ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠳᠤᠯᠠᠩ ᠤᠨ ᠠᠵᠢᠯ ᠡᠬᠢᠯᠡᠯ᠎ᠡ
ᠨᠡᠶᠢᠲᠡᠯᠡᠭᠰᠡᠨ ᠴᠠᠭ᠄
2023/8/30
      8 ᠰᠠᠷ᠎ᠠ ᠶᠢᠨ ᠰᠡᠭᠦᠯᠴᠢ ᠪᠣᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠳᠤᠯᠠᠩ ᠤᠨ ᠤᠯᠠᠷᠢᠯ ᠬᠦᠷᠴᠦ ᠢᠷᠡᠯ᠎ᠡ᠃ ᠮᠠᠯᠴᠢᠳ ᠤᠨ ᠬᠠᠳᠤᠯᠠᠩ ᠤᠨ ᠨᠤᠲᠤᠭ ᠲᠤ ᠮᠠᠰᠢᠨ ᠲᠷᠠᠺᠲ᠋ᠣᠷ ᠲᠦᠷᠴᠢᠭᠢᠨᠡᠨ᠂ ᠮᠠᠯᠴᠢᠳ ᠦᠷᠡᠯᠦᠭᠡ ᠦᠳᠡᠰᠢ ᠲᠠᠢ ᠤᠷᠤᠯᠳᠤᠨ ᠡᠪᠡᠰᠦ ᠪᠣᠷᠳᠤᠭ᠎ᠠ ᠪᠠᠨ ᠱᠠᠯᠠᠪᠳᠠᠨ ᠬᠠᠳᠤᠵᠤ ᠨᠦᠬᠡᠴᠡᠯᠡᠨ᠂ ᠮᠠᠯ ᠰᠦᠷᠦᠭ ᠤᠨ ᠮᠡᠨᠳᠦ ᠡᠪᠦᠯᠵᠢᠵᠦ ᠬᠠᠪᠤᠷᠵᠢᠬᠤ ᠳᠤ ᠭᠦᠢᠴᠡᠳ ᠪᠡᠯᠡᠳᠬᠡᠯ ᠬᠢᠵᠦ ᠶᠠᠭᠠᠷᠠᠯᠳᠤᠨ᠂ ᠬᠦᠳᠡᠭᠡ ᠨᠤᠲᠤᠭ ᠲᠤ ᠬᠦᠳᠡᠯᠮᠦᠷᠢ ᠶᠢᠨ ᠡᠷᠴᠢ ᠪᠠᠳᠠᠷᠠᠨ᠎ᠠ᠃
8.30.jpg
      ᠨᠠᠯᠠᠭᠠᠷ ᠨᠠᠮᠤᠷ ᠬᠠᠳᠤᠯᠠᠩ ᠲᠠᠷᠢᠶ᠎ᠠ ᠬᠠᠯᠢᠭᠤᠷᠠᠵᠤ᠂ ᠦᠨᠢᠷ ᠰᠦᠷᠦᠭ ᠨᠡᠯᠡᠶᠢᠨ ᠡᠯᠪᠡᠭ ᠬᠤᠷᠢᠶᠠᠯᠲᠠ ᠶᠢ ᠪᠡᠯᠭᠡᠳᠡᠨ᠎ᠡ᠃ ᠪᠣᠭᠳᠠᠠᠭᠤᠯᠠ ᠰᠤᠮᠤ ᠶᠢᠨ ᠬᠦᠯᠦᠨ ᠭᠠᠴᠠᠭᠠᠨ ᠤ ᠮᠠᠯᠴᠢᠨ ᠲᠦᠪᠰᠢᠨ ᠤ ᠨᠤᠲᠤᠭ ᠲᠤ ᠡᠪᠡᠰᠦ ᠬᠠᠳᠤᠬᠤ ᠮᠠᠰᠢᠨ᠂ ᠡᠪᠡᠰᠦ ᠬᠠᠮᠤᠬᠤ ᠮᠠᠰᠢᠨ ᠵᠡᠷᠭᠡ ᠡᠯ᠎ᠡ ᠵᠦᠢᠯ ᠤᠨ ᠮᠠᠰᠢᠨ ᠲᠦᠬᠦᠭᠡᠷᠦᠮᠵᠢ ᠡᠭᠡᠯᠵᠢᠯᠡᠨ ᠠᠵᠢᠯᠯᠠᠵᠤ᠂ ᠬᠠᠳᠤᠵᠤ ᠬᠤᠷᠢᠶᠠᠭᠰᠠᠨ ᠡᠪᠡᠰᠦ ᠪᠠᠨ ᠳᠡᠯᠭᠡᠨ ᠬᠠᠲᠠᠭᠠᠵᠤ ᠪᠣᠭᠤᠳᠠᠯᠯᠠᠬᠤ ᠪᠠᠷ ᠬᠦᠯᠢᠶᠡᠨ᠂ ᠤᠤᠯ ᠤᠨ ᠨᠠᠮ ᠵᠢᠮ ᠲᠠᠯ᠎ᠠ ᠨᠤᠲᠤᠭ ᠲᠤ ᠬᠦᠷ ᠬᠦᠭᠵᠢᠶᠡᠨ ᠢᠶᠠᠷ ᠪᠢᠯᠬᠠᠨ᠎ᠠ᠃      ᠪᠣᠭᠳᠠᠠᠭᠤᠯᠠ ᠰᠤᠮᠤ ᠶᠢᠨ ᠬᠦᠯᠦᠨ ᠭᠠᠴᠠᠭᠠᠨ ᠤ ᠮᠠᠯᠴᠢᠨ ᠲᠦᠪᠰᠢᠨ᠄ ︽ᠮᠠᠨᠠᠶᠢᠬᠢ 5000 ᠮᠤ᠋ ᠨᠤᠲᠤᠭ ᠲᠠᠢ᠂ 3000 ᠮᠤ᠋ ᠨᠤᠲᠤᠭ ᠢᠶᠠᠨ ᠬᠠᠳᠤᠯᠠᠩ ᠪᠣᠯᠭᠠᠵᠤ᠂ ᠥᠨᠥ ᠡᠪᠦᠯ ᠢᠷᠡᠬᠦ ᠬᠠᠪᠤᠷ ᠤᠨ ᠮᠠᠯ ᠰᠦᠷᠦᠭ ᠤᠨ ᠡᠪᠡᠰᠦ ᠪᠣᠷᠳᠤᠭ᠎ᠠ ᠪᠠᠨ ᠬᠦᠷᠦᠯᠴᠡᠬᠦᠶᠢᠴᠡ ᠨᠦᠬᠡᠴᠡᠯᠡᠬᠦ ᠪᠠᠷ ᠪᠤᠢ︾ ᠭᠡᠵᠦ ᠪᠠᠶᠠᠷ ᠲᠠᠢ ᠶᠠᠷᠢᠨ᠎ᠠ᠃      ᠰᠢᠨ᠎ᠡ ᠪᠠᠷᠭᠤ ᠪᠠᠷᠠᠭᠤᠨ ᠬᠤᠰᠢᠭᠤᠨ ᠳᠤ 3418 ᠲᠦᠮᠡᠨ ᠮᠤ᠋ ᠪᠠᠶᠢᠭᠠᠯᠢᠯᠢᠭ ᠪᠡᠯᠴᠢᠭᠡᠷ ᠲᠠᠢ᠂ ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠪᠠᠶᠢᠭᠠᠯᠢᠯᠢᠭ ᠬᠠᠳᠤᠯᠠᠩ ᠪᠡᠯᠴᠢᠭᠡᠷ ᠢ ᠬᠠᠮᠠᠭᠠᠯᠠᠨ ᠠᠰᠢᠭᠯᠠᠬᠤ ᠠᠵᠢᠯ ᠢ ᠴᠢᠩᠭᠠᠳᠬᠠᠨ᠂ ᠬᠠᠳᠤᠯᠠᠩ ᠪᠡᠯᠴᠢᠭᠡᠷ ᠤᠨ ᠳᠠᠷᠤᠭᠠᠰᠤ ᠶᠢ ᠬᠦᠩᠭᠡᠷᠡᠭᠦᠯᠦᠭᠰᠡᠨ ᠠᠴᠠ ᠨᠤᠲᠤᠭ ᠪᠡᠯᠴᠢᠭᠡᠷ ᠤᠨ ᠠᠮᠢ ᠠᠬᠤᠢ ᠲᠠᠰᠤᠷᠠᠯᠲᠠ ᠦᠭᠡᠢ ᠰᠠᠶᠢᠵᠢᠷᠠᠨ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ᠂ ᠡᠪᠡᠰᠦ ᠪᠡᠯᠴᠢᠭᠡᠷ ᠤᠨ ᠤᠷᠭᠤᠴᠠ ᠶᠢᠨ ᠬᠡᠮᠵᠢᠶ᠎ᠡ᠂ ᠡᠪᠡᠰᠦᠨ ᠤ ᠭᠠᠷᠤᠯᠲᠠ ᠴᠦᠮ ᠶᠡᠭᠡ ᠪᠠᠷ ᠳᠡᠭᠡᠭᠰᠢᠯᠡᠭᠰᠡᠨ ᠪᠠᠶᠢᠨ᠎ᠠ᠃ ᠡᠭᠦᠨ ᠤ ᠬᠠᠮᠲᠤ ᠮᠠᠯᠴᠢᠳ ᠤᠨ ᠪᠠᠶᠢᠭᠠᠯᠢᠯᠢᠭ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠬᠠᠮᠰᠠᠷ ᠴᠦ ᠵᠢᠯ ᠠᠴᠠ ᠵᠢᠯ ᠳᠡᠭᠡᠭᠰᠢᠯᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠬᠠᠳᠤᠯᠠᠩ ᠪᠡᠯᠴᠢᠭᠡᠷ ᠢ ᠲᠣᠭᠤᠷᠢᠭ ᠬᠤᠪᠢᠶᠠᠨ ᠡᠭᠡᠯᠵᠢᠯᠡᠨ ᠬᠠᠳᠤᠬᠤ ᠵᠡᠷᠭᠡ ᠳᠦᠷᠢᠮ ᠢ ᠤᠬᠠᠮᠰᠠᠷ ᠠᠴᠠ ᠪᠠᠨ ᠬᠡᠷᠡᠭᠵᠢᠭᠦᠯᠵᠦ᠂ ᠪᠠᠶᠢᠭᠠᠯᠢᠯᠢᠭ ᠬᠠᠳᠤᠯᠠᠩ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠠᠰᠢᠭᠯᠠᠨ᠂ ᠪᠠᠶᠢᠭᠠᠯᠢᠯᠢᠭ ᠬᠠᠳᠤᠯᠠᠩ ᠪᠡᠯᠴᠢᠭᠡᠷ ᠢ ᠦᠷᠬᠦᠯᠵᠢᠯᠡᠨ ᠰᠠᠶᠢᠲᠤᠷ ᠠᠰᠢᠭᠯᠠᠬᠤ ᠶᠢ ᠪᠡᠶᠡᠯᠡᠭᠦᠯᠵᠡᠢ᠃      ᠣᠶᠢᠯᠠᠭᠠᠭᠰᠠᠨ ᠢᠶᠠᠷ᠂ 8 ᠰᠠᠷ᠎ᠠ ᠶᠢᠨ 25 ᠤ ᠡᠳᠦᠷ ᠠᠴᠠ ᠡᠬᠢᠯᠡᠨ᠂ ᠰᠢᠨ᠎ᠡ ᠪᠠᠷᠭᠤ ᠪᠠᠷᠠᠭᠤᠨ ᠬᠤᠰᠢᠭᠤ ᠵᠢᠩᠬᠢᠨᠢ ᠪᠠᠷ ᠬᠠᠳᠤᠯᠠᠩ ᠤᠨ ᠬᠤᠭᠤᠴᠠᠭᠠᠨ ᠳᠤ ᠣᠷᠤᠵᠤ᠂ ᠵᠢᠱᠢᠯᠲᠡ ᠪᠠᠷ 9 ᠰᠠᠷ᠎ᠠ ᠶᠢᠨ 30 ᠤ ᠡᠳᠦᠷ ᠠᠴᠠ ᠡᠮᠦᠨ᠎ᠡ ᠬᠠᠳᠤᠵᠤ ᠬᠤᠷᠢᠶᠠᠵᠤ ᠳᠠᠭᠤᠰᠬᠠᠬᠤ ᠪᠣᠯᠣᠨ᠎ᠠ᠃                                       ᠰᠤᠷᠪᠤᠯᠵᠢᠯᠠᠭᠴᠢ᠄ ᠤᠶᠠᠬᠠᠨ  ᠵᠢᠶᠣᠤ ᠵᠢᠶᠣᠤ  ᠢᠦᠢ ᠭᠤᠸᠠᠩ
ᠢᠷᠡᠯᠲᠡ᠄ ᠬᠦᠯᠦᠨ ᠪᠤᠶᠢᠷ ᠤᠨ ᠡᠳᠦᠷ ᠤᠨ ᠰᠣᠨᠢᠨ