ᠰᠢᠨ᠎ᠡ ᠪᠠᠷᠭᠤ ᠪᠠᠷᠠᠭᠤᠨ ᠬᠤᠰᠢᠭᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠰᠢᠨ᠎ᠡ ᠬᠡᠯᠪᠡᠷᠢ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠢᠰᠲ᠋ᠧᠮ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠵᠦ ᠪᠠᠶᠢᠨ᠎ᠠ᠃ | ᠳᠦᠷᠢᠮ ᠢ ᠵᠢᠷᠤᠮᠵᠢᠭᠤᠯᠬᠤ᠃ ᠤᠯᠤᠰ ᠲᠥᠷᠥ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠡᠭᠦᠷᠭᠡ ᠪᠠᠨ ᠲᠠᠨᠢᠵᠤ ᠠᠪᠬᠤ ᠲᠠᠢ | ᠬᠠᠷᠢᠴᠠᠭᠤᠯᠤᠨ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠨᠡᠶᠢᠭᠡᠮ ᠤᠨ ᠬᠤᠲᠠ ᠶᠢᠨ | ᠬᠡᠪᠴᠢᠶᠡᠨ ᠤ ᠵᠠᠰᠠᠯᠲᠠ ᠶᠢᠨ ᠣᠳᠣᠬᠢᠴᠢᠯᠠᠯᠲᠠ ᠲᠠᠢ ᠤᠶᠠᠯᠳᠤᠭᠤᠯᠤᠨ ᠠᠵᠢᠯ ᠲᠥᠷᠥᠯ ᠤᠨ ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ ᠠᠷᠠᠳ ᠤᠨ | ᠡᠶᠡᠳᠡᠭᠦᠯᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠪᠢ ᠬᠥᠮᠥᠨ ᠤ ᠨᠠᠷᠠᠲᠤ ᠲᠥᠷᠥᠯ ᠲᠡᠮᠳᠡᠭᠲᠦ ᠶᠢᠨ ᠡᠶᠡᠳᠡᠭᠦᠯᠬᠦ ᠲᠠᠰᠤᠭ ᠤᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠶᠠᠪᠤᠳᠠᠯ ᠢ | ᠢᠯᠡ ᠪᠣᠯᠭᠠᠬᠤ ᠶᠢ ᠭᠦᠨᠵᠡᠭᠡᠶᠢᠷᠡᠭᠦᠯᠦᠨ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠠᠤᠯᠢ | ᠴᠠᠭᠠᠵᠠ ᠶᠢᠨ ᠭᠠᠵᠠᠷ ᠤᠨ ᠭᠠᠳᠠᠷ ᠪᠠᠶᠢᠳᠠᠯ ᠤᠨ ᠢᠯᠡᠳᠬᠡᠮᠵᠢ ᠲᠡᠮᠳᠡᠭ ᠢ ᠨᠢᠭᠡᠳᠬᠡᠵᠦ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠦᠭᠦᠮ | ᠦᠵᠡᠭᠦᠯᠵᠦ᠂ ᠤᠯᠠᠨ ᠲᠦᠮᠡᠨ ᠤ ᠬᠢᠨᠠᠯᠲᠠ ᠲᠠᠯᠪᠢᠬᠤ ᠳᠤ ᠲᠦᠭᠦᠮ ᠦᠵᠡᠭᠦᠯᠬᠦ ᠬᠡᠷᠡᠭᠲᠡᠢ᠃ | ᠲᠣᠭᠲᠠᠴᠠ ᠶᠢ ᠪᠠᠶᠢᠭᠤᠯᠬᠤ᠃ ᠭᠠᠵᠠᠷ ᠣᠷᠣᠨ ᠤ ᠣᠨᠴᠠᠯᠢᠭ ᠲᠠᠢ ︽ᠭᠤᠷᠪᠠᠨ ᠭᠠᠵᠠᠷ ᠨᠢᠭᠡ ᠲᠢᠩᠬᠢᠮ ᠨᠢᠭᠡ ᠲᠣᠪᠴᠢᠶ᠎ᠠ︾ ᠶᠢᠨ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠤᠯᠪᠤᠭᠠᠯᠠᠨ ᠬᠥᠳᠡᠯᠦᠯᠴᠡᠬᠦ ᠵᠠᠭᠪᠤᠷ ᠢ ᠬᠠᠶᠢᠨ ᠰᠦᠪᠡᠭᠴᠢᠯᠡᠵᠦ᠂ ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ | ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠵᠠᠭᠤᠨ ᠡᠶᠡᠳᠡᠭᠦᠯᠦᠭᠴᠢ ᠦᠨᠳᠦᠰᠦᠨ ᠱᠠᠲᠤᠨ ᠤ ᠠᠷᠠᠳ ᠤᠨ ᠰᠢᠭᠦᠬᠦ ᠲᠢᠩᠬᠢᠮ ᠳᠤ ᠣᠷᠣᠵᠤ ᠰᠠᠭᠤᠬᠤ ᠵᠡᠷᠭᠡ | ᠵᠠᠭᠪᠤᠷ ᠢ ᠠᠬᠢᠭᠤᠯᠵᠤ᠂ ᠥᠩᠭᠡᠷᠡᠭᠰᠡᠨ ᠤ ︽ᠬᠤᠶᠠᠷ ᠭᠠᠵᠠᠷ ᠬᠤᠯᠪᠤᠭᠠᠯᠠᠨ ᠬᠥᠳᠡᠯᠦᠯᠴᠡᠬᠦ︾ ︽ᠳᠥᠷᠪᠡᠨ ᠭᠠᠵᠠᠷ ᠨᠢᠭᠡ ᠲᠢᠩᠬᠢᠮ︾ ᠤᠨ ᠬᠤᠯᠪᠤᠭᠠᠯᠠᠨ | ᠬᠥᠳᠡᠯᠦᠯᠴᠡᠬᠦ᠂ ᠨᠢᠭᠡ ᠥᠷᠲᠡᠭᠡᠨ ᠤ ᠬᠡᠯᠪᠡᠷᠢ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠦᠨᠳᠦᠰᠦᠨ ᠱᠠᠲᠤᠨ ᠤ ᠰᠢᠷᠢᠰ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠪᠠᠷᠢᠮᠲᠠᠯᠠᠨ ᠦᠢᠯᠡᠳᠦᠯᠭᠡᠵᠢᠭᠦᠯᠬᠦ ᠬᠡᠷᠡᠭᠲᠡᠢ᠃ ᠵᠥᠷᠢᠴᠡᠯ ᠵᠢᠭᠤᠷᠠᠯᠳᠤᠭᠠᠨ ᠤ ᠬᠥᠳᠡᠯᠦᠯ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠮᠡᠳᠡᠭᠡ ᠵᠠᠩᠭᠢ ᠶᠢ ᠰᠠᠭᠠᠳ | ᠦᠭᠡᠢ ᠨᠡᠪᠲᠡᠷᠡᠭᠦᠯᠬᠦ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ ᠶᠡᠭᠡ ᠡᠶᠡᠳᠡᠭᠦᠯᠬᠦ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠲᠦᠷᠦᠭᠦᠸ ᠬᠠᠭᠠᠰ ᠵᠢᠯ ᠳᠤ | ᠨᠡᠶᠢᠲᠡ 28 ᠤᠳᠠᠭ᠎ᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 107 ᠬᠤᠪᠢ ᠡᠶᠡᠳᠡᠭᠦᠯᠦᠨ | ᠰᠢᠢᠳᠪᠦᠷᠢᠯᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ 1067.32 ᠲᠦᠮᠡᠨ ᠲᠥᠭᠦᠷᠢᠭ ᠲᠤ ᠬᠥᠷᠪᠡ᠃ | ᠴᠢᠳᠠᠪᠤᠷᠢ ᠪᠠᠨ ᠳᠡᠭᠡᠭᠰᠢᠯᠡᠭᠦᠯᠬᠦ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠱᠠᠲᠤᠨ ᠤ ᠡᠩᠨᠡᠭᠡᠨ ᠤ ᠤᠤᠯ ᠤᠨ | ᠴᠢᠳᠠᠪᠤᠷᠢ ᠶᠢᠨ ᠪᠠᠶᠢᠭᠤᠯᠤᠯᠲᠠ ᠶᠢ ᠰᠢᠢᠳᠪᠦᠷᠢᠯᠡᠵᠦ᠂ ᠬᠥᠳᠡᠯᠮᠦᠷᠢ ᠲᠣᠮᠢᠯᠠᠬᠤ᠂ ᠰᠠᠶᠢᠨ ᠳᠤᠷ᠎ᠠ ᠶᠢᠨ ᠠᠵᠢᠯᠯᠠᠭᠴᠢ ᠶᠢ ᠬᠥᠭᠵᠢᠭᠦᠯᠬᠦ ᠵᠡᠷᠭᠡ ᠤᠯᠠᠨ ᠵᠦᠢᠯ ᠤᠨ | ᠠᠷᠭ᠎ᠠ ᠬᠡᠯᠪᠡᠷᠢ ᠶᠢ ᠠᠪᠴᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠤ ᠬᠦᠴᠦᠨ ᠢ ᠲᠡᠭᠦᠯᠳᠡᠷᠵᠢᠭᠦᠯᠬᠦ ᠬᠡᠷᠡᠭᠲᠡᠢ᠃ ᠮᠢᠩᠭᠠᠨ ᠺᠠᠳ᠋ᠷ ᠴᠠᠭᠳᠠᠭ᠎ᠠ ᠶᠢᠨ | ᠦᠨᠳᠦᠰᠦᠨ ᠱᠠᠲᠤᠨ ᠳᠤ ᠪᠠᠭᠤᠬᠤ ᠶᠢ ᠲᠦᠯᠬᠢᠨ ᠠᠬᠢᠭᠤᠯᠵᠤ᠂ ᠱᠠᠲᠤ ᠬᠤᠪᠢᠶᠠᠨ ᠪᠣᠯᠪᠠᠰᠤᠷᠠᠭᠤᠯᠬᠤ ᠶᠢ ᠴᠢᠩᠭᠠᠳᠬᠠᠵᠤ᠂ ᠡᠩᠨᠡᠭᠡᠨ ᠤ ᠬᠡᠪ ᠴᠢᠨᠠᠷ ᠢ | ᠳᠡᠭᠡᠭᠰᠢᠯᠡᠭᠦᠯᠬᠦ ᠬᠡᠷᠡᠭᠲᠡᠢ᠃ ᠬᠥᠮᠦᠵᠢᠯ ᠪᠣᠯᠪᠠᠰᠤᠷᠠᠯ ᠢ ᠶᠡᠬᠡᠪᠡᠷ ᠴᠢᠩᠭᠠᠳᠬᠠᠵᠤ᠂ ᠠᠷᠠᠳ ᠤᠨ ᠡᠶᠡᠳᠡᠭᠦᠯᠦᠭᠴᠢ ᠶᠢᠨ ᠬᠡᠷᠡᠭ ᠢᠶᠠᠷ ᠨᠥᠬᠦᠪᠦᠷᠢ ᠵᠠᠷᠤᠳᠠᠯ ᠢ | ᠲᠣᠭᠲᠠᠭᠠᠬᠤ ᠵᠡᠷᠭᠡ ᠲᠥᠷᠥ ᠶᠢᠨ ᠪᠣᠳᠣᠯᠭ᠎ᠠ ᠶᠢᠨ ᠣᠯᠭᠤᠮᠵᠢ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠡᠩᠨᠡᠭᠡ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | |