2023 ᠣᠨ ᠤ ᠳᠡᠭᠡᠷ᠎ᠡ ᠬᠠᠭᠠᠰ ᠵᠢᠯ ᠳᠤ᠂ ᠠᠵᠤ ᠠᠬᠤᠢ ᠨᠡᠶᠢᠭᠡᠮ ᠤᠨ ᠪᠠᠶᠢᠩᠭᠤᠵᠢᠭᠰᠠᠨ ᠠᠵᠢᠯᠯᠠᠭᠠᠨ ᠤ ᠪᠥᠬᠦ ᠲᠠᠯ᠎ᠠ ᠪᠠᠷ ᠰᠡᠷᠭᠦᠬᠦ ᠶᠢ ᠳᠠᠭᠠᠯᠳᠤᠨ᠂ | ᠰᠢᠨ᠎ᠡ ᠪᠠᠷᠭᠤ ᠪᠠᠷᠠᠭᠤᠨ ᠬᠤᠰᠢᠭᠤ ᠬᠡᠷᠡᠭᠯᠡᠭᠡ ᠶᠢ ᠠᠬᠢᠭᠤᠯᠬᠤ ᠰᠢᠷᠢᠰ ᠲᠥᠷᠥ ᠶᠢᠨ ᠪᠣᠳᠣᠯᠭ᠎ᠠ ᠦᠷ᠎ᠡ ᠪᠦᠲᠦᠮᠵᠢ ᠣᠯᠵᠤ᠂ ᠰᠠᠭᠤᠭᠠᠯᠢ ᠠᠷᠠᠳ ᠤᠨ ᠬᠡᠷᠡᠭᠯᠡᠭᠡ | ᠠᠯᠬᠤᠮ ᠠᠯᠬᠤᠮ ᠢᠶᠠᠷ ᠥᠷᠭᠡᠳᠴᠦ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠬᠥᠭᠵᠢᠶᠡᠨᠲᠡᠢ ᠪᠣᠯᠵᠤ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠦᠷᠭᠦᠯᠵᠢᠯᠡᠨ | ᠰᠡᠷᠭᠦᠵᠦ ᠪᠠᠶᠢᠨ᠎ᠠ᠃ | ᠬᠡᠷᠡᠭᠯᠡᠭᠡᠨ ᠤ ᠵᠠᠬ᠎ᠠ ᠳᠡᠯᠭᠡᠭᠦᠷ ᠡᠮᠬᠢ ᠵᠢᠷᠤᠮ ᠲᠠᠢ ᠪᠠᠷ ᠬᠥᠭᠵᠢᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠣᠭᠲᠠᠭᠤᠨ ᠢᠶᠠᠷ ᠳᠡᠭᠡᠭᠰᠢᠯᠡᠪᠡ — | ᠳᠡᠭᠡᠷ᠎ᠡ ᠬᠠᠭᠠᠰ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ | 31709.1 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠬᠢ ᠠᠴᠠ 3.4 ᠵᠠᠭᠤᠨ ᠤ ᠬᠤᠪᠢ ᠥᠨᠳᠥᠷ ᠪᠣᠯᠵᠤ᠂ ᠪᠥᠬᠦ ᠬᠤᠲᠠ ᠶᠢᠨ ᠬᠤᠶᠠᠳᠤᠭᠠᠷ ᠲᠤ ᠣᠷᠣᠵᠤ᠂ ᠨᠢᠭᠡᠳᠦᠭᠡᠷ ᠤᠯᠠᠷᠢᠯ ᠠᠴᠠ 0.6 ᠵᠠᠭᠤᠨ ᠤ ᠬᠤᠪᠢ | ᠳᠡᠭᠡᠭᠰᠢᠯᠡᠪᠡ᠃ | ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠲᠡᠩᠴᠡᠭᠦᠷᠢᠲᠡᠢ ᠪᠠᠶᠢᠵᠤ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠡᠷᠭᠦᠯᠲᠡ ᠶᠢᠨ ᠪᠠᠶᠢᠳᠠᠯ | ᠨᠡᠯᠢᠶᠡᠳ ᠰᠠᠶᠢᠵᠢᠷᠠᠪᠠ — ᠨᠢᠭᠡᠴᠡ ᠶᠢᠨ ᠡᠵᠡᠩᠨᠡᠯᠲᠡ ᠶᠢᠨ ᠪᠠᠶᠢᠭ᠎ᠠ ᠭᠠᠵᠠᠷ ᠠᠴᠠ ᠦᠵᠡᠪᠡᠯ᠂ ᠪᠥᠬᠦ ᠬᠤᠰᠢᠭᠤᠨ ᠤ ᠬᠤᠲᠠ ᠪᠠᠯᠭᠠᠰᠤ ᠪᠠ ᠬᠥᠳᠡᠭᠡ ᠲᠣᠰᠬᠤᠨ ᠤ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 9.7% ᠪᠠ 9.9% ᠪᠠᠷ ᠨᠡᠮᠡᠭᠳᠡᠵᠦ᠂ ᠬᠥᠳᠡᠭᠡ ᠲᠣᠰᠬᠤᠨ ᠤ | ᠨᠡᠮᠡᠭᠳᠡᠯ ᠤᠨ ᠬᠡᠮᠵᠢᠶ᠎ᠡ ᠬᠤᠲᠠ ᠪᠠᠯᠭᠠᠰᠤ ᠶᠢᠨ ᠬᠢ ᠠᠴᠠ ᠲᠦᠷᠭᠡᠨ ᠪᠣᠯᠪᠠ᠃ ᠤᠯᠠᠷᠢᠯ ᠢᠶᠠᠷ ᠬᠤᠪᠢᠶᠠᠵᠤ ᠦᠵᠡᠪᠡᠯ᠂ ᠬᠤᠶᠠᠳᠤᠭᠠᠷ ᠤᠯᠠᠷᠢᠯ ᠤᠨ ᠬᠤᠲᠠ ᠪᠠᠯᠭᠠᠰᠤ᠂ | ᠬᠥᠳᠡᠭᠡ ᠲᠣᠰᠬᠤᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 10.1% ᠪᠠ 10.4% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠠᠴᠠ ᠲᠣᠰ ᠲᠣᠰ 1.0 ᠪᠠ 1.1 ᠵᠠᠭᠤᠨ ᠤ ᠬᠤᠪᠢ ᠳᠡᠭᠡᠭᠰᠢᠯᠡᠪᠡ᠃ | ᠢᠳᠡᠭᠡᠨ ᠤᠮᠳᠠᠭᠠᠨ ᠤ ᠬᠡᠷᠡᠭᠯᠡᠭᠡ ᠶᠢᠨ ᠨᠡᠮᠡᠭᠳᠡᠯ ᠤᠨ ᠬᠡᠮᠵᠢᠶ᠎ᠡ ᠢᠯᠡᠳᠲᠡ ᠪᠣᠯᠵᠤ᠂ ᠲᠠᠸᠠᠷ ᠤᠨ ᠪᠣᠷᠣᠯᠠᠭᠤᠯᠤᠯᠲᠠ ᠦᠷᠭᠦᠯᠵᠢᠯᠡᠨ ᠰᠡᠷᠭᠦᠪᠡ — ᠡᠨᠡ | ᠵᠢᠯ ᠠᠴᠠ ᠨᠠᠰᠢ᠂ ᠠᠵᠤ ᠠᠬᠤᠢ ᠨᠡᠶᠢᠭᠡᠮ ᠤᠨ ᠪᠠᠶᠢᠩᠭᠤᠵᠢᠭᠰᠠᠨ ᠠᠵᠢᠯᠯᠠᠭᠠᠨ ᠤ ᠪᠥᠬᠦ ᠲᠠᠯ᠎ᠠ ᠪᠠᠷ ᠰᠡᠷᠭᠦᠬᠦ ᠶᠢ ᠳᠠᠭᠠᠯᠳᠤᠨ᠂ ᠰᠦᠯᠵᠢᠶᠡᠨ ᠠᠴᠠ ᠭᠠᠳᠠᠭᠤᠷᠬᠢ | ᠪᠣᠳᠠᠲᠤ ᠴᠣᠭᠴᠠ ᠶᠢᠨ ᠳᠡᠯᠭᠡᠭᠦᠷ ᠤᠨ ᠬᠡᠷᠡᠭᠯᠡᠭᠡ ᠶᠢᠨ ᠨᠡᠮᠡᠭᠳᠡᠯ ᠰᠠᠶᠢᠨ ᠪᠣᠯᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠬᠡᠷᠡᠭᠴᠡᠭᠡ ᠲᠠᠰᠤᠷᠠᠯᠲᠠ ᠦᠭᠡᠢ | ᠨᠡᠮᠡᠭᠳᠡᠪᠡ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 5425.7 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 26283.4 ᠲᠦᠮᠡᠨ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ᠃ |