ᠠᠭᠠᠳᠠᠷ ᠪᠣᠷᠣᠭᠠᠨ ᠲᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠦᠶᠡᠷ ᠤᠰᠤᠳᠤᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2023/8/3
 ᠥᠷᠭᠡᠨ ᠤᠯᠠᠨ ᠰᠠᠭᠤᠭᠠᠯᠢ ᠠᠷᠠᠳ ᠲᠤ᠄      ᠴᠠᠭ ᠠᠭᠤᠷ ᠤᠨ ᠰᠠᠯᠠᠭ᠎ᠠ ᠮᠥᠴᠢᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠠᠭᠠᠷ ᠮᠠᠨᠳᠠᠯ ᠤᠨ ᠨᠥᠯᠥᠭᠡᠯᠡᠯ ᠢᠶᠠᠷ᠂ 8 ᠰᠠᠷ᠎ᠠ ᠶᠢᠨ 2᠎ ᠠᠴᠠ 5᠎ ᠤ ᠡᠳᠦᠷ ᠪᠣᠯᠲᠠᠯ᠎ᠠ ᠮᠠᠨ ᠤ ᠬᠤᠰᠢᠭᠤᠨ ᠳᠤ ᠵᠠᠯᠭᠠᠭ᠎ᠠ ᠪᠠᠷ ᠠᠶᠤᠩᠭᠠᠲᠤ ᠪᠣᠷᠣᠭᠠᠨ᠂ ᠠᠭᠠᠳᠠᠷ ᠪᠣᠷᠣᠭᠠᠨ ᠣᠷᠣᠵᠤ᠂ ᠣᠬᠤᠷᠬᠠᠨ ᠴᠠᠭ ᠤᠨ ᠰᠢᠷᠦᠭᠦᠨ ᠪᠣᠷᠣᠭᠠᠨ᠂ ᠠᠶᠤᠩᠭᠠᠲᠤ ᠪᠣᠷᠣᠭᠠᠨ᠂ ᠮᠥᠨᠳᠥᠷ ᠵᠡᠷᠭᠡ ᠰᠢᠷᠦᠭᠦᠨ ᠰᠣᠯᠢᠭ ᠤᠷᠤᠰᠬᠠᠯᠲᠤ ᠴᠠᠭ ᠠᠭᠤᠷ ᠳᠠᠭᠠᠯᠳᠤᠵᠤ ᠮᠡᠳᠡᠨ᠎ᠡ᠃ ᠵᠢᠱᠢᠯᠲᠡ ᠪᠠᠷ ᠬᠤᠷ᠎ᠠ ᠪᠣᠷᠣᠭᠠᠨ ᠤ ᠬᠡᠮᠵᠢᠶ᠎ᠡ ᠨᠡᠶᠢᠲᠡ 10.0 ~ 50.0 ᠮᠢᠯᠢᠮᠧᠲᠷ ᠪᠠᠶᠢᠵᠤ᠂ ᠬᠡᠰᠡᠭ ᠭᠠᠵᠠᠷ ᠲᠤ ᠨᠡᠯᠢᠶᠡᠳ ᠶᠡᠭᠡ ᠣᠷᠣᠵᠤ᠂ ᠬᠠᠮᠤᠭ ᠤᠨ ᠥᠨᠳᠥᠷ ᠠᠭᠠᠷ ᠤᠨ ᠳᠤᠯᠠᠭᠠᠨ ᠤ ᠳᠣᠷᠣᠭᠰᠢᠯᠠᠬᠤ ᠬᠡᠮᠵᠢᠶ᠎ᠡ ᠨᠢ 10 ~ 12℃᠎ ᠲᠤ ᠬᠦᠷᠬᠦ ᠪᠣᠯᠣᠨ᠎ᠠ︔ 3᠎ ᠤ ᠰᠥᠨᠢ ᠠᠴᠠ 4᠎ ᠤ ᠡᠳᠦᠷ ᠪᠣᠯᠲᠠᠯ᠎ᠠ ᠡᠳᠦᠷ ᠨᠢ ᠵᠡᠭᠦᠨ ᠠᠴᠠ 5 ~ 6 ᠳᠡᠰ ᠤᠨ ᠰᠠᠯᠬᠢ ᠰᠠᠯᠬᠢᠯᠠᠵᠤ᠂ ᠬᠡᠰᠡᠭ ᠲᠡᠭᠡᠨ 6 ᠳᠡᠰ ᠤᠨ ᠰᠠᠯᠬᠢ ᠰᠠᠯᠬᠢᠯᠠᠨ᠎ᠠ᠃ ᠤᠷᠢᠳᠴᠢᠯᠠᠨ ᠰᠡᠷᠭᠡᠶᠢᠯᠡᠬᠦ ᠠᠵᠢᠯ ᠢ ᠪᠦᠲᠦᠮᠵᠢᠲᠡᠶ ᠪᠦᠭᠡᠳ ᠰᠠᠶᠢᠲᠤᠷ ᠬᠢᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠬᠦ ᠶᠢᠨ ᠲᠥᠯᠥᠭᠡ᠂ ᠣᠳᠤ ᠦᠶᠡᠷ ᠤᠰᠤᠳᠤᠯ ᠤᠨ ᠪᠠᠴᠢᠮ ᠪᠠᠶᠢᠳᠠᠯ ᠢ ᠠᠷᠭᠠᠴᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ ᠳᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠦᠶᠡᠷ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠬᠤ ᠬᠡᠷᠡᠭᠲᠡᠢ᠃ ᠥᠷᠭᠡᠨ ᠣᠯᠠᠨ ᠰᠠᠭᠤᠭᠠᠯᠢ ᠠᠷᠠᠳ ᠭᠠᠷ ᠤᠲᠠᠰᠤᠨ ᠤ ᠣᠬᠤᠷ ᠮᠡᠳᠡᠭᠡ᠂ ᠸᠢᠴᠠᠲ᠂ ᠲᠧᠯᠸᠢᠰ᠂ ᠷᠠᠳᠢᠣ᠋ ᠨᠡᠪᠲᠡᠷᠡᠭᠦᠯᠭᠡ ᠵᠡᠷᠭᠡ ᠪᠠᠷ ᠳᠠᠮᠵᠢᠭᠤᠯᠤᠨ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠣᠷᠣᠨ ᠤ ᠦᠶᠡᠷ ᠤᠰᠤᠳᠤᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠨᠡᠶᠢᠲᠡᠯᠡᠭᠰᠡᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠤᠬᠠᠢ ᠮᠡᠳᠡᠭᠳᠡᠯ ᠢ ᠨᠢᠭᠲᠠ ᠠᠩᠬᠠᠷᠴᠤ᠂ ᠭᠠᠳᠠᠭᠰᠢ ᠶᠠᠪᠤᠬᠤ ᠪᠠᠨ ᠵᠦᠢ ᠵᠣᠬᠢᠰᠲᠠᠢ ᠲᠣᠬᠢᠷᠠᠭᠤᠯᠬᠤ ᠶᠢ ᠬᠦᠰᠡᠵᠦ ᠪᠠᠶᠢᠨ᠎ᠠ᠃     ᠬᠤᠶᠠᠷ ᠲᠤ ᠪᠠᠴᠢᠮ ᠪᠠᠶᠢᠳᠠᠯ ᠢ ᠠᠷᠭᠠᠴᠠᠬᠤ ᠲᠦᠭᠰᠢᠭᠦᠷᠢ ᠠᠴᠠ ᠵᠠᠶᠢᠯᠠᠬᠤ ᠤᠬᠠᠮᠰᠠᠷ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠥᠨᠳᠥᠷ ᠳᠡᠭᠡᠷ᠎ᠡ ᠠᠴᠠ ᠤᠨᠠᠭᠰᠠᠨ ᠪᠣᠳᠠᠰ ᠢ ᠠᠩᠬᠠᠷᠴᠤ᠂ ᠵᠠᠷ ᠤᠨ ᠫᠠᠶᠢᠰᠠ᠂ ᠪᠠᠷᠢᠯᠭ᠎ᠠ ᠶᠢᠨ ᠫᠧᠩ ᠰᠠᠷᠠᠪᠴᠢ ᠵᠡᠷᠭᠡ ᠲᠦᠷ ᠴᠠᠭ ᠤᠨ ᠪᠠᠷᠢᠯᠭ᠎ᠠ ᠠᠴᠠ ᠠᠯᠢ ᠴᠢᠳᠠᠬᠤ ᠪᠠᠷ ᠬᠤᠯᠠ ᠵᠠᠶᠢᠳᠠᠭᠤ ᠪᠠᠶᠢᠬᠤ ᠬᠡᠷᠡᠭᠲᠡᠢ᠃ ᠮᠥᠷᠭᠦᠯᠳᠦᠵᠦ ᠰᠢᠷᠬᠠᠲᠤᠬᠤ ᠶᠢ ᠠᠩᠬᠠᠷᠴᠤ᠂ ᠪᠣᠷᠣᠭᠠᠨ ᠤ ᠰᠢᠬᠦᠷ᠂ ᠪᠣᠷᠣᠭᠠᠨ ᠤ ᠴᠤᠪᠠ ᠪᠠᠷ ᠬᠠᠷᠠᠭ᠎ᠠ ᠪᠠᠨ ᠬᠠᠯᠬᠠᠯᠠᠬᠤ ᠠᠴᠠ ᠵᠠᠶᠢᠯᠠᠰᠬᠢᠬᠦ ᠬᠡᠷᠡᠭᠲᠡᠢ᠃ ᠠᠶᠤᠩᠭ᠎ᠠ ᠳᠤ ᠳᠠᠭᠠᠷᠢᠭᠳᠠᠬᠤ ᠶᠢ ᠠᠩᠬᠠᠷᠤᠨ ᠰᠡᠷᠭᠡᠶᠢᠯᠡᠵᠦ᠂ ᠠᠶᠤᠩᠭᠠᠲᠤ ᠪᠣᠷᠣᠭᠠᠨ ᠲᠠᠢ ᠡᠳᠦᠷ ᠲᠣᠬᠢᠶᠠᠯᠳᠤᠪᠠᠯ ᠡᠵᠡᠭᠦᠢ ᠭᠠᠵᠠᠷ᠂ ᠬᠡᠭᠡᠷ᠎ᠡ ᠲᠠᠯ᠎ᠠ᠂ ᠤᠰᠤᠨ ᠴᠥᠭᠦᠷᠥᠮ ᠤᠨ ᠬᠠᠵᠠᠭᠤ ᠪᠠᠷ ᠶᠠᠪᠤᠬᠤ ᠪᠠ ᠭᠡᠷ ᠤᠨ ᠭᠠᠳᠠᠨ᠎ᠠ ᠤᠲᠠᠰᠤ ᠲᠣᠰᠬᠤ ᠠᠴᠠ ᠵᠠᠶᠢᠯᠠᠰᠬᠢᠬᠦ ᠬᠡᠷᠡᠭᠲᠡᠢ᠃ ᠪᠣᠷᠣᠭᠠᠨ ᠣᠷᠣᠬᠤ ᠬᠤᠭᠤᠴᠠᠭᠠᠨ ᠳᠤ ᠴᠢᠬᠤᠯᠠ ᠦᠭᠡᠢ ᠪᠣᠯ ᠭᠠᠳᠠᠭᠰᠢ ᠥᠯᠦ ᠭᠠᠷᠴᠤ᠂ ᠤᠰᠤ ᠬᠤᠷᠠᠭᠰᠠᠨ ᠵᠠᠮ ᠤᠨ ᠬᠡᠰᠡᠭ ᠢ ᠠᠩᠬᠠᠷᠴᠤ᠂ ᠪᠣᠬᠢᠷ ᠤᠰᠤᠨ ᠤ ᠬᠤᠭᠤᠯᠠᠢ᠂ ᠪᠣᠬᠢᠷ ᠪᠣᠳᠠᠰ ᠭᠠᠳᠠᠭᠰᠢᠯᠠᠭᠤᠯᠬᠤ ᠬᠤᠳᠳᠤᠭ ᠵᠡᠷᠭᠡ ᠭᠦᠨ ᠨᠦᠬᠡ ᠶᠢ ᠬᠢᠴᠢᠶᠡᠵᠦ᠂ ᠬᠤᠶᠢᠯᠠᠷᠠᠭ᠎ᠠ ᠲᠠᠢ ᠵᠠᠮ ᠢ ᠲᠣᠭᠤᠷᠢᠨ ᠶᠠᠪᠤᠵᠤ᠂ ᠵᠠᠮ ᠳᠡᠭᠡᠷᠡᠬᠢ ᠰᠡᠷᠡᠮᠵᠢ ᠶᠢᠨ ᠲᠡᠮᠳᠡᠭ ᠢ ᠠᠩᠬᠠᠷᠴᠤ᠂ ᠬᠤᠲᠣᠭᠤᠷ ᠭᠠᠵᠠᠷ ᠲᠤ ᠵᠣᠭᠰᠣᠬᠤ ᠠᠴᠠ ᠵᠠᠶᠢᠯᠠᠰᠬᠢᠬᠦ ᠬᠡᠷᠡᠭᠲᠡᠢ᠃ ᠮᠠᠰᠢᠨ ᠲᠡᠷᠭᠡ ᠲᠠᠢ ᠤᠰᠤ ᠲᠤᠭᠤᠯᠤᠨ ᠶᠠᠪᠤᠬᠤ ᠶᠢ ᠴᠠᠭᠠᠵᠠᠯᠠᠵᠤ᠂ ᠮᠠᠰᠢᠨ ᠲᠡᠷᠭᠡ ᠤᠨᠲᠠᠷᠠᠪᠠᠯ ᠪᠠᠶᠢᠳᠠᠯ ᠢ ᠦᠳᠲᠡᠷ ᠲᠦᠷᠭᠡᠨ ᠮᠠᠭᠠᠳᠯᠠᠵᠤ᠂ ᠴᠠᠭ ᠲᠤᠬᠠᠢ ᠳᠤᠨᠢ ᠠᠶᠤᠯ ᠠᠴᠠ ᠵᠠᠶᠢᠯᠠᠬᠤ ᠬᠡᠷᠡᠭᠲᠡᠢ᠃ ᠠᠪᠤᠷᠠᠨ ᠲᠤᠰᠠᠯᠠᠬᠤ ᠲᠡᠷᠭᠡ ᠬᠥᠰᠬᠡ ᠠᠴᠠ ᠵᠠᠶᠢᠯᠠᠬᠤ ᠶᠢ ᠠᠩᠬᠠᠷᠴᠤ᠂ ᠤᠰᠤ ᠬᠤᠷᠠᠭᠰᠠᠨ ᠠᠴᠠ ᠪᠣᠯᠵᠤ ᠵᠠᠮ ᠬᠠᠷᠢᠯᠴᠠᠭ᠎ᠠ ᠲᠦᠭᠵᠢᠷᠡᠬᠦ ᠦᠶ᠎ᠡ ᠳᠤ᠂ ᠠᠶᠤᠯ ᠠᠴᠠ ᠠᠪᠤᠷᠠᠨ ᠲᠤᠰᠠᠯᠠᠬᠤ ᠲᠡᠷᠭᠡ ᠬᠥᠰᠬᠡ ᠳᠤ ᠰᠠᠨᠠᠭᠠᠴᠢᠯᠠᠭ᠎ᠠ ᠠᠴᠠ ᠪᠠᠨ ᠵᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠵᠠᠮ ᠭᠠᠷᠭᠠᠵᠤ ᠥᠭᠬᠦ ᠬᠡᠷᠡᠭᠲᠡᠢ᠃     ᠭᠤᠷᠪᠠ ᠳᠤ ᠠᠭᠤᠯᠠᠨ ᠦᠶᠡᠷ ᠰᠢᠪᠠᠷ ᠴᠢᠯᠠᠭᠤᠨ ᠤᠷᠤᠰᠬᠠᠯ ᠤᠨ ᠭᠠᠮᠰᠢᠭ ᠢ ᠠᠩᠬᠠᠷᠤᠨ ᠰᠡᠷᠭᠡᠶᠢᠯᠡᠬᠦ ᠬᠡᠷᠡᠭᠲᠡᠢ᠃ ᠠᠶᠠᠨ ᠵᠠᠮ ᠢᠶᠠᠨ ᠵᠦᠢ ᠵᠣᠬᠢᠰᠲᠠᠢ ᠲᠥᠯᠥᠪᠵᠢᠭᠦᠯᠵᠦ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠠᠭᠤᠯᠠᠨ ᠦᠶᠡᠷ ᠭᠠᠵᠠᠷ ᠵᠦᠢ ᠶᠢᠨ ᠭᠠᠢ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ᠂ ᠰᠡᠷᠭᠡᠶᠢᠯᠡᠨ ᠬᠠᠮᠠᠭᠠᠯᠠᠬᠤ ᠪᠡᠯᠡᠳᠬᠡᠯ ᠢ ᠰᠠᠶᠢᠲᠤᠷ ᠬᠢᠵᠦ᠂ ᠠᠭᠤᠯᠠᠨ ᠦᠶᠡᠷ ᠤᠨ ᠭᠤᠤ᠂ ᠠᠭᠤᠯᠠ ᠶᠡᠭᠦᠷᠡᠬᠦ ᠪᠠ ᠰᠢᠪᠠᠷ ᠴᠢᠯᠠᠭᠤᠨ ᠤᠷᠤᠰᠬᠠᠯ ᠠᠮᠠᠷᠬᠠᠨ ᠡᠭᠦᠰᠳᠡᠭ ᠣᠷᠣᠨ ᠠᠴᠠ ᠬᠤᠯᠠ ᠵᠠᠶᠢᠳᠠᠭᠤ ᠪᠠᠶᠢᠬᠤ ᠬᠡᠷᠡᠭᠲᠡᠢ᠃ ᠬᠡᠭᠡᠷ᠎ᠡ ᠭᠠᠳᠠᠨ᠎ᠠ ᠪᠠ ᠠᠭᠤᠯᠠᠷᠬᠠᠭ ᠣᠷᠣᠨ ᠳᠤ ᠠᠭᠠᠳᠠᠷ ᠪᠣᠷᠣᠭᠠᠨ ᠣᠷᠣᠬᠤ ᠦᠶ᠎ᠡ ᠳᠤ᠂ ᠣᠷᠴᠢᠨ ᠲᠣᠭᠤᠷᠢᠨ ᠤ ᠬᠡᠪ ᠤᠨ ᠪᠤᠰᠤ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠠᠭᠤᠯᠠᠨ ᠦᠶᠡᠷ ᠪᠠᠭᠤᠬᠤ᠂ ᠠᠭᠤᠯᠠ ᠶᠡᠭᠦᠷᠡᠬᠦ ᠪᠠ ᠰᠢᠪᠠᠷ ᠴᠢᠯᠠᠭᠤᠨ ᠤᠷᠤᠰᠬᠠᠯ ᠢ ᠳᠡᠭᠡᠳᠦ ᠬᠡᠮᠵᠢᠶ᠎ᠡ ᠪᠠᠷ ᠰᠡᠷᠭᠡᠶᠢᠯᠡᠵᠦ᠂ ᠠᠶᠤᠯ ᠲᠠᠢ ᠣᠷᠣᠨ ᠠᠴᠠ ᠠᠯᠢ ᠲᠦᠷᠭᠡᠨ ᠢᠶᠠᠷ ᠰᠠᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠰᠢᠯᠵᠢᠨ ᠠᠶᠤᠯ ᠠᠴᠠ ᠵᠠᠶᠢᠯᠠᠵᠤ᠂ ᠰᠡᠷᠡᠮᠵᠢᠯᠡᠭᠦᠯᠦᠯ ᠢ ᠣᠯᠣᠭᠰᠠᠨ ᠪᠤᠶᠤ ᠠᠭᠤᠯᠠᠨ ᠦᠶᠡᠷ ᠰᠢᠪᠠᠷ ᠴᠢᠯᠠᠭᠤᠨ ᠤᠷᠤᠰᠬᠠᠯ ᠳᠤ ᠤᠴᠠᠷᠠᠭᠰᠠᠨ ᠦᠶ᠎ᠡ ᠳᠤ᠂ ᠲᠡᠷᠡ ᠳᠠᠷᠤᠢ ᠳᠤᠨᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠰᠠᠨᠠᠭᠤᠯᠤᠮᠵᠢ ᠶᠣᠰᠣᠭᠠᠷ ᠪᠤᠶᠤ ᠭᠤᠤ ᠰᠤᠪᠠᠭ ᠤᠨ ᠬᠤᠶᠠᠷ ᠲᠠᠯ᠎ᠠ ᠶᠢᠨ ᠥᠨᠳᠥᠷ ᠨᠠᠯᠠᠤ ᠲᠡᠰᠢ ᠰᠢᠯᠵᠢᠬᠦ ᠬᠡᠷᠡᠭᠲᠡᠢ᠂ ᠶᠠᠭᠠᠬᠢᠭᠰᠠᠨ ᠴᠤ ᠭᠤᠤ ᠳᠠᠭᠠᠤ ᠭᠦᠶᠦᠬᠦ ᠪᠤᠶᠤ ᠤᠰᠤ ᠭᠡᠲᠦᠯᠦᠨ ᠰᠢᠯᠵᠢᠵᠦ ᠪᠣᠯᠬᠤ ᠦᠭᠡᠢ᠃ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠬᠤ ᠠᠴᠠ ᠡᠮᠦᠨ᠎ᠡ᠂ ᠡᠳ᠋ ᠬᠤᠭᠰᠢᠯ ᠢᠶᠠᠨ ᠦᠯᠥ ᠬᠠᠶᠠᠬᠤ ᠵᠡᠷᠭᠡ ᠰᠢᠯᠲᠠᠭᠠᠨ ᠠᠴᠠ ᠪᠣᠯᠵᠤ ᠳᠤᠷ᠎ᠠ ᠪᠠᠷ ᠢᠶᠠᠨ ᠭᠡᠷ ᠲᠡᠭᠡᠨ ᠬᠠᠷᠢᠵᠤ ᠪᠣᠯᠬᠤ ᠦᠭᠡᠢ᠃ ᠪᠠᠴᠢᠮ ᠪᠠᠶᠢᠳᠠᠯ ᠲᠣᠬᠢᠶᠠᠯᠳᠤᠪᠠᠯ᠂ 110᠂ 119᠂ 120 ᠵᠡᠷᠭᠡ ᠤᠲᠠᠰᠤ ᠪᠠᠷ ᠲᠤᠰᠠᠯᠠᠮᠵᠢ ᠭᠤᠶᠤᠵᠤ᠂ ᠠᠳᠡᠯ ᠬᠡᠷᠡᠭ ᠭᠠᠷᠤᠭᠰᠠᠨ ᠭᠠᠵᠠᠷ᠂ ᠠᠶᠤᠯ ᠲᠦᠭᠰᠢᠭᠦᠷᠢᠲᠦ ᠪᠠᠶᠢᠳᠠᠯ᠂ ᠬᠠᠰᠢᠭᠳᠠᠭᠰᠠᠨ ᠬᠥᠮᠥᠨ ᠤ ᠲᠤᠭ᠎ᠠ ᠵᠡᠷᠭᠡ ᠶᠢ ᠰᠠᠶᠢᠲᠤᠷ ᠲᠣᠳᠣᠷᠬᠠᠶᠢᠯᠠᠵᠤ᠂ ᠤᠯᠠᠨ ᠵᠦᠢᠯ ᠤᠨ ᠠᠷᠭ᠎ᠠ ᠮᠠᠶ᠋ᠢᠭ ᠢᠶᠠᠷ ᠥᠪᠡᠷ ᠢ ᠪᠠᠨ ᠠᠪᠤᠷᠠᠬᠤ ᠪᠠᠷ ᠭᠤᠶᠤᠴᠢᠯᠠᠵᠤ ᠪᠣᠯᠣᠨ᠎ᠠ᠃     ᠳᠥᠷᠪᠡ ᠳᠤ ᠭᠤᠣᠯᠳᠠᠯᠭ᠎ᠠ ᠲᠠᠢ ᠣᠷᠣᠨ ᠪᠦᠰᠡ ᠶᠢᠨ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠢ᠃ ᠬᠡᠷᠪᠡ ᠲᠠ ᠭᠤᠣᠯ ᠨᠠᠭᠤᠷ ᠤᠨ ᠡᠷᠭᠢ ᠳᠠᠭᠠᠤ᠂ ᠨᠤᠷᠠᠬᠤ ᠠᠶᠤᠯ ᠲᠠᠢ ᠬᠠᠭᠤᠴᠢᠨ ᠪᠠᠶᠢᠰᠢᠩ᠂ ᠬᠤᠲᠣᠭᠤᠷ ᠭᠠᠵᠠᠷ᠂ ᠠᠭᠤᠯᠠ ᠪᠠ ᠤᠰᠤ ᠲᠠᠢ ᠣᠶᠢᠷᠠᠬᠠᠨ ᠭᠠᠵᠠᠷ᠂ ᠭᠠᠵᠠᠷ ᠳᠣᠣᠷᠠᠬᠢ ᠲᠠᠯᠠᠪᠤᠷ ᠵᠡᠷᠭᠡ ᠦᠶᠡᠷ ᠤᠰᠤᠲᠤᠯ ᠤᠨ ᠭᠠᠮᠰᠢᠭ ᠤᠨ ᠰᠦᠷᠳᠡᠭᠦᠯᠦᠯ ᠳᠤ ᠠᠮᠠᠷᠬᠠᠨ ᠤᠴᠠᠷᠠᠬᠤ ᠣᠷᠣᠨ ᠪᠦᠰᠡ ᠳᠤ ᠰᠠᠭᠤᠬᠤ ᠪᠤᠶᠤ ᠠᠵᠢᠯᠯᠠᠵᠤ ᠪᠠᠶᠢᠪᠠᠯ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠪᠣᠷᠣᠭᠠᠨ ᠤ ᠪᠠᠶᠢᠳᠠᠯ᠂ ᠭᠤᠣᠯ ᠨᠠᠭᠤᠷ ᠤᠨ ᠤᠰᠤᠨ ᠲᠦᠪᠰᠢᠨ ᠤ ᠬᠤᠪᠢᠷᠠᠯᠲᠠ ᠶᠢᠨ ᠮᠡᠳᠡᠭᠡ ᠵᠠᠩᠭᠢ ᠵᠢᠴᠢ ᠴᠠᠭ ᠠᠭᠤᠷ ᠤᠨ ᠭᠠᠮᠰᠢᠭ᠂ ᠦᠶᠡᠷ ᠤᠰᠤᠲᠤᠯ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ ᠴᠠᠭ ᠲᠤᠬᠠᠢ ᠳᠤᠨᠢ ᠠᠩᠬᠠᠷᠴᠤ᠂ ᠤᠷᠢᠳᠴᠢᠯᠠᠨ ᠰᠡᠷᠭᠡᠶᠢᠯᠡᠵᠦ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠤᠰᠤᠲᠤᠯ ᠤᠨ ᠰᠡᠷᠭᠡᠶᠢᠯᠡᠯᠲᠡ ᠶᠢ ᠰᠠᠶᠢᠲᠤᠷ ᠬᠢᠵᠦ᠂ ᠬᠤᠲᠣᠭᠤᠷ ᠭᠠᠵᠠᠷ ᠤᠨ ᠰᠠᠭᠤᠭᠠᠯᠢ ᠠᠷᠠᠳ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠭᠦᠳᠡᠨ ᠳᠤ ᠪᠠᠨ ᠤᠰᠤ ᠬᠠᠯᠬᠠᠯᠠᠬᠤ ᠬᠠᠪᠲᠠᠰᠤ ᠲᠠᠯᠪᠢᠬᠤ᠂ ᠡᠯᠡᠰᠦ ᠲᠠᠢ ᠤᠭᠤᠲᠠ ᠣᠪᠣᠭᠠᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠪᠣᠷᠣᠭᠠᠨ ᠣᠷᠣᠪᠠᠯ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠳᠤ ᠰᠠᠭᠤᠵᠤ ᠪᠣᠯᠬᠤ ᠦᠭᠡᠢ᠃ ᠭᠤᠣᠯ ᠤᠨ ᠤᠰᠤᠨ ᠤ ᠬᠤᠪᠢᠷᠠᠯᠲᠠ ᠶᠢ ᠨᠢᠭᠲᠠ ᠠᠩᠬᠠᠷᠴᠤ᠂ ᠭᠤᠣᠯ ᠨᠠᠭᠤᠷ ᠤᠨ ᠤᠰᠤ ᠳᠡᠭᠡᠭᠰᠢᠯᠡᠵᠦ ᠪᠠᠶᠢᠭ᠎ᠠ ᠬᠤᠭᠤᠴᠠᠭᠠᠨ ᠳᠤ ᠭᠤᠣᠯ ᠤᠨ ᠵᠠᠮ ᠳᠣᠲᠣᠷ᠎ᠠ ᠮᠠᠯ ᠬᠠᠷᠢᠭᠤᠯᠬᠤ᠂ ᠵᠢᠭᠠᠰᠤ ᠠᠩᠨᠠᠬᠤ᠂ ᠲᠠᠷᠢᠶ᠎ᠠ ᠲᠠᠷᠢᠬᠤ ᠵᠡᠷᠭᠡ ᠡᠯ᠎ᠡ ᠵᠦᠢᠯ ᠤᠨ ᠠᠵᠢᠯᠯᠠᠭ᠎ᠠ ᠬᠢᠵᠦ ᠪᠣᠯᠬᠤ ᠦᠭᠡᠢ᠂ ᠨᠡᠩ ᠴᠤ ᠤᠰᠤᠨ ᠳᠤ ᠣᠷᠣᠵᠤ ᠤᠮᠪᠠᠵᠤ ᠪᠣᠯᠬᠤ ᠦᠭᠡᠢ᠂ ᠠᠯᠢ ᠴᠢᠳᠠᠬᠤ ᠪᠠᠷ ᠭᠤᠣᠯ ᠤᠨ ᠬᠥᠪᠡᠭᠡ᠂ ᠭᠤᠤ ᠰᠤᠪᠠᠭ ᠤᠨ ᠣᠷᠣᠨ ᠳᠤ ᠠᠵᠢᠯᠯᠠᠭ᠎ᠠ ᠬᠢᠬᠦ ᠦᠭᠡᠢ ᠪᠠᠶᠢᠬᠤ ᠬᠡᠷᠡᠭᠲᠡᠢ᠃     ᠲᠠᠪᠤ ᠳᠤ ᠦᠶᠡᠷ ᠢ ᠰᠡᠷᠭᠡᠶᠢᠯᠡᠵᠦ ᠠᠶᠤᠯ ᠠᠴᠠ ᠵᠠᠶᠢᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠬᠤᠰᠢᠭᠤᠨ ᠤ ᠬᠡᠪᠴᠢᠶᠡᠨ ᠳᠠᠬᠢ ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ᠂ ᠦᠢᠯᠡᠳᠪᠦᠷᠢᠯᠡᠯ ᠤᠨ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ᠂ ᠦᠶᠡᠷ ᠤᠨ ᠪᠠᠶᠢᠳᠠᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠪᠠᠷᠢᠯᠭ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠲᠥᠷ ᠵᠣᠭᠰᠣᠭᠠᠵᠤ᠂ ᠡᠯ᠎ᠡ ᠨᠢᠭᠡᠴᠡ᠂ ᠣᠷᠣᠨ ᠰᠠᠭᠤᠴᠠ ᠶᠢᠨ ᠲᠣᠭᠤᠷᠢᠭ ᠤᠨ ᠭᠠᠵᠠᠷ ᠳᠣᠣᠷᠠᠬᠢ ᠲᠡᠷᠭᠡᠨ ᠬᠥᠮᠥᠷᠭᠡ ᠶᠢᠨ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠭᠠᠵᠠᠷ ᠳᠣᠣᠷᠠᠬᠢ ᠲᠡᠷᠭᠡᠨ ᠬᠥᠮᠥᠷᠭᠡ ᠶᠢᠨ ᠳᠣᠲᠣᠷ᠎ᠠ ᠬᠥᠮᠥᠨ ᠬᠠᠰᠢᠭᠳᠠᠬᠤ ᠠᠴᠠ ᠬᠢᠴᠢᠶᠡᠬᠦ ᠬᠡᠷᠡᠭᠲᠡᠢ᠂ ᠭᠠᠵᠠᠷ ᠳᠣᠣᠷᠠᠬᠢ ᠲᠡᠷᠭᠡᠨ ᠬᠥᠮᠥᠷᠭᠡ ᠶᠢᠨ ᠳᠣᠲᠣᠷᠠᠬᠢ ᠲᠡᠷᠭᠡ ᠬᠥᠰᠬᠡ᠂ ᠦᠨ᠎ᠡ ᠪᠡᠨ᠎ᠡ ᠲᠠᠢ ᠡᠳ᠋ ᠪᠠᠷᠠᠭ᠎ᠠ ᠶᠢ ᠠᠶᠤᠯ ᠦᠭᠡᠢ ᠣᠷᠣᠨ ᠳᠤ ᠰᠢᠯᠵᠢᠭᠦᠯᠵᠦ᠂ ᠭᠠᠵᠠᠷ ᠳᠡᠭᠡᠷ᠎ᠡ ᠲᠠᠯᠪᠢᠵᠤ ᠪᠠᠶᠢᠭ᠎ᠠ ᠲᠡᠷᠭᠡ ᠬᠥᠰᠬᠡ ᠶᠢ ᠭᠠᠵᠠᠷ ᠤᠨ ᠪᠠᠶᠢᠴᠠ ᠨᠡᠯᠢᠶᠡᠳ ᠥᠨᠳᠥᠷ ᠠᠶᠤᠯ ᠦᠭᠡᠢ ᠭᠠᠵᠠᠷ ᠲᠤ ᠰᠢᠯᠵᠢᠭᠦᠯᠬᠦ ᠬᠡᠷᠡᠭᠲᠡᠢ᠃ ᠥᠷᠭᠡᠨ ᠤᠯᠠᠨ ᠠᠷᠠᠳ ᠲᠦᠮᠡᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢᠶᠠᠨ ᠴᠢᠩᠭᠠᠳᠬᠠᠵᠤ᠂ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠬᠡᠷᠪᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠠᠭᠤᠯᠭᠠᠭᠰᠠᠨ ᠰᠢᠯᠵᠢᠭᠦᠯᠬᠦ ᠮᠡᠳᠡᠭᠳᠡᠯ ᠢ ᠣᠯᠪᠠᠯ᠂ ᠲᠠ ᠬᠠᠮᠢᠭ᠎ᠠ ᠪᠠᠶᠢᠭᠰᠠᠨ ᠴᠤ ᠬᠠᠮᠢᠶ᠎ᠠ ᠦᠭᠡᠢ᠂ ᠡᠷᠬᠡᠪᠰᠢ ᠵᠠᠷᠯᠢᠭ ᠪᠠ ᠵᠢᠯᠣᠭᠤᠳᠤᠯᠭ᠎ᠠ ᠶᠢ ᠳᠠᠭᠠᠵᠤ᠂ ᠴᠠᠭ ᠲᠤᠬᠠᠢ ᠳᠤᠨᠢ᠂ ᠡᠮᠬᠢ ᠵᠢᠷᠤᠮ ᠲᠠᠢ ᠪᠠᠷ ᠵᠠᠶᠢᠯᠠᠬᠤ ᠬᠡᠷᠡᠭᠲᠡᠢ᠂ ᠠᠶᠤᠯ ᠲᠦᠭᠰᠢᠭᠦᠷᠢ ᠶᠢ ᠠᠷᠢᠯᠭᠠᠭᠠᠳᠤᠢ ᠦᠶ᠎ᠡ ᠳᠤ᠂ ᠤᠤᠯ ᠤᠨ ᠠᠶᠤᠯᠲᠠᠢ ᠣᠷᠣᠨ ᠰᠠᠭᠤᠴᠠ ᠳᠠᠭᠠᠨ ᠶᠠᠭᠠᠬᠢᠭᠰᠠᠨ ᠴᠤ ᠪᠤᠴᠠᠵᠤ ᠪᠣᠯᠬᠤ ᠦᠭᠡᠢ᠂ ᠥᠪᠡᠷ ᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ︽ᠦᠶᠡᠷ ᠤᠰᠤᠳᠤᠯ ᠢ ᠠᠮᠤᠷ ᠲᠦᠪᠰᠢᠨ ᠢᠶᠠᠷ ᠥᠩᠭᠡᠷᠡᠭᠦᠯᠬᠦ ᠳᠤ ᠪᠢᠳᠡ ᠪᠦᠭᠦᠳᠡᠭᠡᠷ ᠣᠷᠤᠯᠴᠠᠶ᠎ᠠ︾᠂ ᠲᠠᠨ ᠤ ᠳᠡᠮᠵᠢᠯᠭᠡ ᠪᠠ ᠣᠶᠢᠯᠠᠭᠠᠯᠲᠠ ᠳᠤ ᠲᠠᠯᠠᠷᠬᠠᠵᠤ ᠪᠠᠶᠢᠨ᠎ᠠ︕         ᠰᠢᠨ᠎ᠡ ᠪᠠᠷᠭᠤ ᠪᠠᠷᠠᠭᠤᠨ ᠬᠤᠰᠢᠭᠤᠨ ᠤ ᠦᠶᠡᠷ ᠤᠰᠤᠳᠤᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠯᠪᠠᠨ ᠭᠡᠷ                                        2023 ᠣᠨ ᠤ 8 ᠰᠠᠷ᠎ᠠ ᠶᠢᠨ 3᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ