ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2023/8/31
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ       ᠥᠪᠥᠷ ᠵᠠᠰᠠᠭ ᠲᠠᠷᠬᠠᠭᠠᠭᠰᠠᠨ ﹇2023﹈ 7 ᠳ᠋ᠤᠭᠠᠷ ᠲᠣᠭᠠᠲᠤ       ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄       ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ︵ᠳᠣᠷᠣᠭᠰᠢ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠭᠡᠵᠦ ᠲᠣᠪᠴᠢᠯᠠᠨ᠎ᠠ︶᠎ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠠᠬᠢ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠰᠠᠨᠠᠯ ᠢ ᠳᠤᠷᠠᠳᠪᠠ᠃       ᠨᠢᠭᠡ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠶᠢ ᠨᠡᠶᠢᠲᠡᠯᠡᠨ ᠬᠡᠷᠡᠭᠵᠢᠭᠦᠯᠦᠭᠰᠡᠨ ᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ       ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠲᠥᠪ ᠭᠤᠣᠯᠴᠢ ᠪᠠᠷ ᠬᠠᠤᠯᠢ ᠪᠠᠷᠢᠬᠤ ᠪᠣᠯ ᠨᠡᠶᠢᠭᠡᠮ ᠤᠨ ᠠᠳᠠᠯᠢ ᠲᠡᠭᠰᠢ ᠰᠢᠳᠤᠷᠭᠤ ᠶᠣᠰᠣ ᠶᠢ ᠰᠠᠬᠢᠨ ᠬᠠᠮᠠᠭᠠᠯᠠᠬᠤ ᠶᠢᠨ ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ᠃ ᠬᠠᠤᠯᠢ ᠪᠠᠷᠢᠬᠤ ᠪᠠᠶᠢᠭᠤᠯᠤᠯ ᠤᠨ ᠶᠡᠷᠦᠩᠬᠡᠶᠢᠯᠡᠭᠰᠡᠨ ᠲᠥᠬᠦᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠤᠨ᠂ ᠲᠥᠪ ᠭᠤᠣᠯᠴᠢ ᠥᠨᠳᠥᠷ ᠪᠦᠲᠦᠮᠵᠢᠲᠡᠢ ᠪᠥᠭᠡᠳ ᠡᠷᠬᠡ ᠰᠦᠷᠲᠡᠢ ᠨᠡᠶᠢᠭᠡᠮ ᠵᠢᠷᠤᠮ ᠤᠨ ᠬᠠᠤᠯᠢ ᠪᠠᠷᠢᠬᠤ ᠳᠦᠷᠢᠮ ᠢ ᠲᠦᠷᠭᠡᠳᠬᠡᠨ ᠪᠠᠶᠢᠭᠤᠯᠵᠤ᠂ ᠬᠠᠤᠯᠢ ᠴᠠᠭᠠᠵᠠ ᠶᠢᠨ ᠬᠡᠷᠡᠭ ᠨᠢᠭᠡ ᠪᠦᠷᠢ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠭᠰᠠᠨ ᠲᠥᠷᠥᠭᠳᠡᠯ ᠣᠯᠭᠤᠬᠤ ᠪᠠᠷ ᠴᠢᠷᠮᠠᠶᠢᠨ᠎ᠠ︾ ᠭᠡᠵᠦ ᠵᠢᠭᠠᠵᠤ ᠭᠠᠷᠭᠠᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷᠢᠬᠤ ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠪᠠ ᠤᠯᠤᠰ ᠤᠨ ᠬᠠᠤᠯᠢᠵᠢᠯ ᠤᠨ ᠪᠣᠯᠪᠠᠰᠤᠨ ᠤ ᠬᠡᠮᠵᠢᠶ᠎ᠡ ᠶᠢ ᠬᠠᠷᠠᠭᠤᠯᠬᠤ ᠶᠢᠨ ᠴᠢᠬᠤᠯᠠ ᠪᠡᠯᠭᠡ ᠲᠡᠮᠳᠡᠭ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠶᠢᠨ ᠬᠠᠤᠯᠢ ᠲᠣᠭᠲᠠᠭᠠᠭᠰᠠᠨ ᠵᠣᠷᠢᠭ ᠰᠠᠨᠠᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠰᠤᠷᠤᠯᠴᠠᠨ ᠣᠶᠢᠯᠠᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠷᠢᠭᠤᠴᠠᠯᠭ᠎ᠠ ᠶᠢ ᠦᠨᠡᠨ ᠬᠦ ᠳᠠᠭᠠᠭᠠᠨ ᠡᠭᠦᠷᠭᠡᠯᠡᠵᠦ᠂ ᠬᠥᠮᠥᠨ ᠤ ᠡᠷᠬᠡ ᠶᠢ ᠬᠠᠤᠯᠢ ᠪᠠᠷᠢᠬᠤ ᠪᠠᠷ ᠪᠠᠲᠤᠯᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠲᠠᠯ᠎ᠠ ᠳᠠᠬᠢ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃       ᠬᠤᠶᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶ᠎ᠡ ᠪᠠ ᠨᠥᠬᠦᠪᠦᠷᠢ ᠶᠢᠨ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠢ       ︵ᠨᠢᠭᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶ᠎ᠡ᠃ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠶᠢᠨ ᠲᠣᠭᠲᠠᠭᠠᠯ ᠢ ᠦᠨᠳᠦᠰᠦᠯᠡᠪᠡᠯ᠂ ᠳᠣᠣᠷ᠎ᠠ ᠵᠢᠭᠰᠠᠭᠠᠭᠰᠠᠨ ᠵᠦᠢᠯᠡᠰ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶᠡᠨ ᠳᠤ ᠪᠠᠭᠲᠠᠨ᠎ᠠ᠄       1. ᠡᠷᠡᠭᠦᠦ ᠶᠢᠨ ᠬᠡᠷᠡᠭ᠄       ︵1︶ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠤᠨ ᠰᠡᠵᠢᠭᠲᠡᠨ᠂ ᠵᠠᠭᠠᠯᠳᠤᠭᠳᠠᠭᠴᠢ ᠨᠢ ᠠᠵᠤ ᠠᠬᠤᠢ ᠶᠢᠨ ᠬᠦᠴᠢᠷᠳᠡᠯ ᠪᠤᠶᠤ ᠪᠤᠰᠤᠳ ᠰᠢᠯᠲᠠᠭᠠᠨ ᠠᠴᠠ ᠪᠣᠯᠵᠤ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠲᠤᠰ ᠬᠥᠮᠥᠨ ᠵᠢᠴᠢ ᠲᠡᠭᠦᠨ ᠤ ᠣᠶᠢᠷ᠎ᠠ ᠲᠦᠷᠦᠯ ᠰᠠᠳᠤᠨ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ︔       ︵2︶ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠤᠨ ᠰᠡᠵᠢᠭᠲᠡᠨ᠂ ᠵᠠᠭᠠᠯᠳᠤᠭᠳᠠᠭᠴᠢ ᠨᠢ ᠨᠠᠰᠤᠨ ᠳᠤ ᠦᠯᠦ ᠬᠦᠷᠦᠭᠰᠡᠳ᠂ ᠬᠠᠷᠠᠭ᠎ᠠ᠂ ᠰᠣᠨᠣᠷ᠂ ᠦᠭᠡ ᠶᠠᠷᠢᠶᠠᠨ ᠤ ᠰᠠᠭᠠᠲᠠᠯ ᠲᠠᠢ ᠵᠡᠮᠳᠡᠭ ᠬᠥᠮᠥᠨ᠂ ᠥᠪᠡᠷ ᠤᠨ ᠠᠵᠢᠯᠯᠠᠭ᠎ᠠ ᠪᠠᠨ ᠪᠦᠷᠢᠮᠦᠰᠦᠨ ᠢᠯᠭᠠᠨ ᠲᠠᠨᠢᠵᠤ ᠴᠢᠳᠠᠬᠤ ᠦᠭᠡᠢ ᠨᠠᠰᠤᠨ ᠳᠤ ᠭᠦᠷᠦᠭᠰᠡᠳ᠂ ᠬᠤᠭᠤᠴᠠᠭ᠎ᠠ ᠦᠭᠡᠢ ᠬᠤᠷᠢᠬᠤ ᠡᠷᠡᠭᠦᠦ᠂ ᠠᠯᠠᠬᠤ ᠡᠷᠡᠭᠦᠦ ᠪᠠᠷ ᠰᠢᠢᠳᠬᠡᠭᠳᠡᠵᠦ ᠮᠡᠳᠡᠬᠦ ᠬᠥᠮᠥᠨ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠠᠯᠠᠬᠤ ᠡᠷᠡᠭᠦᠦ ᠶᠢ ᠳᠠᠬᠢᠨ ᠬᠢᠨᠠᠬᠤ ᠬᠡᠷᠡᠭ ᠤᠨ ᠵᠠᠭᠠᠯᠳᠤᠭᠳᠠᠭᠴᠢ᠂ ᠰᠠᠭᠠᠲᠠᠯ ᠲᠠᠢ ᠰᠢᠭᠦᠨ ᠲᠠᠰᠤᠯᠤᠯᠲᠠ ᠶᠢᠨ ᠬᠡᠷᠡᠭ ᠤᠨ ᠵᠠᠭᠠᠯᠳᠤᠭᠳᠠᠭᠴᠢ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠥᠮᠥᠨ ᠪᠠᠶᠢᠭ᠎ᠠ ᠮᠥᠷᠲᠡᠭᠡᠨ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭᠠᠬᠤ ᠪᠠᠷ ᠮᠡᠳᠡᠭᠳᠡᠬᠦ ᠬᠡᠷᠡᠭᠲᠡᠢ︔       ︵3︶ ᠡ᠊ᠩ ᠤᠨ ᠵᠢᠷᠤᠮ ᠢᠶᠠᠷ ᠰᠢᠭᠦᠬᠦ ᠪᠤᠰᠤᠳ ᠡᠷᠡᠭᠦᠦ ᠶᠢᠨ ᠬᠡᠷᠡᠭ ᠲᠤ ᠵᠠᠭᠠᠯᠳᠤᠭᠳᠠᠭᠴᠢ ᠨᠢ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭᠠᠬᠤ ᠪᠠᠷ ᠮᠡᠳᠡᠭᠳᠡᠵᠦ ᠪᠣᠯᠣᠨ᠎ᠠ︔       ︵4︶ ᠡᠷᠡᠭᠦᠦ ᠶᠢᠨ ᠵᠠᠷᠭᠤ ᠶᠢᠨ ᠬᠡᠷᠡᠭ ᠤᠨ ᠬᠤᠣᠷᠯᠠᠭᠳᠠᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠪᠤᠶᠤ ᠣᠶᠢᠷ᠎ᠠ ᠲᠦᠷᠦᠯ ᠰᠠᠳᠤᠨ᠂ ᠡᠷᠡᠭᠦᠦ ᠶᠢᠨ ᠥᠪᠡᠰᠦᠪᠡᠨ ᠵᠠᠭᠠᠯᠳᠤᠭᠰᠠᠨ ᠬᠡᠷᠡᠭ ᠤᠨ ᠥᠪᠡᠰᠦᠪᠡᠨ ᠵᠠᠭᠠᠯᠳᠤᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ᠂ ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠵᠠᠷᠭᠤ ᠶᠢᠨ ᠬᠡᠷᠡᠭ ᠤᠨ ᠵᠠᠭᠠᠯᠳᠤᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠨᠢ ᠠᠵᠤ ᠠᠬᠤᠢ ᠶᠢᠨ ᠬᠦᠴᠢᠷᠳᠡᠯ ᠠᠴᠠ ᠪᠣᠯᠵᠤ ᠵᠠᠷᠭᠤ ᠶᠢᠨ ᠣᠷᠣᠯᠠᠭᠴᠢ ᠳᠤ ᠨᠠᠶᠢᠳᠠᠭᠰᠠᠨ ᠦᠭᠡᠢ ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ︔       ︵5︶ ᠠᠯᠪᠠᠳᠠᠨ ᠡᠮᠴᠢᠯᠡᠬᠦ ᠬᠡᠷᠡᠭ ᠤᠨ ᠭᠤᠶᠤᠴᠢᠯᠠᠭᠳᠠᠭᠴᠢ ᠪᠤᠶᠤ ᠵᠠᠭᠠᠯᠳᠤᠭᠳᠠᠭᠴᠢ ᠨᠢ ᠵᠠᠷᠭᠤ ᠶᠢᠨ ᠣᠷᠣᠯᠠᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠵᠤ ᠲᠡᠳᠡᠨᠦᠰ ᠲᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠯᠭᠠᠬᠤ ᠪᠠᠷ ᠮᠡᠳᠡᠭᠳᠡᠬᠦ ᠬᠡᠷᠡᠭᠲᠡᠢ᠃       2. ᠢᠷᠭᠡᠨ ᠤ ᠬᠡᠷᠡᠭ᠄       ︵1︶ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠪᠤᠶᠤ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠬᠤ ᠪᠠᠷ ᠭᠤᠶᠤᠴᠢᠯᠠᠬᠤ︔       ︵2︶ ᠠᠰᠠᠷᠠᠮᠵᠢ ᠶᠢᠨ ᠮᠥᠩᠭᠦ ᠣᠯᠭᠤᠬᠤ ᠪᠠᠷ ᠭᠤᠶᠤᠴᠢᠯᠠᠬᠤ︔       ︵3︶ ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠦᠭᠬᠦᠬᠦᠯᠬᠦ ᠪᠠᠷ ᠭᠤᠶᠤᠴᠢᠯᠠᠬᠤ︔       ︵4︶ ᠬᠥᠳᠡᠯᠮᠦᠷᠢ ᠶᠢᠨ ᠬᠠᠷᠢᠴᠠᠭ᠎ᠠ ᠶᠢ ᠨᠤᠲᠠᠯᠠᠭᠤᠯᠬᠤ ᠪᠤᠶᠤ ᠬᠥᠳᠡᠯᠮᠦᠷᠢ ᠶᠢᠨ ᠬᠥᠯᠥᠰᠦ ᠣᠯᠭᠤᠮᠵᠢ ᠦᠭᠬᠦᠬᠦᠯᠬᠦ ᠪᠠᠷ ᠭᠤᠶᠤᠴᠢᠯᠠᠬᠤ︔       ︵5︶ ᠠᠷᠠᠳ ᠢᠷᠭᠡᠨ ᠤ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠨᠢ ᠬᠢᠵᠠᠭᠠᠷᠲᠠᠢ ᠪᠠᠶᠢᠬᠤ ᠶᠢ ᠮᠠᠭᠠᠳᠯᠠᠭᠤᠯᠬᠤ ᠪᠠᠷ ᠭᠤᠶᠤᠴᠢᠯᠠᠬᠤ︔       ︵6︶ ᠠᠵᠢᠯ ᠠᠴᠠ ᠪᠣᠯᠤᠭᠰᠠᠨ ᠭᠡᠮᠲᠦᠯ ᠤᠨ ᠠᠳᠡᠭᠳᠡᠯ᠂ ᠵᠠᠮ ᠬᠠᠷᠢᠯᠴᠠᠭᠠᠨ ᠤ ᠠᠳᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠳᠡᠭᠳᠡᠯ᠂ ᠡᠮᠴᠢᠯᠡᠭᠡᠨ ᠤ ᠠᠳᠡᠭᠳᠡᠯ ᠤᠨ ᠬᠥᠮᠥᠨ ᠤ ᠪᠡᠶ᠎ᠡ ᠶᠢᠨ ᠬᠤᠬᠢᠷᠠᠯ ᠢ ᠲᠥᠯᠥᠭᠦᠯᠬᠦ ᠪᠠᠷ ᠭᠤᠶᠤᠴᠢᠯᠠᠬᠤ︔       ︵7︶ ᠣᠷᠴᠢᠨ ᠲᠣᠭᠤᠷᠢᠨ ᠤ ᠪᠣᠬᠢᠷᠲᠤᠯ᠂ ᠠᠮᠢ ᠠᠬᠤᠢ ᠶᠢᠨ ᠡᠪᠳᠡᠭᠳᠡᠯ ᠤᠨ ᠬᠤᠬᠢᠷᠠᠯ ᠢ ᠲᠥᠯᠥᠭᠦᠯᠬᠦ ᠪᠠᠷ ᠭᠤᠶᠤᠴᠢᠯᠠᠬᠤ︔       ︵8︶ ᠦᠷᠡᠭᠳᠡᠭᠰᠡᠨ ᠪᠠᠭᠠᠲᠤᠷᠴᠤᠳ ᠤᠨ ᠣᠶᠢᠷ᠎ᠠ ᠲᠦᠷᠦᠯ ᠰᠠᠳᠤᠨ ᠨᠢ ᠦᠷᠡᠭᠳᠡᠭᠰᠡᠨ ᠪᠠᠭᠠᠲᠤᠷᠴᠤᠳ ᠤᠨ ᠬᠥᠮᠥᠨ ᠬᠡᠮ ᠤᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠲᠤᠰᠠᠯᠠᠮᠵᠢ ᠭᠤᠶᠤᠴᠢᠯᠠᠬᠤ︔       ︵9︶ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯᠯᠠᠭ᠎ᠠ ᠠᠴᠠ ᠪᠣᠯᠵᠤ ᠬᠠᠮᠢᠶ᠎ᠠ ᠪᠦᠬᠦᠢ ᠢᠷᠭᠡᠨ ᠤ ᠬᠡᠷᠡᠭ ᠤᠨ ᠡᠷᠬᠡ ᠠᠰᠢᠭ ᠢ ᠵᠣᠷᠢᠬᠤ︔       ︵10︶ ᠬᠠᠯᠠ ᠠᠮᠰᠠᠭᠴᠢ᠂ ᠣᠷᠬᠢᠭᠳᠠᠵᠤ ᠭᠤᠯᠣᠭᠳᠠᠭᠰᠠᠨ ᠪᠤᠶᠤ ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠠᠮᠰᠠᠭᠴᠢ ᠬᠠᠮᠢᠶ᠎ᠠ ᠪᠦᠬᠦᠢ ᠡᠷᠬᠡ ᠠᠰᠢᠭ ᠢ ᠵᠣᠷᠢᠬᠤ︔       ︵11︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠨ ᠵᠡᠷᠭᠡ ᠵᠦᠢᠯᠡᠰ᠃       3. ᠵᠠᠰᠠᠭ ᠵᠠᠬᠢᠷᠭᠠᠨ ᠤ ᠬᠡᠷᠡᠭ᠄       ︵1︶ ᠬᠠᠤᠯᠢ ᠶᠣᠰᠣᠭᠠᠷ ᠤᠯᠤᠰ ᠤᠨ ᠲᠥᠯᠥᠪᠦᠷᠢ ᠶᠢ ᠭᠤᠶᠤᠴᠢᠯᠠᠬᠤ︔       ︵2︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠵᠡᠷᠭᠡ ᠵᠦᠢᠯᠡᠰ᠃       4. ᠪᠤᠰᠤᠳ ᠬᠡᠷᠡᠭ᠄ ᠲᠤᠬᠠᠢ ᠶᠢᠨ ᠬᠥᠮᠥᠨ ᠨᠢ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠵᠥᠪᠰᠢᠶᠡᠷᠡᠬᠦ ᠦᠭᠡᠢ ᠪᠤᠶᠤ ᠭᠤᠮᠣᠳᠠᠯ ᠲᠣᠭᠠᠴᠢᠬᠤ ᠪᠠᠷ ᠳᠤᠷᠠᠳᠤᠭᠰᠠᠨ ᠡᠰᠡᠬᠦᠯ᠎ᠡ ᠲᠠᠬᠢᠨ ᠰᠢᠭᠦᠯᠭᠡᠬᠦ ᠪᠠᠷ ᠭᠤᠶᠤᠴᠢᠯᠠᠭᠰᠠᠨ᠂ ᠠᠷᠠᠳ ᠤᠨ ᠰᠢᠭᠦᠬᠦ ᠬᠤᠷᠢᠶ᠎ᠠ ᠨᠢ ᠲᠠᠬᠢᠨ ᠰᠢᠭᠦᠬᠦ ᠪᠠᠷ ᠰᠢᠢᠳᠦᠭᠰᠡᠨ᠂ ᠰᠢᠭᠦᠨ ᠲᠣᠭᠲᠠᠭᠠᠭᠰᠠᠨ ᠪᠤᠶᠤ ᠠᠷᠠᠳ ᠤᠨ ᠪᠠᠶᠢᠴᠠᠭᠠᠬᠤ ᠬᠤᠷᠢᠶ᠎ᠠ ᠨᠢ ᠡᠰᠡᠷᠭᠦᠴᠡᠭᠰᠡᠨ ᠵᠠᠭᠠᠯᠳᠤᠯᠭ᠎ᠠ ᠭᠠᠷᠭᠠᠭᠰᠠᠨ ᠳᠤ ᠠᠵᠤ ᠠᠬᠤᠢ ᠶᠢᠨ ᠬᠦᠴᠢᠷᠳᠡᠯ ᠠᠴᠠ ᠪᠣᠯᠵᠤ ᠥᠮᠥᠭᠯᠡᠭᠴᠢ ᠪᠤᠶᠤ ᠵᠠᠷᠭᠤ ᠶᠢᠨ ᠣᠷᠣᠯᠠᠭᠴᠢ ᠳᠤ ᠨᠠᠶᠢᠳᠠᠭᠰᠠᠨ ᠦᠭᠡᠢ ᠬᠡᠷᠡᠭ᠃       ︵ᠬᠤᠶᠠᠷ︶ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠳᠤ ᠪᠠᠨ᠂ ᠬᠠᠤᠯᠢᠴᠢ ᠶᠢᠨ ᠬᠡᠷᠡᠭ ᠳᠠᠭᠠᠭᠠᠨ ᠭᠦᠢᠴᠡᠳᠬᠡᠬᠦ ᠥᠪᠡᠷ ᠤᠨ ᠥᠷᠲᠡᠭ᠂ ᠦᠨᠳᠦᠰᠦᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠵᠡᠷᠭᠡ ᠬᠦᠴᠦᠨ ᠵᠦᠢᠯ ᠢ ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠶᠢ ᠵᠣᠬᠢᠮᠵᠢᠲᠠᠢ ᠪᠠᠷ ᠳᠡᠭᠡᠭᠰᠢᠯᠡᠭᠦᠯᠦᠨ᠎ᠡ᠃ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠬᠡᠷᠡᠭ ᠨᠢᠭᠡ ᠪᠦᠷᠢ ᠳᠤ ᠨᠢ ᠡᠩ ᠤᠨ ᠪᠠᠶᠢᠳᠠᠯ ᠳᠤ 800 ᠲᠥᠭᠦᠷᠢᠭ ᠠᠴᠠ 1600 ᠲᠥᠭᠦᠷᠢᠭ ᠤᠨ ᠨᠡᠮᠡᠭᠦᠷᠢ ᠥᠭᠴᠦ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠬᠡᠷᠡᠭ ᠨᠢᠭᠡ ᠪᠦᠷᠢ ᠳᠤ ᠨᠢ ᠡᠩ ᠤᠨ ᠪᠠᠶᠢᠳᠠᠯ ᠳᠤ 1000 ᠲᠥᠭᠦᠷᠢᠭ ᠠᠴᠠ 1800 ᠲᠥᠭᠦᠷᠢᠭ ᠤᠨ ᠨᠡᠮᠡᠭᠦᠷᠢ ᠥᠭᠭᠦᠨ᠎ᠡ᠃ ᠠᠯᠠᠬᠤ ᠡᠷᠡᠭᠦᠦ ᠶᠢᠨ ᠬᠤᠶᠠᠳᠠᠭᠢ ᠰᠢᠭᠦᠯᠲᠡ ᠶᠢᠨ ᠬᠡᠷᠡᠭ ᠲᠤ ᠨᠢᠭᠡᠳᠦᠭᠡᠷ ᠰᠢᠭᠦᠯᠲᠡ ᠶᠢᠨ ᠬᠠᠤᠯᠢᠴᠢ ᠶᠢ ᠦᠷᠭᠦᠯᠵᠢᠯᠡᠨ ᠬᠡᠷᠡᠭᠯᠡᠭᠰᠡᠨ ᠪᠤᠶᠤ ᠡᠷᠡᠭᠦᠦ ᠶᠢᠨ ᠬᠡᠷᠡᠭ ᠤᠨ ᠵᠠᠭᠠᠯᠳᠤᠭᠳᠠᠭᠴᠢ ᠶᠢᠨ ᠬᠤᠷᠢᠵᠤ ᠪᠠᠶᠢᠭ᠎ᠠ ᠭᠠᠵᠠᠷ ᠠᠴᠠ ᠳᠠᠬᠢᠵᠤ ᠬᠠᠤᠯᠢᠴᠢ ᠲᠣᠮᠢᠯᠠᠭᠰᠠᠨ ᠬᠡᠷᠡᠭ ᠨᠢᠭᠡ ᠪᠦᠷᠢ ᠳᠤ ᠨᠢ ᠡᠩ ᠤᠨ ᠪᠠᠶᠢᠳᠠᠯ ᠳᠤ 1400 ᠲᠥᠭᠦᠷᠢᠭ ᠠᠴᠠ 2600 ᠲᠥᠭᠦᠷᠢᠭ ᠤᠨ ᠨᠡᠮᠡᠭᠦᠷᠢ ᠥᠭᠭᠦᠨ᠎ᠡ᠃ ᠣᠨᠳᠣᠣ ᠭᠠᠵᠠᠷ ᠠᠴᠠ ᠭᠡᠷᠡᠴᠢ ᠠᠪᠬᠤ ᠴᠢᠬᠤᠯᠠᠲᠠᠢ ᠪᠠ ᠲᠦᠪᠡᠭ ᠪᠤᠳᠤᠯᠢᠶᠠᠨᠲᠠᠢ ᠣᠨᠴᠠ ᠵᠠᠷᠢᠮ ᠬᠡᠷᠡᠭ ᠲᠤ᠂ ᠬᠡᠷᠡᠭ ᠢ ᠬᠦᠯᠢᠶᠡᠨ ᠠᠪᠤᠭᠰᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠬᠠᠷᠭᠤᠭᠤᠯᠤᠨ ᠵᠥᠪᠰᠢᠶᠡᠷᠡᠭᠦᠯᠦᠭᠰᠡᠨ ᠤ ᠳᠠᠷᠠᠭ᠎ᠠ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢ ᠵᠣᠬᠢᠮᠵᠢᠲᠠᠢ ᠨᠡᠮᠡᠭᠳᠡᠭᠦᠯᠵᠦ ᠪᠣᠯᠣᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠵᠢᠭᠦᠷᠯᠡᠬᠦ ᠬᠠᠤᠯᠢᠴᠢ ᠳᠤ ᠠᠵᠢᠯᠯᠠᠬᠤ ᠡᠳᠦᠷ ᠪᠦᠷᠢ 200 ᠲᠥᠭᠦᠷᠢᠭ ᠠᠴᠠ 500 ᠲᠥᠭᠦᠷᠢᠭ ᠤᠨ ᠨᠡᠮᠡᠭᠦᠷᠢ ᠥᠭᠭᠦᠨ᠎ᠡ᠃ ᠨᠥᠬᠦᠴᠡᠯ ᠲᠠᠢ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠪᠠᠨ ᠵᠣᠬᠢᠮᠵᠢᠲᠠᠢ ᠳᠡᠭᠡᠭᠰᠢᠯᠡᠭᠦᠯᠵᠦ ᠪᠣᠯᠣᠨ᠎ᠠ᠃       ᠭᠤᠷᠪᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠯ᠎ᠡ ᠵᠦᠢᠯ ᠤᠨ ᠠᠵᠢᠯ ᠢᠶᠠᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ       ︵ᠨᠢᠭᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠢᠯᠤᠭᠤᠳᠬᠤ᠂ ᠬᠢᠨᠠᠯᠲᠠ ᠲᠠᠯᠪᠢᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠪᠣᠳᠠᠲᠠᠢ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠬᠦᠯᠢᠶᠡᠨ ᠠᠪᠬᠤ ᠪᠠ ᠬᠢᠨᠠᠨ ᠪᠠᠶᠢᠴᠠᠭᠠᠵᠤ᠂ ᠬᠠᠤᠯᠢᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠠᠵᠢᠯᠯᠠᠭᠰᠠᠳ ᠵᠡᠷᠭᠡ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠢ ᠵᠢᠭᠠᠨ ᠲᠣᠮᠢᠯᠠᠵᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠥᠭᠴᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠤᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠠᠵᠢᠯ ᠤᠨ ᠡᠭᠦᠷᠭᠡ ᠴᠢᠳᠠᠪᠤᠷᠢ ᠪᠠᠨ ᠬᠢᠨᠠᠮᠠᠭᠠᠢ ᠭᠦᠢᠴᠡᠳᠬᠡᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠥᠷᠨᠢᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠢ᠃       ︵ᠬᠤᠶᠠᠷ︶ ᠪᠠᠶᠢᠭᠤᠯᠤᠮᠵᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠳᠠᠬᠢ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠪᠠᠶᠢᠭᠤᠯᠬᠤ ᠬᠡᠷᠡᠭᠲᠡᠢ︾ ᠭᠡᠰᠡᠨ ᠱᠠᠭᠠᠷᠳᠠᠯᠭ᠎ᠠ ᠶᠣᠰᠣᠭᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠠᠵᠢᠯᠲᠠᠨ ᠤ ᠬᠦᠴᠦᠨ ᠢᠶᠠᠨ ᠲᠡᠭᠦᠯᠳᠡᠷᠵᠢᠭᠦᠯᠦᠨ᠂ ᠠᠵᠢᠯ ᠤᠨ ᠬᠦᠴᠦᠨ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠲᠤᠰᠠᠯᠠᠬᠤ ᠡᠭᠦᠷᠭᠡ ᠴᠢᠳᠠᠪᠤᠷᠢ ᠪᠠᠨ ᠴᠢᠩᠭᠠᠷᠠᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡ ᠶᠢ ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠶᠢᠵᠢᠭᠤᠯᠬᠤ᠂ ᠠᠵᠢᠯ ᠮᠡᠷᠭᠡᠵᠢᠯ ᠤᠨ ᠪᠣᠯᠭᠠᠬᠤ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠬᠠᠤᠯᠢᠴᠢ ᠶᠢᠨ ᠬᠢᠷᠢ ᠬᠡᠮ ᠲᠠᠢ ᠪᠤᠶᠤ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠲᠠᠢ ᠠᠵᠢᠯᠲᠠᠨ ᠬᠡᠷᠡᠭ ᠰᠢᠢᠳᠪᠦᠷᠢᠯᠡᠬᠦ ᠶᠢ ᠨᠢ ᠵᠣᠷᠢᠭᠵᠢᠭᠤᠯᠤᠨ᠂ ᠬᠠᠤᠯᠢ ᠲᠣᠭᠲᠠᠭᠠᠯ ᠶᠣᠰᠣᠭᠠᠷ ᠦᠨᠡᠨᠴᠢ ᠢᠲᠡᠭᠡᠮᠵᠢᠲᠡᠢ ᠠᠵᠢᠯ ᠡᠷᠬᠢᠯᠡᠬᠦ ᠶᠢ ᠠᠬᠢᠭᠤᠯᠵᠤ᠂ ᠢᠲᠡᠭᠡᠯ ᠵᠣᠷᠢᠭ ᠨᠢ ᠡᠷᠡᠰ ᠪᠠᠲᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠵᠣᠷᠢᠭᠲᠠᠢ ᠪᠠᠷ ᠡᠭᠦᠷᠭᠡᠯᠡᠬᠦ᠂ ᠠᠷᠢᠭᠤᠨ ᠴᠢᠬᠡᠴᠢ ᠪᠠᠶᠢᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠪᠣᠳᠠᠲᠠᠢ ᠲᠠᠢ ᠪᠠᠨ ᠤᠶᠠᠯᠳᠤᠭᠤᠯᠤᠨ᠂ ᠲᠤᠰᠬᠠᠢ ᠰᠡᠳᠦᠪᠲᠦ ᠲᠠᠶᠢᠯᠤᠮᠵᠢ᠂ ᠪᠣᠯᠪᠠᠰᠤᠷᠠᠯ ᠤᠨ ᠠᠩᠭᠢ᠂ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠶᠢᠨ ᠰᠤᠷᠤᠯᠴᠠᠯᠭ᠎ᠠ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠤ ᠬᠡᠷᠡᠭ ᠰᠢᠢᠳᠪᠦᠷᠢᠯᠡᠬᠦ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠠᠯᠠᠮᠵᠢ ᠬᠤᠳᠠᠯᠳᠤᠨ ᠠᠪᠬᠤ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠠᠵᠢᠯᠲᠠᠳ ᠢ ᠬᠠᠤᠯᠢ ᠴᠠᠭᠠᠵᠠ ᠶᠢᠨ ᠲᠤᠰᠠᠯᠠᠮᠵᠢ ᠳᠤ ᠲᠠᠲᠠᠨ ᠣᠷᠣᠯᠴᠠᠭᠤᠯᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ︵ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ︶᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠶᠢ ᠨᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢ ᠶᠢᠨ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ ᠰᠢᠢᠳᠪᠦᠷᠢᠯᠡᠵᠦ᠂ ᠲᠠᠷᠢᠶᠠᠯᠠᠬᠤ ᠮᠠᠯᠵᠢᠬᠤ ᠣᠷᠣᠨ ᠳᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠤ ᠦᠢᠯᠡᠳᠦᠯ ᠢ ᠨᠢ ᠴᠢᠬᠤᠯᠠᠴᠢᠯᠠᠨ ᠪᠠᠳᠠᠷᠠᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃      ︵ᠭᠤᠷᠪᠠ︶ ᠬᠠᠤᠯᠢ ᠴᠠᠭᠠᠵᠠ ᠶᠢᠨ ᠲᠤᠰᠠᠯᠠᠮᠵᠢ ᠶᠢᠨ ᠬᠢᠵᠠᠭᠠᠷᠯᠠᠯ ᠢ ᠨᠢ ᠪᠠᠭᠠᠰᠬᠠᠬᠤ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠡᠬᠢ ᠪᠠᠶᠠᠯᠢᠭ ᠤᠨ ᠪᠠᠶᠢᠳᠠᠯ ᠪᠣᠯᠣᠨ ᠠᠷᠠᠳ ᠢᠷᠭᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠨᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠣᠯᠣᠨ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠠᠴᠠ ᠳᠣᠷᠣᠭᠰᠢ ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠮᠤᠷᠬᠤ ᠬᠥᠮᠥᠰ ᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ ᠠᠴᠠ ᠣᠷᠣᠯᠭ᠎ᠠ ᠪᠠᠭᠠᠲᠠᠢ ᠬᠥᠮᠥᠰ ᠬᠦᠷᠲᠡᠯ᠎ᠡ ᠥᠷᠭᠡᠳᠬᠡᠨ᠂ ᠨᠡᠩ ᠣᠯᠠᠨ ᠬᠦᠴᠢᠷᠳᠡᠯᠲᠡᠢ ᠣᠯᠠᠨ ᠲᠦᠮᠡᠨ ᠳᠤ ᠬᠠᠷᠠᠭᠠᠯᠵᠠᠯ ᠦᠵᠡᠭᠦᠯᠭᠦ ᠬᠡᠷᠡᠭᠲᠡᠢ᠃ ᠪᠠᠶᠢᠭᠠᠯᠢ ᠶᠢᠨ ᠭᠠᠢ ᠭᠠᠮᠰᠢᠭ ᠪᠤᠶᠤ ᠪᠤᠰᠤᠳ ᠳᠠᠪᠠᠰᠢ ᠦᠭᠡᠢ ᠬᠦᠴᠦᠨ ᠵᠡᠷᠭᠡ ᠰᠢᠯᠲᠠᠭᠠᠨ ᠠᠴᠠ ᠪᠣᠯᠵᠤ ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠪᠣᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠷᠤᠳᠠᠯ ᠢ ᠥᠭᠬᠦ ᠴᠢᠳᠠᠯ ᠦᠭᠡᠢ ᠪᠣᠯᠤᠭᠰᠠᠨ ᠪᠠᠶᠢᠪᠠᠯ᠂ ᠠᠵᠤ ᠠᠬᠤᠢ ᠨᠢ ᠬᠦᠴᠢᠷᠳᠡᠯᠲᠡᠢ ᠲᠠᠢ ᠪᠠᠷ ᠦᠵᠡᠨ᠎ᠡ︔ ᠣᠨᠴᠠᠭᠠᠢ᠂ ᠨᠡᠶᠢᠲᠡᠯᠢᠭ ᠬᠡᠷᠡᠭ ᠲᠠᠬᠢ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠶᠢ ᠵᠣᠬᠢᠰᠲᠠᠢ ᠪᠠᠷ ᠠᠭᠤᠵᠢᠭᠤ ᠲᠠᠯᠪᠢᠬᠤ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠴᠢ ᠶᠢᠨ ᠰᠠᠭᠤᠭ᠎ᠠ ᠭᠠᠵᠠᠷ ᠪᠣᠯᠣᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠨᠢ ᠨᠢᠭᠡᠳᠦᠯ ᠦᠭᠡᠢ ᠪᠣᠯ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃      ︵ᠳᠥᠷᠪᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠪᠠᠨ ᠦᠷᠭᠦᠯᠵᠢᠯᠡᠨ ᠥᠷᠭᠡᠵᠢᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠠᠷᠭ᠎ᠠ ᠵᠠᠮ ᠢᠶᠠᠨ ᠥᠷᠭᠡᠳᠬᠡᠨ᠂ ᠬᠠᠤᠯᠢ ᠴᠠᠭᠠᠵᠠ ᠶᠢᠨ ᠲᠤᠰᠠᠯᠠᠮᠵᠢ ᠶᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢᠶᠠᠨ ᠳᠥᠭᠦᠮᠴᠢᠯᠡᠵᠦ᠂ ᠠᠵᠤ ᠠᠬᠤᠢ ᠶᠢᠨ ᠬᠦᠴᠢᠷᠳᠡᠯ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠪᠠᠶᠢᠳᠠᠯ ᠨᠢ ᠪᠠᠴᠢᠮ ᠲᠤᠯᠭᠠᠮ ᠪᠣᠯᠬᠤ ᠬᠡᠷᠡᠭ ᠪᠣᠯ ᠤᠷᠢᠳ ᠢᠶᠠᠷ ᠬᠦᠯᠢᠶᠡᠨ ᠠᠪᠴᠤ ᠰᠢᠢᠳᠪᠦᠷᠢᠯᠡᠨ᠂ ᠳᠠᠷᠠᠭ᠎ᠠ ᠳᠤ ᠨᠢ ᠭᠠᠷᠳᠠᠮ ᠢᠶᠠᠨ ᠨᠥᠬᠦᠨ ᠭᠦᠢᠴᠡᠳᠬᠡᠵᠦ ᠪᠣᠯᠣᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠣᠨᠳᠣᠣ ᠭᠠᠵᠠᠷ ᠤᠨ ᠬᠠᠮᠵᠢᠯᠴᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠣᠨᠳᠣᠣ ᠭᠠᠵᠠᠷ ᠲᠤ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠨᠢ ᠳᠥᠭᠦᠮ ᠦᠵᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠬᠢᠭᠡᠳ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠶ ᠵᠣᠯᠭᠠᠭᠤᠯᠬᠤ ᠲᠣᠭᠲᠠᠴᠠ ᠪᠠᠨ ᠪᠦᠷᠢᠨᠰᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠲᠤ ᠳᠥᠭᠦᠮ ᠦᠵᠡᠭᠦᠯᠬᠦ ᠠᠵᠢᠯ ᠤᠨ ᠪᠠᠶᠢᠩᠭᠤᠵᠢᠬᠤ ᠶᠢ ᠠᠬᠢᠭᠤᠯᠬᠤ ᠬᠡᠷᠡᠭᠲᠡᠢ᠃      ︵ᠲᠠᠪᠤ︶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠡᠯ᠎ᠡ ᠭᠤᠭᠴᠣᠭᠠᠨ ᠳᠠᠬᠢ ᠠᠵᠢᠯ ᠤᠨ ᠳᠡᠰ ᠳᠠᠷᠠᠭᠠᠯᠠᠯ᠂ ᠠᠵᠢᠯ ᠤᠨ ᠳᠦᠷᠢᠮ ᠪᠣᠯᠣᠨ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠳᠤ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠪᠠᠶᠢᠴᠠᠭᠠᠬᠤ ᠳᠦᠷᠢᠮ᠂ ᠮᠦᠷᠳᠡᠨ ᠳᠠᠭᠠᠬᠤ ᠳᠦᠷᠢᠮ᠂ ᠵᠠᠭᠠᠯᠳᠤᠯᠭ᠎ᠠ ᠶᠢ ᠰᠢᠢᠳᠪᠦᠷᠢᠯᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠦᠨᠡᠯᠡᠨ ᠵᠢᠱᠢᠬᠦ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠴᠢᠨᠠᠷ ᠴᠢᠨᠰᠠᠭ᠎ᠠ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ ᠳᠤ ᠦᠨᠡᠨ ᠬᠦ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠬᠠᠩᠭᠠᠬᠤ ᠬᠡᠷᠡᠭᠲᠡᠢ᠃      ᠳᠥᠷᠪᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠤᠨ ᠬᠡᠷᠡᠭᠵᠢᠭᠦᠯᠦᠯᠲᠡ ᠶᠢᠨ ᠪᠠᠲᠤᠯᠠᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠷᠭᠦᠯᠵᠢᠯᠡᠨ ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠤᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ ᠥᠷᠭᠡᠨ ᠢᠶᠠᠷ ᠣᠷᠣᠯᠴᠠᠭᠰᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠪᠠᠶᠢᠷᠢᠰᠢᠯ ᠢ ᠦᠨᠡᠨ ᠬᠦ ᠪᠣᠶ ᠪᠣᠯᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠶᠢᠨ ᠪᠣᠳᠠᠲᠠᠢ ᠳᠤ ᠨᠠᠶᠢᠳᠠᠪᠤᠷᠢᠵᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠬᠤᠶᠠᠷ︶ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠲᠥᠰᠥᠪ ᠢᠶᠠᠨ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ᠂ ᠣᠷᠣᠨ ᠨᠤᠲᠤᠭ ᠤᠨ ᠡᠳ᠋ ᠤᠨ ᠬᠦᠴᠦᠨ ᠤ ᠪᠠᠶᠢᠳᠠᠯ ᠪᠣᠯᠣᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ ᠲᠤᠭ᠎ᠠ ᠬᠡᠮᠵᠢᠶ᠎ᠡ ᠶᠢ ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠵᠦᠢ ᠵᠣᠬᠢᠰᠲᠠᠢ ᠲᠣᠬᠢᠷᠠᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠳᠤ ᠲᠤᠰᠠᠭᠠᠷ ᠲᠣᠭᠠᠴᠠᠭ᠎ᠠ ᠬᠢᠬᠦ ᠶᠢ ᠬᠡᠷᠡᠭᠵᠢᠭᠦᠯᠬᠦ ᠬᠡᠷᠡᠭᠲᠡᠢ᠃ ᠵᠠᠷᠤᠳᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠤᠨ ᠣᠷᠣᠭᠤᠯᠤᠯᠲᠠ ᠶᠢ ᠴᠠᠭ ᠲᠤᠬᠠᠢ ᠳᠤ ᠨᠢ ᠲᠣᠬᠢᠷᠠᠭᠤᠯᠤᠨ᠂ ᠡᠷᠡᠭᠦᠦ ᠶᠢᠨ ᠬᠡᠷᠡᠭ ᠤᠨ ᠬᠠᠤᠯᠢᠴᠢ ᠶᠢᠨ ᠦᠮᠦᠭᠯᠡᠯᠲᠡ ᠶᠢ ᠨᠡᠶᠢᠳᠡᠮ ᠬᠠᠮᠤᠷᠤᠭᠤᠯᠬᠤ ᠵᠡᠷᠭᠡ ᠰᠢᠨ᠎ᠡ ᠪᠠᠷ ᠨᠡᠮᠡᠭᠳᠡᠭᠰᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠵᠠᠷᠤᠳᠠᠯ ᠤᠨ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠴᠢᠩᠳᠠᠯᠠᠵᠤ᠂ ᠵᠠᠷᠤᠳᠠᠯ ᠤᠨ ᠬᠡᠷᠡᠭᠯᠡᠯᠲᠡ ᠶᠢ ᠵᠠᠷᠯᠠᠨ ᠨᠡᠶᠢᠲᠡᠯᠡᠬᠦ ᠳᠦᠷᠢᠮ ᠢ ᠪᠠᠶᠢᠭᠤᠯᠤᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠲᠣᠭᠲᠠᠭᠠᠯ ᠠᠴᠠ ᠵᠥᠷᠢᠴᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠬᠡᠷᠡᠭᠯᠡᠭᠰᠡᠨ᠂ ᠲᠠᠰᠤᠳᠠᠨ ᠦᠯᠡᠳᠡᠭᠡᠭᠰᠡᠨ᠂ ᠰᠢᠬᠠᠨ ᠡᠵᠡᠯᠡᠭᠰᠡᠨ᠂ ᠰᠢᠯᠵᠢᠭᠦᠯᠦᠨ ᠬᠡᠷᠡᠭᠯᠡᠭᠰᠡᠨ ᠪᠤᠶᠤ ᠳᠠᠯᠳᠠᠭᠤᠷ ᠬᠤᠪᠢᠶᠠᠭᠰᠠᠨ ᠪᠠᠶᠢᠭᠤᠯᠤᠮᠵᠢ ᠪᠣᠯᠣᠨ ᠬᠤᠪᠢ ᠬᠥᠮᠥᠨ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ︵ᠭᠤᠷᠪᠠ︶ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠤᠬᠠᠭᠤᠯᠭ᠎ᠠ ᠶᠢᠨ ᠠᠷᠭ᠎ᠠ ᠮᠠᠶ᠋ᠢᠭ ᠤᠨ ᠲᠠᠯ᠎ᠠ ᠳᠤ ᠰᠢᠨ᠎ᠡ ᠶᠢ ᠡᠭᠦᠳᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠤᠬᠠᠭᠤᠯᠭ᠎ᠠ ᠶᠢᠨ ᠰᠣᠶᠣᠯ ᠤᠨ ᠪᠦᠲᠦᠭᠡᠭᠳᠡᠬᠦᠨ ᠢ ᠨᠠᠷᠢᠨ ᠨᠢᠮᠪᠠᠢ ᠵᠣᠬᠢᠶᠠᠨ ᠪᠦᠲᠦᠭᠡᠵᠦ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠶᠢ ᠪᠠᠶᠢᠭᠤᠯᠭ᠎ᠠ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠢᠭᠡᠴᠢ ᠳᠤ ᠣᠷᠤᠭᠤᠯᠬᠤ ᠪᠠ ᠭᠡᠷ ᠪᠦᠯᠢ ᠳᠤ ᠣᠷᠣᠭᠤᠯᠬᠤ ᠶᠢ ᠠᠬᠢᠭᠤᠯᠵᠤ᠂ ᠬᠠᠤᠯᠢ ᠴᠠᠭᠠᠵᠠ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠴᠠᠭ ᠲᠤᠬᠠᠢ ᠳᠤ ᠨᠢ ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠳᠤ ᠲᠦᠬᠦᠮ ᠦᠵᠡᠭᠦᠯᠬᠦ ᠬᠡᠷᠡᠭᠲᠡᠢ᠃ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠶᠢ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢᠨ ᠠᠵᠢᠯ ᠤᠨ ᠭᠤᠣᠯᠳᠠᠯᠭ᠎ᠠ ᠪᠣᠯᠬᠤ ᠠᠭᠤᠯᠭ᠎ᠠ ᠳᠤ ᠣᠷᠣᠭᠤᠯᠵᠤ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠯᠢᠭᠡᠷ ᠶᠠᠪᠤᠳᠠᠯ ᠢ ᠰᠠᠶᠢᠲᠤᠷ ᠶᠠᠷᠢᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠢ ᠪᠣᠳᠠᠲᠠᠶᠢᠵᠢᠭᠤᠯᠤᠨ ᠦᠷ᠎ᠡ ᠪᠦᠳᠣᠮᠵᠢ ᠭᠠᠷᠭᠠᠬᠤ ᠳᠤ ᠨᠢ ᠰᠠᠶᠢᠨ ᠰᠠᠶᠢᠬᠠᠨ ᠣᠷᠴᠢᠨ ᠠᠬᠤᠢ ᠶᠢ ᠪᠣᠶ ᠪᠣᠯᠭᠠᠬᠤ ᠬᠡᠷᠡᠭᠲᠡᠢ᠃      ᠲᠣᠰ ︽ᠰᠠᠨᠠᠯ︾᠎ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ  ﹇2010﹈ 9 ᠳ᠋ᠦ᠋ᠭᠡᠷ ᠲᠣᠭᠠᠲᠤ︶᠎ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃                                      2023 ᠣᠨ ᠤ 2 ᠳ᠋ᠤᠭᠠᠷ ᠰᠠᠷ᠎ᠠ ᠶᠢᠨ 16᠎ ᠤ ᠡᠳᠦᠷ                                        ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶  
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ