ᠰᠢᠨ᠎ᠡ ᠪᠠᠷᠭᠤ ᠪᠠᠷᠠᠭᠤᠨ ᠬᠤᠰᠢᠭᠤᠨ ᠤ ᠡᠯᠡᠰᠦᠷᠬᠡᠭ ᠭᠠᠵᠠᠷ ᠰᠢᠷᠤᠢ ᠶᠢ ᠵᠠᠰᠠᠬᠤ ᠤᠬᠠᠭᠤᠯᠭ᠎ᠠ ᠰᠡᠷᠡᠮᠵᠢᠯᠡᠭᠦᠯᠦᠯ ᠤᠨ ᠭᠠᠷ ᠳᠡᠪᠲᠡᠷ
ᠨᠡᠶᠢᠲᠡᠯᠡᠭᠰᠡᠨ ᠴᠠᠭ᠄
2023/8/2
      ᠨᠢᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠡᠯᠡᠰᠦᠷᠬᠡᠭ ᠭᠠᠵᠠᠷ ᠰᠢᠷᠤᠢ ᠶᠢᠨ ᠦᠨᠳᠦᠰᠦᠨ ᠪᠠᠶᠢᠳᠠᠯ     2019 ᠣᠨ ᠤ 6 ᠳ᠋ᠤᠭᠠᠷ ᠤᠳᠠᠭ᠎ᠠ ᠶᠢᠨ ᠪᠥᠬᠦ ᠤᠯᠤᠰ ᠤᠨ ᠡᠯᠡᠰᠦᠷᠬᠡᠭ ᠭᠠᠵᠠᠷ ᠰᠢᠷᠤᠢ ᠶᠢᠨ ᠬᠢᠨᠠᠨ ᠬᠡᠮᠵᠢᠯᠲᠡ ᠶᠢᠨ ᠦᠷ᠎ᠡ ᠳ᠋ᠦᠩ ᠠᠴᠠ ᠦᠵᠡᠪᠡᠯ᠄ ᠰᠢᠨ᠎ᠡ ᠪᠠᠷᠭᠤ ᠪᠠᠷᠠᠭᠤᠨ ᠬᠤᠰᠢᠭᠤᠨ ᠤ ᠡᠯᠡᠰᠦᠷᠬᠡᠭ ᠭᠠᠵᠠᠷ ᠰᠢᠷᠤᠢ ᠶᠢᠨ ᠶᠡᠷᠦᠩᠬᠡᠢ ᠲᠠᠯᠠᠪᠠᠶ 22.41 ᠲᠦᠮᠡᠨ ᠮᠦ ᠪᠠᠶᠢᠵᠤ᠂ ᠬᠥᠯᠥᠨ ᠪᠤᠶᠢᠷ ᠤᠨ ᠡᠯᠡᠰᠦᠷᠬᠡᠭ ᠭᠠᠵᠠᠷ ᠰᠢᠷᠤᠢ ᠶᠢᠨ ᠶᠡᠷᠦᠩᠬᠡᠢ ᠲᠠᠯᠠᠪᠠᠶ 1819.01 ᠲᠦᠮᠡᠨ ᠮᠦ ᠶᠢᠨ 0.012%᠎ ᠢ ᠡᠵᠡᠯᠡᠪᠡ᠃ ᠡᠯᠡᠰᠦᠷᠬᠡᠭ ᠭᠠᠵᠠᠷ ᠰᠢᠷᠤᠢ ᠶᠢᠨ ᠲᠥᠷᠥᠯ ᠵᠦᠢᠯ ᠨᠢ ᠪᠦᠷ ᠲᠣᠭᠲᠠᠮᠠᠯ ᠪᠠᠶᠢᠨ᠎ᠠ᠃ ᠡᠯᠡᠰᠦᠷᠬᠡᠭᠵᠢᠭᠰᠡᠨ ᠬᠡᠮᠵᠢᠶ᠎ᠡ ᠪᠠᠷ ᠬᠤᠪᠢᠶᠠᠪᠠᠯ᠂ ᠮᠠᠨ ᠤ ᠬᠤᠰᠢᠭᠤᠨ ᠤ ᠡᠯᠡᠰᠦᠷᠬᠡᠭᠵᠢᠬᠦ ᠬᠠᠨᠳᠤᠰᠢ ᠢᠯᠡᠷᠬᠡᠢ ᠪᠠᠶᠢᠭ᠎ᠠ ᠭᠠᠵᠠᠷ ᠰᠢᠷᠣᠢ 1156.26 ᠲᠦᠮᠡᠨ ᠮᠦ ᠪᠤᠢ︔ ᠬᠥᠩᠭᠡᠨ ᠬᠡᠮᠵᠢᠶ᠎ᠡ ᠪᠠᠷ ᠡᠯᠡᠰᠦᠷᠬᠡᠭᠵᠢᠭᠰᠡᠨ ᠭᠠᠵᠠᠷ ᠤᠨ ᠲᠠᠯᠠᠪᠠᠶ ᠨᠢ 18.22 ᠲᠦᠮᠡᠨ ᠮᠦ ᠪᠣᠯᠣᠨ᠎ᠠ︔ ᠳᠤᠮᠳᠠ ᠵᠡᠷᠭᠡ ᠶᠢᠨ ᠡᠯᠡᠰᠦᠷᠬᠡᠭᠵᠢᠭᠰᠡᠨ ᠭᠠᠵᠠᠷ ᠤᠨ ᠲᠠᠯᠠᠪᠠᠶ ᠨᠢ 3.97 ᠲᠦᠮᠡᠨ ᠮᠦ ᠪᠣᠯᠣᠨ᠎ᠠ︔ ᠬᠦᠨᠳᠦ ᠨᠣᠴᠢᠲᠠᠢ ᠡᠯᠡᠰᠦᠷᠬᠡᠭᠵᠢᠭᠰᠡᠨ ᠭᠠᠵᠠᠷ ᠤᠨ ᠲᠠᠯᠠᠪᠠᠶ ᠨᠢ 0.22 ᠲᠦᠮᠡᠨ ᠮᠦ ᠪᠠᠶᠢᠵᠤ᠂ ᠡᠯᠡᠰᠦᠷᠬᠡᠭ ᠭᠠᠵᠠᠷ ᠰᠢᠷᠤᠢ ᠨᠢ ᠭᠤᠣᠯᠳᠠᠭᠤ ᠪᠣᠭᠳᠠᠠᠭᠤᠯᠠ ᠰᠤᠮᠤ ᠶᠢᠨ ᠬᠠᠷᠢᠶᠠᠨ ᠳᠠᠬᠢ ᠲᠡᠯᠡᠶ ᠨᠠᠭᠤᠷ ᠤᠨ ᠡᠮᠦᠨ᠎ᠡ ᠡᠷᠭᠢ ᠳᠤ ᠬᠡᠰᠡᠭ ᠪᠤᠰᠠᠭ ᠢᠶᠠᠷ ᠲᠠᠷᠬᠠᠵᠤ ᠪᠤᠢ᠃     ᠬᠤᠶᠠᠷ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠲᠥᠷᠥᠯ ᠵᠦᠢᠯ ᠤᠨ ᠦᠨᠳᠦᠰᠦᠨ ᠪᠠᠶᠢᠳᠠᠯ     2008 ᠣᠨ ᠠᠴᠠ ᠨᠠᠰᠢ ᠰᠢᠨ᠎ᠡ ᠪᠠᠷᠭᠤ ᠪᠠᠷᠠᠭᠤᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠯᠬᠠᠪᠴᠢ ᠣᠶ ᠶᠢᠨ ᠢᠨᠵᠧᠨᠧᠷᠢᠩ ᠤᠨ ᠬᠥᠮᠥᠨ ᠤ ᠬᠦᠴᠦ ᠪᠠᠷ ᠣᠶᠢᠵᠢᠭᠤᠯᠬᠤ ᠲᠥᠷᠥᠯ ᠵᠦᠢᠯ᠂ ᠪᠢᠲᠡᠭᠦᠮᠵᠢᠯᠡᠨ ᠪᠣᠶᠢᠵᠢᠭᠤᠯᠬᠤ ᠲᠥᠷᠥᠯ ᠵᠦᠢᠯ᠂ ᠣᠶᠢᠵᠢᠭᠤᠯᠤᠯᠲᠠ ᠶᠢᠨ ᠨᠥᠬᠦᠪᠦᠷᠢ ᠶᠢᠨ ᠲᠥᠷᠥᠯ ᠵᠦᠢᠯ᠂ ᠨᠠᠭᠤᠷ ᠳᠠᠭᠠᠤ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠲᠥᠷᠥᠯ ᠵᠦᠢᠯ᠂ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠷᠥᠯ ᠵᠦᠢᠯ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠨᠤᠲᠤᠭ ᠪᠡᠯᠴᠢᠭᠡᠷ ᠢ ᠰᠡᠷᠭᠦᠭᠡᠬᠦ ᠲᠥᠷᠥᠯ ᠵᠦᠢᠯ ᠵᠡᠷᠭᠡ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 39 ᠬᠡᠷᠡᠭᠵᠢᠭᠦᠯᠵᠦ᠂ ᠨᠡᠶᠢᠲᠡ 1.8786 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠵᠠᠰᠠᠭᠰᠠᠨ ᠲᠠᠯᠠᠪᠠᠶ ᠨᠢ 113.67 ᠲᠦᠮᠡᠨ ᠮᠦ ᠳᠤ ᠬᠦᠷᠪᠡ᠃ ᠡᠭᠦᠨ ᠳᠤ 36.07 ᠲᠦᠮᠡᠨ ᠮᠦ ᠳᠠᠷᠢᠵᠤ ᠣᠶᠢᠵᠢᠭᠤᠯᠵᠤ᠂ 1.96 ᠲᠦᠮᠡᠨ ᠮᠦ ᠨᠢᠯᠬ᠎ᠠ ᠴᠢᠬᠢ ᠳᠠᠷᠢᠵᠤ ᠣᠶᠢᠵᠢᠭᠤᠯᠵᠤ᠂ 4.1 ᠲᠦᠮᠡᠨ ᠮᠦ ᠨᠦᠬᠦᠨ ᠳᠠᠷᠢᠵᠤ᠂ 4.75 ᠲᠦᠮᠡᠨ ᠮᠦ ᠨᠥᠬᠦᠵᠦ ᠣᠶᠢᠵᠢᠭᠤᠯᠪᠠ᠃     2018 ᠣᠨ ᠠᠴᠠ ᠨᠠᠰᠢ ᠪᠠᠶᠢᠭᠠᠯᠢᠯᠢᠭ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠣᠭᠰᠣᠭᠠᠵᠤ ᠨᠤᠲᠤᠭ ᠪᠡᠯᠴᠢᠭᠡᠷ ᠢ ᠰᠡᠷᠭᠦᠭᠡᠬᠦ ᠢᠨᠵᠧᠨᠧᠷᠢᠩ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ᠂ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠬᠤ ᠲᠥᠷᠥᠯ ᠵᠦᠢᠯ ᠵᠡᠷᠭᠡ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 8 ᠬᠡᠷᠡᠭᠵᠢᠭᠦᠯᠵᠦ᠂ ᠨᠡᠶᠢᠲᠡ 1.30205 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠠᠰᠠᠭᠰᠠᠨ ᠲᠠᠯᠠᠪᠠᠶ ᠨᠢ 173.21 ᠲᠦᠮᠡᠨ ᠮᠦ ᠳᠤ ᠬᠦᠷᠪᠡ᠃ ᠡᠭᠦᠨ ᠳᠤ᠂ 61.21 ᠲᠦᠮᠡᠨ ᠮᠦ ᠪᠡᠯᠴᠢᠭᠡᠷᠯᠡᠭᠦᠯᠬᠦ ᠶᠢ ᠴᠠᠭᠠᠵᠠᠯᠠᠵᠤ᠂ 80 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠵᠤ᠂ 32.2 ᠲᠦᠮᠡᠨ ᠮᠦ ᠨᠥᠬᠦᠨ ᠳᠠᠷᠢᠵᠤ᠂ 3.5 ᠲᠦᠮᠡᠨ ᠮᠦ ᠬᠤᠣᠷᠲᠤ ᠡᠪᠡᠰᠦ ᠶᠢ ᠵᠠᠰᠠᠵᠤ᠂ 6.3 ᠲᠦᠮᠡᠨ ᠮᠦ ᠦᠨᠳᠦᠰᠦ ᠶᠢ ᠨᠢ ᠣᠭᠲᠣᠯᠵᠤ᠂ 8.7 ᠲᠦᠮᠡᠨ ᠮᠦ ᠪᠣᠷᠳᠣᠭᠤᠷ ᠣᠷᠣᠭᠤᠯᠪᠠ᠃     ᠭᠤᠷᠪᠠ᠂ ᠲᠥᠷᠥᠯ ᠵᠦᠢᠯ ᠤᠨ ᠣᠷᠣᠨ ᠢ ᠬᠠᠮᠢᠶᠠᠷᠴᠤ ᠬᠠᠮᠠᠭᠠᠯᠠᠬᠤ ᠶᠢᠨ ᠴᠢᠬᠤᠯᠠ ᠴᠢᠨᠠᠷ     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠶᠢᠨ ᠠᠵᠢᠯ ᠤᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠵᠠᠰᠠᠵᠤ᠂ ᠠᠯᠢ ᠤᠯᠠᠨ ᠦᠨᠳᠦᠰᠦᠨ ᠴᠢᠨᠠᠷᠲᠠᠢ᠂ ᠡᠭᠦᠳᠦᠯᠲᠡ ᠶᠢᠨ ᠴᠢᠨᠠᠷᠲᠠᠢ᠂ ᠠᠯᠤᠰ ᠬᠡᠳᠤ ᠶᠢᠨ ᠴᠢᠨᠠᠷᠲᠠᠢ ᠠᠵᠢᠯ ᠢ ᠥᠷᠨᠢᠭᠦᠯᠵᠦ᠂ ᠡᠷᠡᠰ ᠵᠣᠷᠢᠭ᠂ ᠡᠷᠴᠢᠮ ᠶᠡᠭᠡ᠂ ᠦᠷ᠎ᠡ ᠪᠦᠲᠦᠮᠵᠢ ᠎ ᠨᠢ ᠤᠷᠢᠳ ᠡᠮᠦᠨ᠎ᠡ ᠪᠠᠶᠢᠭ᠎ᠠ ᠦᠭᠡᠢ ᠶᠡᠭᠡ ᠪᠠᠶᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠲᠠᠨᠢᠯᠲᠠ ᠠᠴᠠ ᠦᠢᠯᠡᠳᠦᠯᠭᠡ ᠳᠤ ᠬᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠤᠭᠰᠠᠨ ᠶᠤᠮ᠃     2008 ᠣᠨ ᠠᠴᠠ ᠨᠠᠰᠢ ᠰᠢᠨ᠎ᠡ ᠪᠠᠷᠭᠤ ᠪᠠᠷᠠᠭᠤᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠤᠭᠤᠯᠤᠯᠲᠠ ᠨᠢ 3.18065 ᠳ᠋ᠦᠩᠰᠢᠭᠤᠷ ᠲᠥᠭᠦᠷᠢᠭ ᠲᠤ ᠬᠦᠷᠪᠡ᠃ ᠠᠮᠢ ᠠᠬᠤᠢ ᠶᠢᠨ ᠣᠷᠴᠢᠨ ᠲᠣᠭᠤᠷᠢᠨ ᠭᠤᠶᠢᠳᠠ ᠰᠠᠶᠢᠬᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠲᠦᠭᠡᠨ ᠪᠠᠶᠢᠭᠤᠯᠵᠤ᠂ ᠲᠥᠷᠥᠯ ᠵᠦᠢᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠥᠷᠭᠡᠨ ᠣᠯᠠᠨ ᠮᠠᠯᠴᠢᠨ ᠲᠦᠮᠡᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠲᠥᠷᠥᠯ ᠵᠦᠢᠯ ᠤᠨ ᠣᠷᠣᠨ ᠤ ᠳᠣᠲᠣᠷ᠎ᠠ ᠮᠠᠯ ᠬᠠᠷᠢᠭᠤᠯᠬᠤ ᠦᠭᠡᠢ᠂ ᠲᠥᠷᠥᠯ ᠵᠦᠢᠯ ᠤᠨ ᠣᠷᠣᠨ ᠤ ᠰᠠᠭᠤᠷᠢ ᠲᠦᠬᠦᠭᠡᠷᠦᠮᠵᠢ ᠶᠢ ᠡᠪᠳᠡᠬᠦ ᠦᠭᠡᠢ ᠪᠠᠶᠢᠬᠤ ᠶᠢ ᠪᠡᠶᠡᠯᠡᠭᠦᠯᠵᠦ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠦᠷ᠎ᠡ ᠪᠦᠲᠦᠭᠡᠯ ᠢ ᠬᠠᠮᠲᠤᠪᠠᠷ ᠬᠠᠮᠠᠭᠠᠯᠠᠬᠤ ᠬᠠᠷᠢᠭᠤᠴᠠᠯᠭ᠎ᠠ ᠲᠠᠢ ᠪᠥᠭᠡᠳ ᠡᠭᠦᠷᠭᠡ ᠲᠠᠢ ᠶᠤᠮ᠃     ᠳᠥᠷᠪᠡ᠂ ᠬᠠᠤᠯᠢ ᠶᠢ ᠵᠥᠷᠢᠴᠡᠭᠰᠡᠨ ᠬᠠᠷᠢᠭᠤᠴᠠᠯᠭ᠎ᠠ     ︵ᠨᠢᠭᠡ︶ ᠨᠠᠭᠤᠷ ᠢ ᠲᠣᠭᠤᠷᠢᠭᠰᠠᠨ ᠡᠯᠡᠰᠦᠷᠬᠡᠭ ᠭᠠᠵᠠᠷ ᠰᠢᠷᠤᠢ ᠶᠢ ᠵᠠᠰᠠᠬᠤ ᠲᠥᠷᠥᠯ ᠵᠦᠢᠯ ᠤᠨ ᠣᠷᠣᠨ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠣᠷᠣᠨ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠤᠨ ᠣᠷᠣᠨ᠂ ᠬᠠᠯᠬᠠᠪᠴᠢ ᠣᠶ ᠶᠢᠨ ᠢᠨᠵᠧᠨᠧᠷᠢᠩ ᠤᠨ ᠬᠥᠮᠥᠨ ᠤ ᠬᠦᠴᠦ ᠪᠠᠷ ᠣᠶᠢᠵᠢᠭᠤᠯᠬᠤ ᠲᠥᠷᠥᠯ ᠵᠦᠢᠯ ᠤᠨ ᠣᠷᠣᠨ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠣᠷᠣᠨ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ ᠣᠷᠣᠨ ᠵᠡᠷᠭᠡ ᠡᠯ᠎ᠡ ᠲᠥᠷᠥᠯ ᠤᠨ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠤ ᠳᠣᠲᠣᠷ᠎ᠠ ᠪᠡᠯᠴᠢᠭᠡᠷᠯᠡᠭᠦᠯᠬᠦ ᠶᠢ ᠴᠠᠭᠠᠵᠠᠯᠠᠨ᠎ᠠ᠃     ︵ᠬᠤᠶᠠᠷ︶ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯᠵᠢᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠤᠷᠭᠤᠮᠠᠯ ᠤᠨ ᠬᠤᠴᠢᠯᠭ᠎ᠠ ᠶᠢ ᠡᠪᠳᠡᠭᠰᠡᠨ ᠪᠠᠶᠢᠪᠠᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠵᠢᠴᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠠᠷᠢᠭᠤᠴᠠᠯᠭ᠎ᠠ ᠲᠠᠢ ᠬᠥᠮᠥᠨ ᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠬᠠᠤᠯᠢ ᠶᠢ ᠵᠥᠷᠢᠴᠡᠨ ᠬᠤᠨᠢ ᠬᠠᠷᠢᠭᠤᠯᠬᠤ ᠨᠢᠭᠡᠴᠡ ᠨᠢᠭᠡᠪᠦᠷᠢ ᠶᠢ 120 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ᠂ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠭᠤᠷᠪᠠ︶ ᠲᠥᠷᠥᠯ ᠵᠦᠢᠯ ᠤᠨ ᠣᠷᠣᠨ ᠤ ᠬᠠᠮᠢᠶᠠᠷᠴᠤ ᠬᠠᠮᠠᠭᠠᠯᠠᠬᠤ ᠫᠠᠶᠢᠰᠠ ᠶᠢ ᠡᠪᠳᠡᠭᠰᠡᠨ᠂ ᠳᠤᠷ᠎ᠠ ᠪᠠᠷ ᠢᠶᠠᠨ ᠰᠢᠯᠵᠢᠭᠦᠯᠦᠭᠰᠡᠨ᠂ ᠬᠦᠷᠢᠶᠡᠯᠡᠵᠦ ᠪᠢᠲᠡᠭᠦᠮᠵᠢᠯᠡᠭᠰᠡᠨ ᠲᠦᠬᠦᠭᠡᠷᠦᠮᠵᠢ ᠶᠢ ᠡᠪᠳᠡᠭᠰᠡᠨ ᠪᠠᠶᠢᠪᠠᠯ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ᠂ ᠣᠶ ᠰᠢᠭᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠢᠨᠠᠯᠲᠠ ᠲᠠᠯᠪᠢᠵᠤ ᠬᠠᠮᠢᠶᠠᠷᠤᠯᠲᠠ ᠬᠢᠬᠦ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠤᠯ ᠤᠨ ᠪᠠᠶᠢᠳᠠᠯ ᠢ ᠨᠢ ᠰᠡᠷᠭᠦᠭᠡᠯᠭᠡᠬᠦ ᠶᠢᠨ ᠬᠠᠮᠲᠤ᠂ ᠪᠣᠳᠠᠲᠠᠢ ᠬᠤᠬᠢᠷᠠᠯ ᠤᠨ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠲᠦᠷᠦᠯ ᠵᠦᠢᠯ ᠤᠨ ᠣᠷᠣᠨ ᠤ ᠬᠠᠮᠢᠶᠠᠷᠴᠤ ᠬᠠᠮᠠᠭᠠᠯᠠᠬᠤ ᠫᠠᠶᠢᠰᠠ᠂ ᠬᠦᠷᠢᠶᠡᠯᠡᠵᠦ ᠪᠢᠲᠡᠭᠦᠮᠵᠢᠯᠡᠭᠰᠡᠨ ᠲᠥᠬᠦᠭᠡᠷᠦᠮᠵᠢ ᠶᠢ ᠬᠤᠯᠠᠭᠠᠶᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ