᠦᠭᠡ ᠬᠡᠯᠡ ᠶᠢ ᠵᠢᠯᠤᠭᠤᠳᠬᠤ ᠪᠠ ᠬᠢᠨᠠᠨ ᠬᠠᠮᠢᠶᠠᠷᠬᠤ ᠶᠢ ᠬᠠᠷᠢᠭᠤᠴᠠᠨ᠎ᠠ᠃      ︵ᠭᠤᠷᠪᠠ︶ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠨᠠᠷᠠᠲᠤ ᠲᠥᠷᠥᠯ ᠲᠡᠮᠳᠡᠭᠲᠦ ᠶᠢᠨ ᠬᠠᠮᠠᠭᠠᠯᠠᠯᠲᠠ᠂ ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠵᠡᠷᠭᠡ ᠠᠵᠢᠯ ᠳᠤ ᠬᠠᠮᠵᠢᠯᠴᠠᠬᠤ ᠶᠢ ᠬᠠᠷᠢᠭᠤᠴᠠᠨ᠎ᠠ᠃      ︵ᠳᠥᠷᠪᠡ︶ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠄ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠠᠵᠤ ᠠᠬᠤᠶᠢᠯᠠᠯ ᠤᠨ ᠡᠯ᠎ᠡ ᠵᠦᠢᠯ ᠤᠨ ᠦᠵᠡᠰᠬᠦᠯᠡᠩ ᠳᠤ ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠤᠯᠤᠰ ᠤᠨ ᠳᠣᠲᠣᠭᠠᠳᠤ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠡᠵᠡᠩᠨᠡᠨ ᠪᠣᠷᠣᠯᠠᠭᠤᠯᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃      ︵ᠲᠠᠪᠤ︶ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠄ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠤ ᠠᠬᠤᠢ ᠨᠡᠶᠢᠭᠡᠮ ᠤᠨ ᠦᠷ᠎ᠡ ᠠᠰᠢᠭ ᠢ ᠪᠦᠷᠢᠳᠬᠡᠨ ᠬᠢᠨᠠᠨ ᠬᠡᠮᠵᠢᠬᠦ ᠠᠵᠢᠯ ᠢ ᠬᠠᠷᠢᠭᠤᠴᠠᠨ ᠥᠷᠨᠢᠭᠦᠯᠦᠨ᠎ᠡ᠃      ︵ᠵᠢᠷᠭᠤᠭ᠎ᠠ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠣᠨ ᠤ ᠪᠡᠯᠡᠳᠬᠡᠨ ᠪᠠᠶᠢᠭᠤᠯᠬᠤ᠂ ᠰᠢᠯᠭᠠᠨ ᠠᠪᠬᠤ ᠱᠠᠲᠤᠨ ᠤ ᠠᠵᠢᠯ ᠤᠨ ᠪᠠᠶᠢᠳᠠᠯ ᠢ ᠦᠨᠳᠦᠰᠦᠯᠡᠨ᠂ ᠵᠢᠱᠢᠶ᠎ᠡ ᠦᠵᠡᠭᠦᠯᠬᠦ ᠣᠷᠣᠨ ᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠬᠤ᠂ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ᠂ ᠳᠡᠯᠭᠡᠨ ᠦᠵᠡᠭᠦᠯᠬᠦ ᠠᠵᠢᠯᠯᠠᠭ᠎ᠠ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠯᠲᠠ ᠵᠡᠷᠭᠡ ᠳᠤ ᠬᠡᠷᠡᠭᠰᠡᠬᠦ ᠵᠠᠷᠤᠳᠠᠯ ᠢ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃      ︵ᠳᠣᠯᠤᠭ᠎ᠠ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠤ ᠳᠣᠲᠣᠷᠠᠬᠢ ᠤᠰᠤ ᠤᠮᠳᠠ᠂ ᠤᠰᠤᠨ ᠤ ᠡᠬᠢ ᠰᠤᠷᠪᠤᠯᠵᠢ᠂ ᠬᠥᠷᠥᠰᠥ ᠰᠢᠷᠣᠢ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠨᠠᠢᠮᠠ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠬᠤᠯᠪᠣᠭᠳᠠᠯ ᠪᠦᠬᠦᠢ ᠮᠠᠯ ᠠᠵᠤ ᠠᠬᠤᠢ ᠶᠢᠨ ᠪᠦᠲᠦᠭᠡᠭᠳᠡᠬᠦᠨ ᠤ ᠠᠵᠢᠯ ᠲᠥᠷᠥᠯ ᠤᠨ ᠨᠡᠶᠢᠭᠡᠮᠯᠢᠭ᠂ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠮᠠᠯ ᠠᠵᠤ ᠠᠬᠤᠢ ᠶᠢᠨ ᠪᠦᠲᠦᠭᠡᠭᠳᠡᠬᠦᠨ ᠤ ᠦᠢᠯᠡᠳᠪᠦᠷᠢᠯᠡᠭᠴᠢᠳ ᠪᠠ ᠡᠵᠡᠩᠨᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠣᠨᠴᠠ ᠲᠣᠭᠲᠠᠭᠰᠠᠨ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠭᠠᠵᠠᠷ ᠵᠦᠢ ᠶᠢᠨ ᠲᠡᠮᠳᠡᠭᠲᠦ ᠶᠢᠨ ᠣᠨᠴᠠᠯᠢᠭ ᠲᠠᠢ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠣᠶᠢᠵᠢᠭᠤᠯᠤᠨ ᠦᠢᠯᠡᠳᠪᠦᠷᠢᠯᠡᠨ᠎ᠡ︔ ᠲᠠᠷᠢᠶᠠᠯᠠᠩ ᠤᠨ ᠬᠥᠲᠥᠴᠢ ᠠᠵᠤ ᠠᠬᠤᠶᠢᠯᠠᠯ᠂ ᠮᠠᠯᠴᠢᠳ ᠤᠨ ᠲᠠᠷᠢᠶᠠᠯᠠᠩ ᠤᠨ ᠲᠥᠷᠥᠯ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠢ ᠦᠢᠯᠡᠳᠪᠦᠷᠢᠯᠡᠵᠦ ᠡᠵᠡᠩᠨᠡᠬᠦ ᠶᠢ ᠬᠥᠲᠥᠯᠥᠨ ᠵᠢᠯᠤᠭᠤᠳᠬᠤ ᠪᠠ ᠳᠡᠮᠵᠢᠨ᠎ᠡ︔ ᠪᠥᠬᠦ ᠬᠤᠰᠢᠭᠤᠨ ᠤ ᠮᠠᠯᠵᠢᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ᠲᠤᠰᠬᠠᠢ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠡᠷᠡᠭᠯᠡᠨ᠂ ᠭᠠᠵᠠᠷ ᠵᠦᠢ ᠶᠢᠨ ᠲᠡᠮᠳᠡᠭᠲᠦ ᠬᠠᠮᠠᠭᠠᠯᠠᠯᠲᠠ ᠶᠢᠨ ᠪᠦᠲᠦᠭᠡᠭᠳᠡᠬᠦᠨ ᠤ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠬᠤ ᠶᠢ ᠬᠠᠷᠢᠭᠤᠴᠠᠨ᠎ᠠ︔ ᠦᠢᠯᠡᠳᠪᠦᠷᠢᠯᠡᠬᠦ᠂ ᠡᠵᠡᠩᠨᠡᠨ ᠪᠣᠷᠣᠯᠠᠭᠤᠯᠬᠤ ᠵᠡᠷᠭᠡ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ︔ ᠭᠠᠵᠠᠷ ᠵᠦᠢ ᠶᠢᠨ ᠲᠡᠮᠳᠡᠭᠲᠦ ᠵᠢᠱᠢᠶ᠎ᠡ ᠦᠵᠡᠭᠦᠯᠬᠦ ᠣᠷᠣᠨ ᠤ ᠮᠠᠯ ᠤᠨ ᠠᠰᠢᠭ ᠰᠢᠮ᠎ᠡ ᠶᠢ ᠪᠠᠶᠢᠴᠠᠭᠠᠨ ᠰᠢᠯᠭᠠᠬᠤ᠂ ᠦᠢᠯᠡᠳᠪᠦᠷᠢᠯᠡᠯ ᠤᠨ ᠮᠡᠷᠭᠡᠵᠢᠯ ᠵᠢᠴᠢ ᠶᠠᠰᠤ ᠴᠢᠨᠠᠷ ᠢ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠬᠤ ᠶᠢ ᠬᠠᠷᠢᠭᠤᠴᠠᠨ᠎ᠠ︔ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠤᠬᠠᠭᠤᠯᠬᠤ ᠠᠷᠭ᠎ᠠ ᠵᠠᠮ ᠢ ᠥᠷᠭᠡᠳᠬᠡᠨ᠂ ᠭᠠᠵᠠᠷ ᠵᠦᠢ ᠶᠢᠨ ᠲᠡᠮᠳᠡᠭᠲᠦ ᠬᠠᠮᠠᠭᠠᠯᠠᠯᠲᠠ ᠶᠢᠨ ᠪᠦᠲᠦᠭᠡᠭᠳᠡᠬᠦᠨ ᠤ ᠬᠤᠯᠪᠣᠭᠳᠠᠯ ᠪᠦᠬᠦᠢ ᠮᠡᠳᠡᠯᠭᠡ ᠶᠢ ᠳᠡᠯᠭᠡᠷᠡᠭᠦᠯᠦᠨ ᠲᠦᠭᠡᠮᠡᠯᠵᠢᠭᠦᠯᠵᠦ᠂ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠢ ᠬᠠᠮᠠᠭᠠᠯᠠᠨ ᠦᠢᠯᠡᠳᠪᠦᠷᠢᠯᠡᠬᠦ᠂ ᠡᠵᠡᠩᠨᠡᠬᠦ ᠪᠠ ᠬᠠᠮᠢᠶᠠᠷᠤᠭᠴᠢ ᠶᠢᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠢ ᠬᠠᠮᠠᠭᠠᠯᠠᠬᠤ ᠦᠨᠳᠦᠰᠦᠨ ᠮᠡᠳᠡᠯᠭᠡ᠂ ᠪᠠᠷᠢᠮᠵᠢᠶᠠᠵᠢᠭᠤᠯᠤᠯᠲᠠ ᠶᠢᠨ ᠮᠡᠳᠡᠯᠭᠡ ᠪᠠ ᠶᠠᠰᠤ ᠴᠢᠨᠠᠷ ᠤᠨ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠨ᠎ᠠ᠃      ︵ᠶᠢᠰᠦ︶ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠢᠳᠡᠪᠬᠢᠲᠡᠢ ᠬᠠᠮᠵᠢᠯᠴᠠᠨ᠂ ᠭᠠᠳᠠᠨ᠎ᠠ ᠣᠷᠣᠨ ᠤ ᠮᠠᠯ ᠮᠠᠨ ᠤ ᠬᠤᠰᠢᠭᠤᠨ ᠳᠤ ᠣᠷᠣᠵᠤ ᠢᠷᠡᠬᠦ ᠶᠢ ᠬᠢᠨᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠤᠬᠠᠭᠤᠯᠭ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠬᠠᠭᠤᠷᠮᠠᠭ ᠮᠠᠭᠤ ᠪᠦᠲᠦᠭᠡᠭᠳᠡᠬᠦᠨ ᠳᠤ ᠴᠣᠬᠢᠯᠲᠠ ᠥᠭᠴᠦ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠨᠠᠷᠠᠲᠤ ᠲᠦᠷᠦᠯ ᠲᠡᠮᠳᠡᠭᠲᠦ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃      ᠭᠤᠷᠪᠠ᠂ ᠠᠵᠢᠯ ᠤᠨ ᠱᠠᠭᠠᠷᠳᠠᠯᠭ᠎ᠠ      ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠠᠵᠢᠯ ᠤᠨ ᠡᠭᠦᠷᠭᠡ ᠪᠣᠯᠭᠠᠵᠤ᠂ ᠶᠡᠭᠡ ᠲᠠᠯ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠨ᠂ ᠭᠤᠷᠪᠠᠳᠠᠭᠢ ᠡᠲᠡᠭᠡᠳ ᠤᠨ ᠮᠡᠳᠡᠭᠦᠯᠦᠭᠰᠡᠨ ᠨᠢᠭᠡᠴᠡ ᠲᠠᠢ ᠵᠣᠯᠭᠠᠭᠤᠯᠵᠤ᠂ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠢᠢᠳᠪᠦᠷᠢᠯᠡᠵᠦ᠂ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠦᠴᠦᠲᠡᠢ ᠠᠬᠢᠭᠤᠯᠬᠤ ᠬᠡᠷᠡᠭᠲᠡᠢ᠃      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠡᠭᠦᠳᠦᠨ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠠᠵᠢᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠭᠠᠵᠠᠷ ᠵᠦᠢ ᠶᠢᠨ ᠲᠡᠮᠳᠡᠭᠲᠦ ᠶᠢᠨ ᠲᠤᠰᠬᠠᠢ ᠬᠡᠷᠡᠭᠯᠡᠬᠦ ᠲᠡᠮᠳᠡᠭ ᠢ ᠳᠡᠯᠭᠡᠷᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠤᠬᠠᠭᠤᠯᠬᠤ ᠪᠠ ᠭᠤᠷᠪᠠᠳᠠᠭᠢ ᠡᠲᠡᠭᠡᠳ ᠲᠠᠢ ᠢᠳᠡᠪᠬᠢᠲᠡᠢ ᠬᠠᠷᠢᠯᠴᠠᠵᠤ ᠵᠣᠯᠭᠠᠭᠤᠯᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠡᠳᠦᠷ ᠲᠤᠲᠤᠮ ᠤᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠢ᠂ ᠥᠨᠳᠥᠷ ᠦᠷ᠎ᠡ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢ ᠠᠬᠢᠭᠤᠯᠬᠤ ᠬᠡᠷᠡᠭᠲᠡᠢ᠃      ︵ᠬᠤᠶᠠᠷ︶ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠠᠮᠢᠳᠤᠯᠢᠭ ᠪᠥᠭᠡᠳ ᠥᠨᠳᠥᠷ ᠪᠦᠲᠦᠮᠵᠢᠲᠡᠶ ᠪᠠᠶᠢᠬᠤ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠠᠨ ᠰᠠᠯᠠᠭ᠎ᠠ ᠮᠥᠴᠢᠷ ᠵᠡᠷᠭᠡᠪᠡᠷ ᠠᠳᠬᠤᠵᠤ ᠬᠠᠮᠲᠤ ᠪᠠᠷ ᠬᠠᠮᠢᠶᠠᠷᠬᠤ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠬᠤ ᠠᠵᠢᠯ ᠤᠨ ᠲᠣᠭᠲᠠᠴᠠ ᠶᠢ ᠪᠤᠢ ᠪᠣᠯᠭᠠᠨ᠎ᠠ᠃ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠤᠯᠠᠷᠢᠯ ᠪᠦᠷᠢ ᠳᠤ ᠨᠢᠭᠡ ᠤᠳᠠᠭ᠎ᠠ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠬᠤ ᠬᠡᠷᠡᠭᠲᠡᠢ᠃      ︵ᠭᠤᠷᠪᠠ︶ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠳ᠋ ᠤᠨ ᠵᠠᠰᠠᠭ ᠠᠴᠠ ᠠᠵᠤ ᠦᠢᠯᠡᠰ ᠢ ᠲᠡᠳᠬᠦᠬᠦ ᠲᠥᠷᠥᠯ ᠵᠦᠢᠯ ᠤᠨ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠤᠯᠤᠰ ᠤᠨ ᠭᠠᠵᠠᠷ ᠵᠦᠢ ᠶᠢᠨ ᠲᠡᠮᠳᠡᠭᠲᠦ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠪᠠ ᠪᠦᠲᠦᠭᠡᠭᠳᠡᠬᠦᠨ ᠤ ᠬᠥᠭᠵᠢᠯᠲᠡ ᠳᠤ ᠬᠦᠴᠦ ᠨᠡᠮᠡᠷᠢᠯᠡᠬᠦ ᠬᠡᠷᠡᠭᠲᠡᠢ᠃      ︵ᠳᠥᠷᠪᠡ︶ ᠪᠦᠲᠦᠭᠡᠨ ᠪᠠᠶᠢᠭᠤᠯᠤᠯᠲᠠ ᠶᠢᠨ ᠭᠦᠨ ᠵᠤᠵᠠᠭᠠᠨ ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠰᠣᠨᠢᠨ᠂ ᠢᠨᠲ᠋ᠧᠷ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠬᠡᠷᠡᠭᠯᠡᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠤᠯᠤᠰ ᠤᠨ ᠭᠠᠵᠠᠷ ᠵᠦᠢ ᠶᠢᠨ ᠲᠡᠮᠳᠡᠭᠲᠦ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠶᠡᠬᠡᠪᠡᠷ ᠤᠬᠠᠭᠤᠯᠵᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠤᠯᠤᠰ ᠤᠨ ᠳᠣᠲᠣᠭᠠᠳᠤ ᠭᠠᠳᠠᠭᠠᠳᠤ ᠳᠠᠬᠢ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃                             2023 ᠣᠨ ᠤ 6 ᠰᠠᠷ᠎ᠠ ᠶᠢᠨ 9᠎ ᠤ ᠡᠳᠦᠷ      ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ