ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2023/8/1
ᠡᠯ᠎ᠡ ᠰᠤᠮᠤ ᠪᠠᠯᠭᠠᠰᠤ ᠶᠢᠨ ᠮᠠᠯᠴᠢᠨ ᠲᠦᠮᠡᠨ ᠳᠤ᠄      ᠮᠠᠨ ᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠴᠢᠨᠠᠭᠰᠢᠳᠠ ᠪᠠᠬᠢᠵᠢᠭᠦᠯᠬᠦ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾ ᠪᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ︾ ︵ᠰᠢᠨ᠎ᠡ ᠪᠠᠷᠠᠭᠤᠨ ᠵᠠᠰᠠᠭ ᠠᠯᠪᠠᠨ ᠲᠠᠷᠬᠠᠭᠠᠭᠰᠠᠨ ﹇2022﹈ 21 ᠳ᠋ᠦ᠋ᠭᠡᠷ ᠲᠣᠭᠠᠲᠤ︶᠎ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠣᠳᠤ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠨᠠᠭᠤᠷ ᠢ ᠲᠣᠭᠤᠷᠢᠭᠰᠠᠨ ᠡᠯᠡᠰᠦᠷᠬᠡᠭ ᠭᠠᠵᠠᠷ ᠰᠢᠷᠤᠢ ᠶᠢ ᠵᠠᠰᠠᠬᠤ ᠲᠥᠷᠥᠯ ᠵᠦᠢᠯ ᠤᠨ ᠣᠷᠣᠨ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠣᠷᠣᠨ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠤᠨ ᠣᠷᠣᠨ᠂ ᠬᠠᠯᠬᠠᠪᠴᠢ ᠣᠶ ᠶᠢᠨ ᠢᠨᠵᠧᠨᠧᠷᠢᠩ ᠤᠨ ᠬᠥᠮᠥᠨ ᠤ ᠬᠦᠴᠦ ᠪᠠᠷ ᠣᠶᠢᠵᠢᠭᠤᠯᠬᠤ ᠲᠥᠷᠥᠯ ᠵᠦᠢᠯ ᠤᠨ ᠣᠷᠣᠨ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠣᠷᠣᠨ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ ᠣᠷᠣᠨ ᠵᠡᠷᠭᠡ ᠡᠯ᠎ᠡ ᠲᠥᠷᠥᠯ ᠤᠨ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠤ ᠳᠣᠲᠣᠷ᠎ᠠ ᠪᠡᠯᠴᠢᠭᠡᠷᠯᠡᠭᠦᠯᠬᠦ ᠶᠢ ᠴᠠᠭᠠᠵᠠᠯᠠᠨ᠎ᠠ᠃      ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯᠵᠢᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠤᠷᠭᠤᠮᠠᠯ ᠤᠨ ᠬᠤᠴᠢᠯᠭ᠎ᠠ ᠶᠢ ᠡᠪᠳᠡᠭᠰᠡᠨ ᠪᠠᠶᠢᠪᠠᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠵᠢᠴᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠠᠷᠢᠭᠤᠴᠠᠯᠭ᠎ᠠ ᠲᠠᠢ ᠬᠥᠮᠥᠨ ᠢ ᠪᠠᠶᠢᠴᠠᠭᠠᠨ ᠰᠢᠢᠳᠪᠦᠷᠢᠯᠡᠵᠦ᠂ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠲᠥᠷᠥᠯ ᠵᠦᠢᠯ ᠤᠨ ᠣᠷᠣᠨ ᠤ ᠬᠠᠮᠢᠶᠠᠷᠴᠤ ᠬᠠᠮᠠᠭᠠᠯᠠᠬᠤ ᠫᠠᠶᠢᠰᠠ ᠶᠢ ᠡᠪᠳᠡᠭᠰᠡᠨ᠂ ᠳᠤᠷ᠎ᠠ ᠪᠠᠷ ᠢᠶᠠᠨ ᠰᠢᠯᠵᠢᠭᠦᠯᠦᠭᠰᠡᠨ᠂ ᠬᠦᠷᠢᠶᠡᠯᠡᠵᠦ ᠪᠢᠲᠡᠭᠦᠮᠵᠢᠯᠡᠭᠰᠡᠨ ᠲᠦᠬᠦᠭᠡᠷᠦᠮᠵᠢ ᠶᠢ ᠡᠪᠳᠡᠭᠰᠡᠨ ᠪᠠᠶᠢᠪᠠᠯ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ᠂ ᠣᠶ ᠰᠢᠭᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠢᠨᠠᠯᠲᠠ ᠲᠠᠯᠪᠢᠵᠤ ᠬᠠᠮᠢᠶᠠᠷᠤᠯᠲᠠ ᠬᠢᠬᠦ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠤᠯ ᠤᠨ ᠪᠠᠶᠢᠳᠠᠯ ᠢ ᠨᠢ ᠰᠡᠷᠭᠦᠭᠡᠯᠭᠡᠬᠦ ᠶᠢᠨ ᠬᠠᠮᠲᠤ᠂ ᠪᠣᠳᠠᠲᠠᠢ ᠬᠤᠬᠢᠷᠠᠯ ᠤᠨ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠲᠦᠷᠦᠯ ᠵᠦᠢᠯ ᠤᠨ ᠣᠷᠣᠨ ᠤ ᠬᠠᠮᠢᠶᠠᠷᠴᠤ ᠬᠠᠮᠠᠭᠠᠯᠠᠬᠤ ᠫᠠᠶᠢᠰᠠ᠂ ᠬᠦᠷᠢᠶᠡᠯᠡᠵᠦ ᠪᠢᠲᠡᠭᠦᠮᠵᠢᠯᠡᠭᠰᠡᠨ ᠲᠥᠬᠦᠭᠡᠷᠦᠮᠵᠢ ᠶᠢ ᠬᠤᠯᠠᠭᠠᠶᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃                           ᠰᠢᠨ᠎ᠡ ᠪᠠᠷᠭᠤ ᠪᠠᠷᠠᠭᠤᠨ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                                         2023 ᠣᠨ ᠤ 8 ᠰᠠᠷ᠎ᠠ ᠶᠢᠨ 1᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ