ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/9/12
ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄       ︽ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯᠪᠠᠤ᠃                          2023 ᠣᠨ ᠤ 9 ᠰᠠᠷ᠎ᠠ ᠶᠢᠨ 4᠎ ᠤ ᠡᠳᠦᠷ      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶   ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ      ᠴᠠᠭ ᠠᠭᠤᠷ ᠤᠨ ᠦᠢᠯᠡᠰ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ᠂ ᠰᠠᠭᠤᠷᠢ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠲᠦᠮᠡᠨ ᠤ ᠠᠮᠤᠷ ᠲᠦᠪᠰᠢᠨ ᠪᠤᠶᠠᠨ ᠵᠢᠷᠭᠠᠯ ᠢ ᠢᠪᠡᠭᠡᠬᠦ ᠴᠢᠬᠤᠯᠠ ᠪᠠᠲᠤᠯᠠᠭ᠎ᠠ ᠮᠥᠨ᠃ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠰᠢᠭᠤᠨ ᠤ ᠨᠡᠶᠢᠭᠡᠮ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠣᠳᠤ ᠮᠠᠨ ᠤ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠣᠰ ᠲᠥᠰᠥᠯ ᠢ ᠲᠣᠭᠲᠠᠭᠠᠪᠠ᠃       ᠨᠢᠭᠡ᠂ ᠶᠡᠷᠦᠩᠬᠡᠢ ᠱᠠᠭᠠᠷᠳᠠᠯᠭ᠎ᠠ       ︵ᠨᠢᠭᠡ︶ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠶᠡᠷᠦᠩᠬᠡᠢ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠠ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠬᠦᠭᠦᠷᠭᠡᠨ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠣᠨᠣᠪᠴᠢᠲᠠᠶ ᠰᠠᠭᠤᠷᠢᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾᠎ ᠶᠢᠨ ᠲᠡᠮᠡᠴᠡᠬᠦ ᠬᠠᠷᠠᠯᠲᠠ ᠳᠤ ᠴᠢᠭᠯᠡᠭᠦᠯᠦᠨ᠂ ᠣᠷᠴᠢᠨ ᠲᠣᠭᠤᠷᠢᠨ ᠭᠤᠶᠣ ᠰᠠᠶᠢᠬᠠᠨ᠂ ᠠᠮᠢᠳᠤᠷᠠᠯ ᠪᠠᠶᠠᠨ ᠴᠢᠨᠡᠭᠡᠯᠢᠭ᠂ ᠦᠨᠳᠦᠰᠦᠲᠡᠨ ᠨᠦᠭᠦᠳ ᠪᠦᠯᠬᠦᠮᠳᠡᠯ ᠲᠠᠢ᠂ ᠬᠢᠯᠢ ᠬᠢᠵᠠᠭᠠᠷ ᠲᠣᠭᠲᠠᠭᠤᠨ ᠵᠣᠯ ᠵᠢᠷᠭᠠᠯᠲᠤ ᠭᠡᠷ ᠣᠷᠣᠨ ᠢ ᠪᠦᠲᠦᠭᠡᠨ ᠪᠠᠶᠢᠭᠤᠯᠬᠤ ᠳᠤ ᠬᠠᠨᠳᠤᠭᠤᠯᠤᠨ᠂ ᠴᠢᠨᠠᠷ ᠰᠠᠶᠢᠲᠠᠢ ᠴᠠᠭ ᠠᠭᠤᠷ ᠤᠨ ᠦᠢᠯᠡᠴᠢᠯᠡᠭᠡ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠢ ᠴᠠᠭ ᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ ᠠᠬᠢᠭᠤᠯᠵᠤ᠂ ᠬᠢᠨᠠᠨ ᠬᠡᠮᠵᠢᠬᠦ ᠨᠢ ᠨᠠᠷᠢᠯᠢᠭ᠂ ᠤᠷᠢᠳᠴᠢᠯᠠᠨ ᠮᠡᠳᠡᠭᠡᠯᠡᠬᠦ ᠨᠢ ᠨᠠᠷᠢᠯᠢᠭ᠂ ᠦᠢᠯᠡᠴᠢᠯᠡᠭᠡ ᠨᠢ ᠨᠠᠷᠢᠯᠢᠭ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠲᠣ ᠦᠶ᠎ᠡ ᠶᠢᠨ ᠴᠠᠭ ᠠᠭᠤᠷ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ ᠪᠠᠶᠢᠬᠤ ᠶᠢ ᠪᠥᠬᠦ ᠲᠠᠯ᠎ᠠ ᠪᠠᠷ ᠪᠠᠲᠤᠯᠠᠵᠤ᠂ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠠᠭ ᠠᠭᠤᠷ ᠤᠨ ᠦᠢᠯᠡᠴᠢᠯᠡᠭᠡᠨ ᠤ ᠪᠠᠲᠤ ᠴᠢᠩᠭ᠎ᠠ ᠪᠥᠭᠡᠳ ᠬᠦᠴᠦᠨ ᠲᠡᠭᠦᠯᠳᠡᠷ ᠪᠠᠲᠤᠯᠠᠭ᠎ᠠ ᠬᠠᠩᠭᠠᠬᠤ ᠬᠡᠷᠡᠭᠲᠡᠢ᠃       ︵ᠬᠤᠶᠠᠷ︶ ᠬᠥᠭᠵᠢᠯᠲᠡ ᠶᠢᠨ ᠬᠠᠷᠠᠯᠲᠠ       2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ ᠤ ᠣᠲᠣ ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ᠂ ᠦᠢᠯᠡᠴᠢᠯᠡᠭᠡ᠂ ᠲᠤᠬᠠᠶᠢᠯᠠᠭᠰᠠᠨ ᠠᠵᠢᠯ ᠤᠨ ᠰᠢᠰᠲ᠋ᠧᠮ ᠪᠠ ᠴᠠᠭ ᠠᠭᠤᠷ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠬᠥᠭᠵᠢᠯᠲᠡ ᠶᠢ ᠪᠠᠲᠤᠯᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠪᠥᠬᠦ ᠬᠤᠰᠢᠭᠤᠨ ᠤ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠣᠶᠤᠨᠴᠢ ᠴᠠᠭ ᠠᠭᠤᠷ ᠢᠶᠠᠷ ᠭᠤᠣᠯ ᠣᠨᠴᠠᠯᠢᠭ ᠪᠣᠯᠭᠠᠭᠰᠠᠨ ᠴᠠᠭ ᠠᠭᠤᠷ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠬᠢᠨᠠᠨ ᠬᠡᠮᠵᠢᠯᠲᠡ ᠶᠢ ᠨᠠᠩ ᠨᠠᠷᠢᠯᠢᠭ ᠪᠣᠯᠭᠠᠵᠤ᠂ ᠤᠷᠢᠳᠴᠢᠯᠠᠭᠰᠠᠨ ᠮᠡᠳᠡᠭᠡ ᠶᠢ ᠨᠠᠩ ᠣᠨᠣᠪᠴᠢᠲᠠᠶ ᠪᠣᠯᠭᠠᠵᠤ᠂ ᠦᠢᠯᠡᠴᠢᠯᠡᠭᠡ ᠶᠢ ᠨᠠᠩ ᠨᠠᠷᠢᠯᠢᠭ ᠪᠣᠯᠭᠠᠵᠤ  ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠴᠠᠭ ᠠᠭᠤᠷ ᠤᠨ ᠨᠦᠯᠦᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃        ᠬᠤᠶᠠᠷ᠂ ᠭᠤᠣᠯ ᠡᠭᠦᠷᠭᠡ       ︵ᠨᠢᠭᠡ︶ ᠴᠠᠭ ᠠᠭᠤᠷ ᠤᠨ ᠭᠤᠣᠯᠯᠠᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ      1. ᠪᠡᠶᠡᠲᠦ ᠨᠠᠷᠢᠯᠢᠭ ᠴᠠᠭ ᠠᠭᠤᠷ ᠤᠨ ᠬᠢᠨᠠᠨ ᠬᠡᠮᠵᠢᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠶᠢᠨ ᠲᠣᠣᠷ ᠤᠨ ᠪᠠᠶᠢᠷᠢᠰᠢᠯ ᠢ ᠰᠢᠯᠢᠳᠡᠭᠵᠢᠭᠦᠯᠵᠦ᠂ ᠤᠯᠠᠨ ᠡᠯᠧᠮᠧᠨ᠋ᠲ ᠤᠨ ᠠᠦ᠋ᠲ᠋ᠣ᠋ ᠴᠠᠭ ᠠᠭᠤᠷ ᠤᠨ ᠦᠷᠳᠡᠭᠡ ᠶᠢ ᠲᠡᠰ ᠳᠡᠪᠰᠢᠭᠦᠯᠬᠦ ᠪᠠ ᠥᠭᠡᠷᠡᠴᠢᠯᠡᠵᠦ᠂ ᠭᠠᠮᠰᠢᠭ ᠠᠮᠠᠷᠬᠠᠨ ᠡᠭᠦᠰᠳᠡᠭ ᠣᠷᠣᠨ᠂ ᠬᠥᠮᠥᠨ ᠠᠮᠠ ᠲᠥᠪᠯᠡᠷᠡᠭᠰᠡᠨ ᠣᠷᠣᠨ᠂ ᠦᠢᠯᠡᠴᠢᠯᠡᠭᠡᠨ ᠤ ᠬᠡᠷᠡᠭᠴᠡᠭᠡ ᠲᠣᠪᠣᠶᠢᠮ᠎ᠠ ᠣᠷᠣᠨ ᠵᠡᠷᠭᠡ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠭᠰᠠᠨ ᠨᠡᠶᠢᠭᠡᠮ ᠤᠨ ᠠᠵᠢᠭᠯᠠᠨ ᠬᠡᠮᠵᠢᠬᠦ ᠪᠠᠶᠢᠷᠢᠰᠢᠯ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ᠂ ᠠᠮᠢ ᠠᠬᠤᠢ᠂ ᠠᠶᠠᠯᠠᠯ ᠵᠢᠭᠤᠯᠴᠢᠯᠠᠯ ᠵᠡᠷᠭᠡ ᠲᠤᠰᠬᠠᠢ ᠮᠡᠷᠭᠡᠵᠢᠯ ᠤᠨ ᠠᠵᠢᠭᠯᠠᠨ ᠬᠡᠮᠵᠢᠬᠦ ᠥᠷᠲᠡᠭᠡ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠠᠭ ᠠᠭᠤᠷ ᠤᠨ ᠠᠵᠢᠭᠯᠠᠯᠲᠠ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠲᠥᠯᠦᠪᠵᠢᠭᠦᠯᠭᠡ ᠪᠣᠯᠣᠨ ᠴᠠᠭ ᠠᠭᠤᠷ ᠤᠨ ᠮᠠᠲ᠋ᠧᠷᠢᠶᠠᠯ ᠢ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠠᠭ ᠠᠭᠤᠷ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶       2. ᠨᠠᠷᠢᠯᠢᠭ ᠣᠨᠣᠪᠴᠢᠲᠠᠢ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠰᠢᠰᠲ᠋ᠧᠮ ᠢ ᠪᠠᠶᠢᠭᠤᠯᠤᠨ᠎ᠠ᠃ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠪᠠᠶᠢᠭᠤᠯᠤᠯ ᠢ ᠰᠢᠯᠢᠳᠡᠭᠵᠢᠭᠦᠯᠵᠦ᠂ ᠪᠤᠰᠤᠳᠴᠢ ᠤᠷᠢᠳᠴᠢᠯᠠᠨ ᠮᠡᠳᠡᠭᠡᠯᠡᠬᠦ ᠴᠢᠳᠠᠪᠤᠷᠢ ᠪᠠ ᠴᠢᠩᠭ᠎ᠠ ᠰᠣᠯᠢᠭ ᠤᠷᠤᠰᠬᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠷᠭᠡᠵᠢᠯ ᠢ ᠬᠥᠭᠵᠢᠭᠦᠯᠦᠨ᠂ ᠳᠤᠮᠳᠠ ᠵᠢᠵᠢᠭ ᠬᠡᠮ ᠬᠡᠮᠵᠢᠶ᠎ᠡ ᠶᠢᠨ ᠲᠤᠭ᠎ᠠ ᠬᠡᠮᠵᠢᠭᠳᠡᠯ ᠢ ᠤᠷᠢᠳᠴᠢᠯᠠᠨ ᠮᠡᠳᠡᠭᠡᠯᠡᠬᠦ ᠵᠠᠭᠪᠤᠷ ᠤᠨ ᠦᠢᠯᠡᠳᠬᠦᠨ᠂ ᠷᠠᠳᠠᠷ ᠤᠨ ᠬᠠᠶᠢᠨ ᠬᠡᠮᠵᠢᠯᠲᠡ᠂ ᠳᠠᠭᠠᠭᠤᠯᠢ ᠣᠳᠣᠨ ᠤ ᠠᠯᠤᠰ ᠰᠡᠷᠡᠯ ᠵᠢᠴᠢ ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠬᠠᠶᠢᠨ ᠬᠡᠮᠵᠢᠬᠦ ᠠᠷᠭ᠎ᠠ ᠪᠠᠷᠢᠯ ᠢ ᠲᠣᠰ ᠭᠠᠵᠠᠷ ᠲᠤᠨᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠣᠶᠢᠷ᠎ᠠ ᠬᠠᠪᠢ ᠶᠢᠨ ᠶᠡᠷᠦᠩᠬᠡᠶᠢᠯᠡᠭᠰᠡᠨ ᠵᠠᠳᠠᠯᠤᠯᠲᠠ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠬᠡᠰᠡᠭ ᠭᠠᠵᠠᠷ ᠤᠨ ᠰᠢᠷᠦᠭᠦᠨ ᠪᠣᠷᠣᠭᠠᠨ᠂ ᠶᠡᠭᠡ ᠰᠠᠯᠬᠢ᠂ ᠠᠶᠤᠩᠭ᠎ᠠ ᠴᠠᠬᠢᠯᠭᠠᠨ ᠵᠡᠷᠭᠡ ᠭᠠᠢ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ︽ᠲᠠᠪᠤᠨ ᠨᠢᠭᠡ︾᠎ ᠶᠢᠨ ᠨᠠᠷᠢᠯᠢᠭ ᠣᠨᠣᠪᠴᠢᠲᠠᠢ ᠪᠠᠷ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠡᠰᠡᠭ ᠭᠠᠵᠠᠷ ᠣᠷᠣᠨ ᠤ ᠴᠢᠩᠭ᠎ᠠ ᠴᠠᠭ ᠠᠭᠤᠷ ᠢ 1 ᠴᠠᠭ ᠤᠷᠢᠳᠴᠢᠯᠠᠨ ᠰᠡᠷᠡᠮᠵᠢᠯᠡᠭᠦᠯᠬᠦ᠂ ᠴᠠᠭ ᠠᠭᠤᠷ ᠢ 1 ᠡᠳᠦᠷ ᠤᠷᠢᠳᠴᠢᠯᠠᠨ ᠴᠠᠭ ᠳᠠᠷᠠᠭᠠᠯᠠᠨ ᠤᠷᠢᠳᠴᠢᠯᠠᠨ ᠮᠡᠳᠡᠭᠡᠯᠡᠬᠦ᠂ ᠭᠠᠮᠰᠢᠭᠲᠤ ᠴᠠᠭ ᠠᠭᠤᠷ ᠢ 1 ᠭᠠᠷᠠᠭ ᠤᠷᠢᠳᠴᠢᠯᠠᠨ ᠮᠡᠳᠡᠭᠡᠯᠡᠬᠦ᠂ ᠴᠢᠬᠤᠯᠠ ᠶᠡᠭᠡ ᠴᠠᠭ ᠠᠭᠤᠷ ᠤᠨ ᠪᠠᠶᠢᠳᠠᠯ ᠢ 1 ᠰᠠᠷ᠎ᠠ ᠤᠷᠢᠳᠴᠢᠯᠠᠨ ᠤᠷᠢᠳᠴᠢᠯᠠᠨ ᠮᠡᠳᠡᠭᠡᠯᠡᠬᠦ᠂ ᠠᠭᠤᠷ ᠠᠮᠢᠰᠬᠤᠯ ᠤᠨ ᠬᠡᠪ ᠤᠨ ᠪᠤᠰᠤ ᠪᠠᠶᠢᠳᠠᠯ ᠢ 1 ᠵᠢᠯ ᠤᠷᠢᠳᠴᠢᠯᠠᠨ ᠲᠥᠰᠥᠭᠡᠯᠡᠬᠦ ᠶᠢ ᠴᠢᠷᠮᠠᠶᠢᠨ ᠪᠡᠶᠡᠯᠡᠭᠦᠯᠦᠨ᠎ᠡ᠃ ᠤᠷᠢᠳᠴᠢᠯᠠᠨ ᠮᠡᠳᠡᠭᠡᠯᠡᠵᠦ ᠤᠷᠢᠳᠴᠢᠯᠠᠨ ᠵᠢᠱᠢᠵᠦ ᠰᠢᠯᠭᠠᠨ ᠪᠠᠶᠢᠴᠠᠭᠠᠬᠤ᠂ ᠮᠡᠷᠭᠡᠵᠢᠯ ᠤᠨ ᠳ᠋ᠦᠩᠨᠡᠯᠲᠡ᠂ ᠴᠠᠭ ᠠᠭᠤᠷ ᠤᠨ ᠶᠠᠪᠤᠴᠠ ᠶᠢᠨ ᠳᠠᠬᠢᠨ ᠳᠠᠪᠲᠠᠯᠲᠠ ᠶᠢᠨ ᠳ᠋ᠦᠩᠨᠡᠯᠲᠡ ᠵᠡᠷᠭᠡ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ︶       3. ᠣᠶᠤᠨᠴᠢ ᠴᠠᠭ ᠠᠭᠤᠷ ᠤᠨ ᠦᠢᠯᠡᠴᠢᠯᠡᠭᠡᠨ ᠤ ᠨᠠᠷᠢᠯᠢᠭᠵᠢᠭᠤᠯᠤᠭᠰᠠᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠶᠤᠨᠴᠢ ᠴᠠᠭ ᠠᠭᠤᠷ ᠤᠨ ᠦᠢᠯᠡᠴᠢᠯᠡᠭᠡᠨ ᠤ ᠲᠣᠭᠠᠵᠢᠭᠤᠯᠬᠤ᠂ ᠣᠶᠤᠨᠴᠢᠯᠠᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠵᠤ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠤᠲᠠ ᠶᠢᠨ ᠦᠶᠡᠷ ᠤᠰᠤᠲᠤᠯ᠂ ᠭᠠᠵᠠᠷ ᠵᠦᠢ ᠶᠢᠨ ᠭᠠᠢ ᠭᠠᠮᠰᠢᠭ᠂ ᠨᠤᠲᠤᠭ ᠪᠡᠯᠴᠢᠭᠡᠷ ᠤᠨ ᠭᠠᠯ ᠤᠨ ᠠᠶᠤᠯ ᠵᠡᠷᠭᠡ ᠶᠢ ᠬᠠᠮᠲᠤᠷᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ᠭᠠᠮᠰᠢᠭ ᠤᠨ ᠲᠥᠷᠥᠯ ᠵᠦᠢᠯ ᠪᠠ ᠬᠡᠷᠡᠭᠯᠡᠭᠴᠢ ᠶᠢ ᠢᠯᠭᠠᠬᠤ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠢᠳᠪᠦᠷᠢᠲᠦ ᠪᠣᠳᠣᠯᠭ᠎ᠠ ᠶᠢᠨ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠣᠨᠣᠪᠴᠢᠲᠠᠶ ᠴᠢᠭᠯᠡᠯ ᠢ ᠨᠡᠶᠢᠲᠡᠯᠡᠬᠦ ᠶᠢ ᠪᠡᠶᠡᠯᠡᠭᠦᠯᠦᠨ᠎ᠡ᠃ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠥᠪᠡᠷᠮᠢᠴᠡᠵᠢᠭᠰᠡᠨ᠂ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠦᠢᠯᠡᠳᠬᠦᠨ ᠢ ᠰᠤᠳᠤᠯᠤᠨ ᠨᠡᠭᠡᠭᠡᠵᠦ᠂ ᠴᠡᠭ ᠠᠴᠠ ᠴᠡᠭ ᠲᠤ ᠨᠠᠷᠢᠯᠢᠭ ᠣᠨᠣᠪᠴᠢᠲᠠᠢ ᠪᠠᠷ ᠬᠦᠷᠭᠡᠬᠦ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠰᠡᠷᠡᠵᠦ ᠮᠡᠳᠡᠭᠰᠡᠨ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠨᠠᠷᠢᠯᠢᠭᠵᠢᠭᠤᠯᠤᠭᠰᠠᠨ ᠰᠢᠰᠲ᠋ᠧᠮ ᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠡᠯ᠎ᠡ ᠴᠢᠮᠡᠭᠡ ᠬᠤᠯᠪᠣᠭᠠᠨ ᠤ ᠺᠣᠮᠫᠠᠨᠢ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶       ︵ᠬᠤᠶᠠᠷ︶ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ       4. ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠮᠰᠢᠭ ᠤᠨ ᠲᠦᠷᠦᠯ ᠵᠦᠢᠯ ᠬᠤᠪᠢᠶᠠᠬᠤ᠂ ᠭᠤᠣᠯᠳᠠᠯᠭ᠎ᠠ ᠲᠠᠢ ᠠᠵᠢᠯ ᠲᠦᠷᠦᠯ ᠬᠤᠪᠢᠶᠠᠭᠰᠠᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠦᠷᠢᠨᠰᠢᠭᠦᠯᠵᠦ᠂ ᠴᠢᠩᠭ᠎ᠠ ᠰᠣᠯᠢᠭ ᠤᠷᠤᠰᠬᠠᠯ᠂ ᠰᠢᠷᠦᠭᠦᠨ ᠪᠣᠷᠣᠭᠠᠨ᠂ ᠶᠡᠭᠡ ᠴᠠᠰᠤ᠂ ᠬᠦᠢᠲᠡᠨ ᠤᠷᠤᠰᠬᠠᠯ᠂ ᠶᠡᠭᠡ ᠰᠠᠯᠬᠢ᠂ ᠬᠢᠷᠠᠭᠤ ᠬᠥᠯᠳᠡᠬᠦ ᠵᠡᠷᠭᠡ ᠭᠠᠮᠰᠢᠭᠲᠤ ᠴᠠᠭ ᠠᠭᠤᠷ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠤᠳᠤᠷᠢᠳᠤᠮᠵᠢ ᠶᠢᠨ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶       5. ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢ ᠠᠷᠭᠠᠴᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠡᠷᠡᠭᠯᠡᠬᠦ ᠠᠵᠢᠯ ᠢ ᠠᠬᠢᠭᠤᠯᠵᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠴᠢᠬᠤᠯᠠ ᠬᠥᠭᠵᠢᠯᠲᠡ ᠶᠢᠨ ᠲᠥᠯᠦᠪᠵᠢᠭᠦᠯᠭᠡ ᠪᠠ ᠬᠠᠮᠢᠶ᠎ᠠ ᠪᠦᠬᠦᠢ ᠭᠤᠣᠯᠳᠠᠯᠭ᠎ᠠ ᠲᠠᠢ ᠬᠦᠷᠢᠶᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠢᠯᠡᠴᠢᠯᠡᠭᠡᠨ ᠤ ᠴᠢᠳᠠᠪᠤᠷᠢ ᠪᠣᠯᠣᠨ ᠲᠦᠭᠰᠢᠭᠦᠷᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠨᠡᠶᠢᠭᠡᠮ ᠪᠣᠯᠣᠨ ᠠᠵᠤ ᠠᠬᠤᠢ ᠶᠢᠨ ᠦᠷ᠎ᠡ ᠠᠰᠢᠭ ᠢ ᠦᠨᠡᠨᠬᠦ ᠪᠠᠳᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠪᠠ ᠴᠠᠭ ᠠᠭᠤᠷ ᠤᠨ ᠰᠣᠶᠣᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠵᠠᠰᠠᠭ ᠤᠨ ᠤᠳᠤᠷᠢᠳᠬᠤ ᠺᠠᠳ᠋ᠷ ᠪᠣᠯᠣᠨ ᠤᠯᠠᠨ ᠲᠦᠮᠡᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠡᠯ᠎ᠡ ᠴᠢᠮᠡᠭᠡ ᠬᠤᠯᠪᠣᠭᠠᠨ ᠤ ᠺᠣᠮᠫᠠᠨᠢ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶       6. ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠢ ᠪᠠᠷᠢᠮᠲᠠᠯᠠᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠡᠯ᠎ᠡ ᠱᠠᠲᠤᠨ ᠤ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠰᠢᠰᠲ᠋ᠧᠮ ᠳᠤ ᠣᠷᠣᠭᠤᠯᠤᠨ᠎ᠠ᠃ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠪᠤᠶᠢᠳᠠ ᠪᠥᠭᠯᠡᠭᠦᠦ ᠰᠤᠮᠤ ᠭᠠᠴᠠᠭ᠎ᠠ ᠪᠠ ᠬᠢᠯᠢ ᠶᠢᠨ ᠬᠠᠮᠠᠭᠠᠯᠠᠯᠲᠠ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠶᠢ ᠵᠣᠯᠭᠠᠭᠤᠯᠬᠤ ᠶᠢ ᠴᠢᠩᠭᠠᠷᠠᠭᠤᠯᠵᠤ᠂ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠᠷ ᠤᠳᠤᠷᠢᠳᠤᠮᠵᠢ ᠪᠣᠯᠭᠠᠭᠰᠠᠨ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠭᠰᠡᠨ᠂ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠷᠣᠯᠴᠠᠭᠰᠠᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶       7. ᠠᠶᠤᠩᠭ᠎ᠠ ᠠᠴᠠ ᠰᠡᠷᠭᠡᠶᠢᠯᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠦᠢᠯᠡᠳᠪᠦᠷᠢᠯᠡᠯ ᠤᠨ ᠤᠳᠤᠷᠢᠳᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠬᠠᠷᠠᠯᠲᠠᠲᠤ ᠬᠢᠨᠠᠨ ᠰᠢᠯᠭᠠᠬᠤ ᠰᠢᠰᠲ᠋ᠧᠮ ᠳᠤ ᠣᠷᠣᠭᠤᠯᠵᠤ᠂ ᠡᠯ᠎ᠡ ᠰᠠᠯᠠᠭ᠎ᠠ ᠮᠥᠴᠢᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠪᠠᠳᠠᠷᠠᠭᠤᠯᠤᠨ᠎ᠠ᠃ ᠨᠣᠴᠣᠮᠠᠲᠠᠭᠠᠢ ᠳᠡᠯᠪᠡᠷᠡᠮᠡᠲᠡᠭᠡᠢ ᠵᠡᠷᠭᠡ ᠠᠶᠤᠯᠲᠠᠢ ᠬᠢᠮᠢ ᠶᠢᠨ ᠪᠣᠳᠠᠰ ᠤᠨ ᠲᠠᠯᠠᠪᠤᠷ ᠭᠠᠵᠠᠷ ᠤᠨ ᠠᠶᠤᠩᠭ᠎ᠠ ᠴᠠᠬᠢᠯᠭᠠᠨ ᠤ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠥᠪᠰᠢᠶᠡᠷᠡᠯ ᠢ ᠲᠥᠷᠥᠯ ᠵᠦᠢᠯ ᠤᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠴᠤᠪᠤᠷᠠᠯ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ︶      ︵ᠭᠤᠷᠪᠠ︶ ᠴᠠᠭ ᠠᠭᠤᠷ ᠤᠨ ᠦᠢᠯᠡᠴᠢᠯᠡᠭᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ       8. ᠴᠠᠭ ᠠᠭᠤᠷ ᠢᠶᠠᠷ ᠮᠠᠯ ᠠᠵᠤ ᠠᠬᠤᠢ ᠳᠤ ᠦᠢᠯᠡᠴᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠬᠦᠴᠦ ᠨᠡᠮᠡᠷᠢᠯᠡᠨ᠎ᠡ᠃ ᠴᠠᠭ ᠠᠭᠤᠷ ᠬᠢᠭᠡᠳ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠬᠤᠭᠤᠷᠣᠨᠳᠤ ᠪᠠᠨ ᠬᠠᠮᠲᠤᠷᠠᠯᠴᠠᠵᠤ ᠬᠠᠮᠲᠤᠪᠠᠷ ᠭᠥᠷᠳᠡᠬᠦ ᠶᠢ ᠭᠦᠨᠵᠡᠭᠡᠶᠢᠷᠡᠭᠦᠯᠵᠦ᠂ ᠭᠠᠴᠠᠭ᠎ᠠ ᠲᠣᠰᠬᠤᠨ ᠤ ᠱᠠᠲᠤᠨ ᠤ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠡᠰᠡᠷᠭᠦᠴᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠠᠯ ᠠᠵᠤ ᠠᠬᠤᠢ ᠶᠢᠨ ᠬᠥᠭᠵᠢᠯᠲᠡ ᠶᠢᠨ ᠴᠠᠭ ᠠᠭᠤᠷ ᠤᠨ ᠦᠢᠯᠡᠴᠢᠯᠡᠭᠡ ᠶᠢ ᠴᠢᠩᠭᠠᠷᠠᠭᠤᠯᠤᠨ᠂ ᠲᠡᠵᠢᠭᠡᠯ ᠡᠪᠡᠰᠦᠨ ᠤ ᠪᠤᠶᠢᠵᠢᠯᠲᠠ ᠶᠢᠨ ᠬᠤᠭᠤᠴᠠᠭᠠᠨ ᠤ ᠬᠥᠳᠡᠯᠦᠩᠭᠦᠢ ᠬᠢᠨᠠᠨ ᠬᠡᠮᠵᠢᠯᠲᠡ ᠪᠠ ᠵᠠᠩᠭᠢᠯᠠᠭ᠎ᠠ ᠶᠢᠨ ᠪᠤᠶᠢᠵᠢᠯᠲᠠ ᠶᠢᠨ ᠬᠤᠭᠤᠴᠠᠭᠠᠨ ᠤ ᠤᠷᠢᠳᠴᠢᠯᠠᠭᠰᠠᠨ ᠮᠡᠳᠡᠭᠡ ᠶᠢ ᠪᠡᠶᠡᠯᠡᠭᠦᠯᠵᠦ᠂ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠦᠢᠯᠡᠴᠢᠯᠡᠭᠡᠨ ᠢ ᠥᠷᠨᠢᠭᠦᠯᠦᠨ᠎ᠡ᠃ ᠣᠨᠴᠠᠯᠢᠭᠲᠤ ᠮᠠᠯ ᠠᠵᠤ ᠠᠬᠤᠢ ᠶᠢᠨ ᠠᠭᠤᠷ ᠠᠮᠢᠰᠬᠤᠯ ᠤᠨ ᠡᠬᠢ ᠪᠠᠶᠠᠯᠢᠭ ᠢ ᠠᠭᠤᠳᠠᠯᠵᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠪᠠᠷ ᠲᠥᠯᠥᠭᠡᠯᠡᠭᠦᠯᠦᠭᠰᠡᠨ ᠮᠠᠯ ᠤᠨ ᠠᠰᠢᠭ ᠰᠢᠮ᠎ᠡ ᠶᠢᠨ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ ᠭᠡᠷᠡᠴᠢᠯᠡᠭᠡ ᠶᠢ ᠠᠬᠢᠭᠤᠯᠵᠤ᠂ ︽ᠠᠭᠤᠷ ᠠᠮᠢᠰᠬᠤᠯ ᠰᠠᠶᠢᠨ ᠪᠦᠲᠦᠭᠡᠭᠳᠡᠬᠦᠨ︾᠎ ᠢ ᠪᠣᠶ ᠪᠣᠯᠭᠠᠨ᠎ᠠ᠃ ᠮᠢᠬᠠᠨ ᠤ ᠬᠤᠨᠢᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠦᠨᠡᠯᠡᠨ ᠵᠢᠱᠢᠬᠦ ᠠᠵᠢᠯ ᠳᠤ ᠬᠦᠴᠦ ᠨᠡᠮᠡᠷᠢᠯᠡᠵᠦ᠂ ︽ᠨᠢᠭᠡ ᠬᠤᠰᠢᠭᠤᠨ ᠳᠤ ᠨᠢᠭᠡ ᠪᠦᠲᠦᠭᠡᠭᠳᠡᠬᠦᠨ︾᠎ ᠤ ᠠᠮᠤᠷ ᠲᠦᠪᠰᠢᠨ ᠤ ᠴᠠᠭ ᠠᠭᠤᠷ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶       9. ᠵᠢᠭᠤᠯᠴᠢᠯᠠᠯ᠂ ᠮᠥᠰᠥ ᠴᠠᠰᠤᠨ ᠤ ᠠᠵᠤ ᠦᠢᠯᠡᠰ ᠤᠨ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠠᠶᠠᠯᠠᠯ ᠵᠢᠭᠤᠯᠴᠢᠯᠠᠯ ᠤᠨ ᠠᠮᠤᠷ ᠲᠦᠪᠰᠢᠨ ᠴᠠᠭ ᠠᠭᠤᠷ ᠤᠨ ᠦᠢᠯᠡᠴᠢᠯᠡᠭᠡᠨ ᠤ ᠬᠠᠩᠭᠠᠯᠭ᠎ᠠ ᠶᠢ ᠴᠠᠭ ᠠᠭᠤᠷ ᠤᠨ ᠠᠮᠢ ᠠᠬᠤᠢ ᠶᠢᠨ ᠡᠬᠢ ᠪᠠᠶᠠᠯᠢᠭ᠂ ᠮᠥᠰᠥ ᠴᠠᠰᠤᠨ ᠤ ᠡᠬᠢ ᠪᠠᠶᠠᠯᠢᠭ᠂ ᠴᠠᠭ ᠠᠭᠤᠷ ᠤᠨ ᠦᠵᠡᠮᠵᠢ ᠶᠢᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠮᠥᠰᠥ ᠴᠠᠰᠤᠨ ᠤ ᠨᠠᠭᠠᠳᠤᠮ᠂ ᠨᠡᠭᠦᠳᠡᠯ ᠤᠨ ᠰᠢᠪᠠᠭᠤᠳ ᠤᠨ ᠦᠵᠡᠮᠦᠷᠢ᠂ ᠰᠣᠳᠣᠨ ᠮᠠᠯᠴᠢᠳ ᠤᠨ ᠵᠢᠭᠤᠯᠴᠢᠯᠠᠯ᠂ ᠮᠣᠩᠭᠤᠯ ᠠᠳᠤᠭᠤᠨ ᠤ ᠰᠣᠶᠣᠯ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠠᠮᠲᠠᠲᠤ ᠢᠳᠡᠭᠡᠨ ᠵᠡᠷᠭᠡ ᠣᠨᠴᠠᠯᠢᠭᠲᠤ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠢ ᠤᠷᠲᠤᠳᠬᠠᠨ ᠬᠥᠭᠵᠢᠭᠦᠯᠦᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠢ ᠭᠠᠮᠰᠢᠭ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠬᠦ ᠲᠣᠭᠲᠠᠴᠠ ᠶᠢ ᠪᠠᠶᠢᠭᠤᠯᠤᠨ᠂ ᠪᠣᠭᠳᠠᠠᠭᠤᠯᠠ ᠶᠢᠨ ᠣᠯᠠᠨ ᠤᠯᠤᠰ ᠤᠨ ᠵᠠᠩ ᠦᠶᠯᠡ ᠶᠢᠨ ᠰᠣᠶᠣᠯ ᠵᠢᠭᠤᠯᠴᠢᠯᠠᠯ ᠤᠨ ᠨᠠᠶᠢᠷ᠂ ᠮᠥᠩᠭᠦᠨ ᠪᠠᠷᠭᠤ ᠶᠢᠨ ᠨᠡᠭᠦᠳᠡᠯ ᠰᠣᠶᠣᠯ ᠤᠨ ᠨᠠᠶᠢᠷ ᠵᠡᠷᠭᠡ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠲᠤ ᠴᠠᠭ ᠠᠭᠤᠷ ᠤᠨ ᠬᠦᠴᠦᠲᠡᠢ ᠲᠤᠯᠭᠠᠭᠤᠷᠢᠯᠠᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶       10. ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠳᠤᠮᠳᠠᠬᠢ ᠡᠯ᠎ᠡ ᠱᠠᠲᠤᠨ ᠤ ᠵᠠᠰᠠᠭ ᠤᠨ ᠣᠷᠳᠣᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠵᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠣᠷᠣᠭᠤᠯᠤᠯᠲᠠ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠮᠤᠷ ᠲᠦᠪᠰᠢᠨ ᠪᠥᠭᠡᠳ ᠥᠨᠳᠥᠷ ᠦᠷ᠎ᠡ ᠪᠦᠲᠦᠮᠵᠢᠲᠡᠶ ᠠᠵᠢᠯᠯᠠᠬᠤ ᠮᠡᠷᠭᠡᠵᠢᠯ ᠪᠠ ᠥᠨᠳᠥᠷ ᠴᠢᠳᠠᠪᠬᠢᠲᠤ ᠰᠢᠨ᠎ᠡ ᠬᠡᠯᠪᠡᠷᠢ ᠶᠢᠨ ᠠᠵᠢᠯᠯᠠᠬᠤ ᠲᠣᠨᠤᠭ ᠲᠥᠬᠦᠭᠡᠷᠦᠮᠵᠢ ᠶᠢ ᠬᠥᠭᠵᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠬᠦ᠂ ᠴᠢᠬᠤᠯᠠ ᠶᠡᠭᠡ ᠠᠵᠢᠯᠯᠠᠭ᠎ᠠ ᠶᠢᠨ ᠪᠠᠲᠤᠯᠠᠭ᠎ᠠ᠂ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯᠯᠠᠭ᠎ᠠ ᠶᠢᠨ ᠰᠡᠷᠭᠡᠶᠢᠯᠡᠨ ᠬᠠᠮᠠᠭᠠᠯᠠᠬᠤ ᠦᠢᠯᠡᠳᠦᠯ ᠴᠢᠳᠠᠪᠤᠷᠢ ᠪᠠ ᠦᠢᠯᠡᠴᠢᠯᠡᠭᠡᠨ ᠤ ᠪᠠᠲᠤᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶       ︵ᠳᠥᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ      11. ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠠᠭ ᠠᠭᠤᠷ ᠤᠨ ᠪᠠᠲᠤᠯᠠᠭ᠎ᠠ ᠶᠢ ᠴᠢᠩᠭᠠᠳᠬᠠᠨ᠎ᠠ᠃ ᠣᠯᠠᠨ ᠡᠬᠢᠲᠦ ᠳᠠᠭᠠᠭᠤᠯᠢ ᠣᠳᠣᠨ ᠤ ᠠᠯᠤᠰ ᠰᠡᠷᠡᠯ ᠤᠨ ᠮᠠᠲ᠋ᠧᠷᠢᠶᠠᠯ ᠪᠠ ᠰᠢᠨ᠎ᠡ ᠬᠡᠯᠪᠡᠷᠢ ᠶᠢᠨ ᠠᠵᠢᠭᠯᠠᠯᠲᠠ ᠶᠢᠨ ᠮᠠᠲ᠋ᠧᠷᠢᠶᠠᠯ ᠤᠨ ᠲᠠᠯ᠎ᠠ ᠨᠤᠲᠤᠭ ᠤᠨ ᠠᠬᠤᠢ ᠪᠠᠶᠢᠳᠠᠯ ᠳᠣᠣᠷᠠᠬᠢ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ︾᠎ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢᠨ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠠᠮᠢ ᠠᠬᠤᠢ ᠶᠢᠨ ᠨᠥᠬᠦᠪᠦᠷᠢ ᠥᠭᠬᠦ ᠪᠠ ᠬᠢᠨᠠᠨ ᠬᠠᠮᠢᠶᠠᠷᠬᠤ ᠳᠤ ᠴᠠᠭ ᠠᠭᠤᠷ ᠤᠨ ᠲᠤᠯᠭᠠᠭᠤᠷᠢᠯᠠᠯ ᠬᠠᠩᠭᠠᠨ᠎ᠠ᠃ ᠠᠮᠢ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠶᠠᠷ ᠶᠡᠭᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠶᠠᠷ ᠶᠡᠭᠡ ᠨᠠᠭᠤᠷ ᠴᠥᠭᠦᠷᠥᠮ᠂ ᠶᠢᠰᠦᠨ ᠶᠡᠭᠡ ᠨᠤᠭᠤ ᠭᠠᠵᠠᠷ᠂ ᠪᠣᠭᠳᠠᠠᠭᠤᠯᠠ ᠵᠡᠷᠭᠡ ᠭᠤᠣᠯᠳᠠᠯᠭ᠎ᠠ ᠲᠠᠢ ᠬᠠᠮᠠᠭᠠᠯᠠᠯᠲᠠ ᠶᠢᠨ ᠣᠷᠣᠨ ᠪᠦᠰᠡ ᠶᠢᠨ ᠲᠣᠭᠤᠷᠢᠨ ᠳᠤ᠂ ᠠᠮᠢ ᠠᠬᠤᠢ ᠶᠢᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯᠡᠰᠦᠷᠬᠡᠭ ᠭᠠᠵᠠᠷ ᠤᠨ ᠴᠠᠭ ᠠᠭᠤᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ᠂ ᠨᠡᠶᠢᠲᠡᠯᠢᠭ ᠨᠤᠲᠤᠭ ᠪᠡᠯᠴᠢᠭᠡᠷ ᠤᠨ ᠮᠠᠭᠤᠵᠢᠷᠠᠵᠤ ᠡᠯᠡᠰᠦᠷᠬᠡᠭᠵᠢᠬᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠡᠯᠡᠰᠦᠷᠬᠡᠭ ᠭᠠᠵᠠᠷ ᠤᠨ ᠠᠮᠢ ᠠᠬᠤᠢ ᠶᠢ ᠠᠵᠤ ᠦᠢᠯᠡᠰᠵᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠠᠭᠤᠷ ᠠᠮᠢᠰᠬᠤᠯ ᠤᠨ ᠪᠣᠳᠠᠲᠤ ᠶᠠᠪᠤᠳᠠᠯ ᠤᠨ ᠦᠨᠳᠦᠰᠦᠯᠡᠯ ᠬᠠᠩᠭᠠᠨ᠎ᠠ᠃      12. ᠠᠮᠢ ᠠᠬᠤᠢ ᠶᠢ ᠰᠡᠷᠭᠦᠭᠡᠬᠦ ᠠᠶᠠᠯᠠᠯ ᠤᠨ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶       13᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ ᠢᠳᠡᠪᠬᠢᠲᠡᠢ ᠳᠡᠮᠵᠢᠨ᠎ᠡ᠃ ᠬᠥᠯᠥᠨ ᠨᠠᠭᠤᠷ ᠤᠨ ᠡᠷᠬᠢᠨ ᠲᠣᠭᠤᠷᠢᠨ ᠤ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠳᠣ ᠬᠤᠭᠤᠴᠠᠭ᠎ᠠ ᠪᠠᠷ ᠪᠠᠶᠢᠷᠢ ᠲᠣᠭᠲᠠᠭᠠᠨ ᠠᠮᠢ ᠠᠬᠤᠢ ᠶᠢᠨ ᠬᠢᠨᠠᠨ ᠬᠡᠮᠵᠢᠯᠲᠡ ᠶᠢ ᠥᠷᠨᠢᠭᠦᠯᠵᠦ᠂ ᠳᠠᠭᠠᠭᠤᠯᠢ ᠣᠳᠣᠨ ᠤ ᠠᠯᠤᠰ ᠰᠡᠷᠡᠯ ᠤᠨ ᠴᠠᠭ ᠠᠭᠤᠷ ᠤᠨ ᠬᠢᠨᠠᠨ ᠬᠡᠮᠵᠢᠯᠲᠡ ᠶᠢᠨ ᠰᠠᠪᠠ ᠭᠠᠵᠠᠷ ᠤᠨ ᠴᠠᠭ ᠠᠭᠤᠷ ᠤᠨ ᠵᠢᠱᠢᠯᠲᠡ ᠶᠢᠨ ᠤᠷᠢᠳᠴᠢᠯᠠᠨ ᠮᠡᠳᠡᠭᠡᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠰᠠᠪᠠ ᠭᠠᠵᠠᠷ ᠤᠨ ᠨᠠᠷᠢᠯᠢᠭ ᠣᠨᠣᠪᠴᠢᠲᠠᠢ ᠪᠠᠷ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠠᠪᠠ ᠭᠠᠵᠠᠷ ᠤᠨ ᠠᠭᠤᠷ ᠠᠮᠢᠰᠬᠤᠯ ᠤᠨ ᠵᠢᠱᠢᠯᠲᠡ ᠶᠢᠨ ᠦᠢᠯᠡᠴᠢᠯᠡᠭᠡ ᠶᠢ ᠬᠥᠭᠵᠢᠭᠦᠯᠦᠨ᠎ᠡ︔ ᠭᠤᠣᠯᠳᠠᠯᠭ᠎ᠠ ᠲᠠᠢ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠠᠮᠤᠷ ᠲᠦᠪᠰᠢᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠨᠠᠭᠤᠷ ᠤᠨ ᠲᠠᠯᠠᠪᠠᠶ᠂ ᠬᠥᠬᠡ ᠵᠠᠮᠠᠭ ᠤᠨ ᠤᠰᠤᠨ ᠤ ᠥᠩᠭᠡ ᠵᠡᠷᠭᠡ ᠴᠠᠭ ᠠᠭᠤᠷ ᠤᠨ ᠨᠥᠬᠦᠴᠡᠯ ᠢ ᠬᠢᠨᠠᠨ ᠰᠢᠨᠵᠢᠵᠦ ᠵᠠᠳᠠᠯᠤᠨ ᠦᠨᠡᠯᠡᠬᠦ ᠠᠵᠢᠯ ᠢ ᠥᠷᠨᠢᠭᠦᠯᠵᠦ᠂ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠯᠥᠨ ᠨᠠᠭᠤᠷ ᠤᠨ ᠰᠠᠪᠠ ᠭᠠᠵᠠᠷ ᠤᠨ ᠤᠰᠤᠨ ᠴᠣᠭᠴᠠ ᠶᠢ ᠠᠵᠢᠭᠯᠠᠨ ᠬᠡᠮᠵᠢᠭᠰᠡᠨ ᠲᠤᠭ᠎ᠠ ᠪᠠᠷᠢᠮᠲᠠ ᠪᠠ ᠤᠷᠢᠳᠴᠢᠯᠠᠨ ᠮᠡᠳᠡᠭᠡᠯᠡᠬᠦ ᠪᠦᠲᠦᠭᠡᠭᠳᠡᠬᠦᠨ ᠢ ᠬᠠᠮᠲᠤᠪᠠᠷ ᠭᠥᠷᠳᠡᠬᠦ ᠶᠢ ᠴᠢᠩᠭᠠᠷᠠᠭᠤᠯᠤᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠥᠯᠥᠨ ᠨᠠᠭᠤᠷ ᠤᠨ ᠰᠠᠪᠠ ᠭᠠᠵᠠᠷ ᠤᠨ ᠴᠠᠭ ᠠᠭᠤᠷ ᠤᠨ ᠦᠢᠯᠡᠴᠢᠯᠡᠭᠡᠨ ᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠥᠯᠥᠨ ᠨᠠᠭᠤᠷ ᠤᠨ ᠬᠠᠮᠢᠶᠠᠷᠴᠤ ᠬᠠᠮᠠᠭᠠᠯᠠᠬᠤ ᠥᠷᠲᠡᠭᠡ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ︶       14. ᠠᠭᠤᠷ ᠠᠮᠢᠰᠬᠤᠯ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠷᠠᠭᠤᠯᠤᠨ᠎ᠠ᠃ ︽ᠬᠤᠣᠰ ᠨᠡᠭᠦᠷᠡᠰᠦᠲᠥ᠋ᠷᠥᠭᠴᠢᠲᠦ︾ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠠᠯᠤᠰ ᠰᠡᠷᠡᠯ ᠤᠨ ︽ᠨᠡᠭᠦᠷᠡᠰᠦᠲᠥ᠋ᠷᠥᠭᠴᠢ ᠶᠢ ᠬᠤᠷᠠᠭᠤᠯᠬᠤ ᠭᠦᠢᠴᠡᠳᠬᠡᠯ ᠲᠤᠭ᠎ᠠ︾᠎ ᠶᠢᠨ ᠰᠤᠳᠤᠯᠭᠠᠨ ᠢ ᠰᠦᠪᠡᠭᠴᠢᠯᠡᠨ ᠬᠢᠵᠦ᠂ ᠠᠮᠢ ᠠᠬᠤᠢ ᠶᠢᠨ ᠰᠢᠰᠲ᠋ᠧᠮ ᠤᠨ ᠨᠥᠯᠥᠭᠡ ᠶᠢ ᠦᠨᠡᠯᠡᠨ ᠵᠢᠱᠢᠬᠦ ᠶᠢ ᠴᠢᠩᠭᠠᠳᠬᠠᠨ᠎ᠠ᠃ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠨᠤᠲᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠣᠷᠣᠨ ᠪᠦᠰᠡ ᠶᠢᠨ ᠨᠡᠭᠡᠭᠡᠨ ᠬᠥᠭᠵᠢᠭᠦᠯᠦᠯᠲᠡ ᠵᠡᠷᠭᠡ ᠳᠤ ᠬᠠᠨᠳᠤᠭᠤᠯᠤᠭᠰᠠᠨ ᠴᠢᠬᠤᠯᠠ ᠶᠡᠭᠡ ᠲᠥᠯᠦᠪᠵᠢᠭᠦᠯᠭᠡ ᠵᠢᠴᠢ ᠡᠨᠧᠷᠭᠢ ᠶᠢᠨ ᠰᠤᠷᠪᠤᠯᠵᠢ᠂ ᠵᠠᠮ ᠬᠠᠷᠢᠯᠴᠠᠭ᠎ᠠ᠂ ᠠᠮᠢ ᠠᠬᠤᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠵᠦᠢᠯᠡᠰ ᠤᠨ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠨᠤᠲᠠᠯᠠᠯᠲᠠ ᠪᠠ ᠴᠠᠭ ᠠᠭᠤᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠠᠤᠯᠢ ᠶᠣᠰᠣᠭᠠᠷ ᠥᠷᠨᠢᠭᠦᠯᠦᠨ᠎ᠡ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢᠨ ᠨᠡᠭᠡᠭᠡᠨ ᠬᠥᠭᠵᠢᠭᠦᠯᠬᠦ ᠡᠬᠢ ᠪᠠᠶᠠᠯᠢᠭ ᠤᠨ ᠬᠡᠮᠵᠢᠶ᠎ᠡ ᠶᠢ ᠦᠨᠡᠯᠡᠨ ᠵᠢᠱᠢᠬᠦ ᠪᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠳᠤ ᠬᠦᠴᠦᠨ ᠨᠡᠮᠡᠷᠢᠯᠡᠵᠦ᠂ ᠠᠭᠤᠷ ᠠᠮᠢᠰᠬᠤᠯ ᠤᠨ ᠡᠬᠢ ᠪᠠᠶᠠᠯᠢᠭ ᠢ ᠠᠰᠢᠭᠯᠠᠬᠤ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶     ︵ᠲᠠᠪᠤ︶ ᠴᠢᠳᠠᠪᠤᠷᠢᠲᠠᠨ ᠤ ᠡᠩᠨᠡᠭᠡ ᠪᠠ ᠥᠷᠲᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ       15. ᠴᠠᠭ ᠠᠭᠤᠷ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠪᠠ ᠨᠡᠶᠢᠭᠡᠮ ᠤᠨ ᠴᠠᠭ ᠠᠭᠤᠷ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠩᠨᠡᠭᠡ ᠶᠢ ᠬᠥᠮᠥᠵᠢᠭᠦᠯᠦᠨ᠎ᠡ᠃ ᠲᠤᠰᠬᠠᠢ ᠵᠦᠢᠯ ᠤᠨ ᠴᠢᠳᠠᠪᠤᠷᠢᠲᠠᠨ ᠤ ᠲᠥᠯᠥᠪᠯᠡᠭᠡ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠵᠢᠯᠣᠭᠤᠳᠤᠯᠭ᠎ᠠ ᠳᠣᠣᠷ᠎ᠠ᠂ ᠨᠢᠭᠡ ᠪᠦᠯᠦᠭ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠥᠵᠢᠭᠦᠯᠦᠨ ᠪᠣᠶᠢᠵᠢᠭᠤᠯᠵᠤ᠂ ᠨᠢᠭᠡᠨ ᠰᠠᠯᠠᠭ᠎ᠠ ᠥᠷᠢᠰᠦᠯᠳᠦᠬᠦ ᠬᠦᠴᠦᠨ ᠲᠠᠢ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠠᠭ ᠠᠭᠤᠷ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠪᠥᠬᠦ ᠬᠤᠲᠠ ᠶᠢᠨ ᠴᠠᠭ ᠠᠭᠤᠷ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠡᠩᠨᠡᠭᠡ ᠳᠤ ᠣᠷᠣᠬᠤ ᠠᠬᠢᠴᠠ ᠶᠢ ᠲᠦᠷᠭᠡᠳᠬᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶       16. ᠴᠠᠭ ᠠᠭᠤᠷ ᠤᠨ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠰᠢᠨ᠎ᠡ ᠶᠢ ᠡᠭᠦᠳᠬᠦ ᠦᠨ᠎ᠡ ᠥᠷᠲᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠴᠠᠭ ᠠᠭᠤᠷ ᠤᠨ ᠴᠢᠳᠠᠪᠤᠷᠢᠲᠠᠨ ᠤ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠠᠵᠢᠯ ᠤᠨ ᠠᠮᠵᠢᠯᠲᠠ ᠪᠦᠲᠦᠮᠵᠢ᠂ ᠪᠣᠳᠠᠲᠠᠢ ᠬᠤᠪᠢ ᠨᠡᠮᠡᠷᠢ ᠵᠡᠷᠭᠡ ᠲᠠᠢ ᠨᠢᠭᠲᠠ ᠬᠤᠯᠪᠣᠭ᠎ᠠ ᠲᠠᠢ᠂ ᠴᠢᠳᠠᠪᠤᠷᠢᠲᠠᠨ ᠤ ᠦᠨ᠎ᠡ ᠥᠷᠲᠡᠭ ᠢ ᠭᠦᠢᠴᠡᠳ ᠢᠯᠡᠷᠡᠭᠦᠯᠵᠦ᠂ ᠰᠢᠨ᠎ᠡ ᠶᠢ ᠡᠭᠦᠳᠦᠨ ᠪᠦᠲᠦᠭᠡᠬᠦ ᠶᠢ ᠵᠣᠷᠢᠭᠵᠢᠭᠤᠯᠬᠤ ᠬᠤᠪᠢᠶᠠᠷᠢᠯᠠᠯᠲᠠ ᠶᠢᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠂ ᠴᠠᠭ ᠠᠭᠤᠷ ᠤᠨ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠣᠷᠣᠨ ᠨᠤᠲᠤᠭ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠣᠷᠣᠭᠤᠯᠵᠤ᠂ ᠴᠠᠭ ᠠᠭᠤᠷ ᠤᠨ ᠴᠢᠳᠠᠪᠤᠷᠢᠲᠠᠨ ᠤ ᠮᠠᠨ ᠤ ᠬᠤᠰᠢᠭᠤᠨ ᠤ ᠴᠢᠳᠠᠪᠤᠷᠢᠲᠠᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠶᠢ ᠳᠡᠮᠵᠢᠨ᠎ᠡ᠃ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠡᠷᠴᠢᠮ ᠢ ᠴᠢᠩᠭᠠᠷᠠᠭᠤᠯᠤᠨ᠎ᠠ᠃ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶       17. ᠴᠠᠭ ᠠᠭᠤᠷ ᠤᠨ ᠥᠷᠲᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠴᠠᠭ ᠠᠭᠤᠷ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠠᠭ ᠠᠭᠤᠷ ᠤᠨ ᠥᠷᠲᠡᠭᠡᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠪᠠᠭᠤᠷᠠᠢ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠥᠷᠲᠡᠭᠡᠨ ᠤ ᠲᠤᠬᠠᠶᠢᠯᠠᠭᠰᠠᠨ ᠠᠵᠢᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠭ᠎ᠠ ᠬᠡᠮᠵᠢᠭᠳᠡᠯ ᠤᠨ ᠦᠢᠯᠡᠳᠬᠦᠨ ᠢ ᠲᠤᠰ ᠭᠠᠵᠠᠷ ᠲᠤᠨᠢ ᠬᠡᠷᠡᠭᠯᠡᠬᠦ᠂ ᠠᠮᠢ ᠠᠬᠤᠢ ᠶᠢᠨ ᠴᠠᠭ ᠠᠭᠤᠷ ᠤᠨ ᠦᠢᠯᠡᠴᠢᠯᠡᠭᠡ᠂ ᠣᠳᠣ ᠦᠶ᠎ᠡ ᠶᠢᠨ ᠴᠠᠭ ᠠᠭᠤᠷ ᠤᠨ ᠮᠠᠯ ᠠᠵᠤ ᠠᠬᠤᠢ ᠳᠤ ᠦᠢᠯᠡᠴᠢᠯᠡᠬᠦ᠂ ᠣᠨᠴᠠᠯᠢᠭᠲᠤ ᠴᠠᠭ ᠠᠭᠤᠷ ᠤᠨ ᠦᠢᠯᠡᠴᠢᠯᠡᠭᠡ ᠵᠡᠷᠭᠡ ᠥᠷᠲᠡᠭᠡᠨ ᠤ ᠰᠠᠭᠤᠷᠢ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠠᠭ᠎ᠠ ᠥᠷᠲᠡᠭᠡ ᠶᠢᠨ ᠴᠢᠳᠠᠮᠵᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠤᠯᠠᠭ᠎ᠠ ᠥᠷᠲᠡᠭᠡ ᠶᠢᠨ ᠴᠠᠭ ᠠᠭᠤᠷ ᠤᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠵᠥᠭᠡᠯᠡᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠠᠭ ᠠᠭᠤᠷ ᠤᠨ ᠤᠯᠠᠭ᠎ᠠ ᠥᠷᠲᠡᠭᠡ ᠶᠢᠨ ᠰᠠᠭᠤᠷᠢ ᠲᠦᠬᠦᠭᠡᠷᠦᠮᠵᠢ ᠶᠢᠨ ᠨᠥᠬᠦᠴᠡᠯ ᠢᠶᠠᠷ ᠪᠠᠷᠤᠭᠲᠠᠢ᠂ ᠣᠳᠣᠬᠢᠴᠢᠯᠠᠯᠲᠠ ᠶᠢᠨ ᠬᠢᠷᠢ ᠲᠦᠪᠰᠢᠨ ᠢᠶᠠᠷ ᠥᠨᠳᠥᠷ ᠪᠢᠰᠢ ᠪᠠᠶᠢᠬᠤ ᠲᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶       ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ       ᠮᠠᠨ ᠤ ᠬᠤᠰᠢᠭᠤᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠶᠢᠨ ᠲᠦᠯᠦᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠪᠠ᠂ ᠲᠡᠭᠦᠨ ᠤ ᠪᠦᠷᠢᠯᠳᠦᠭᠦᠨ ᠨᠢ ᠳᠣᠣᠷᠠᠬᠢ ᠮᠡᠲᠦ᠄       ᠳᠤᠭᠤᠶᠢᠯᠠᠩ ᠤᠨ ᠳᠠᠷᠤᠭ᠎ᠠ᠄ ᠪᠠᠢ ᠴᠦᠨ ᠮᠧᠶ  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠰᠤᠷᠭᠠᠯᠲᠤ  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ           ᠯᠢ ᠰᠢᠤᠸᠠᠢ ᠵᠢᠶᠠᠩ  ᠬᠤᠰᠢᠭᠤᠨ ᠤ ᠴᠠᠭ ᠠᠭᠤᠷ ᠤᠨ ᠲᠣᠪᠴᠢᠶᠠᠨ ᠤ ᠳᠡᠳ᠋ ᠳᠠᠷᠤᠭ᠎ᠠ       ᠪᠦᠷᠢᠯᠳᠦᠭᠦᠨ᠄ ᠯᠢᠶᠠᠩ ᠬᠤᠸ  ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ          ᠲᠢᠶᠠᠨ ᠵᠦᠩ ᠯᠢᠶᠠᠩ  ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ          ᠸᠠᠩ ᠺᠦᠨ  ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ          ᠦ᠋ ᠰᠢᠶᠣᠣ ᠵᠢᠶᠦ᠋ᠨ  ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ          ᠪᠣᠤ ᠶᠢᠨ ᠱᠠᠨ  ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ         ᠶᠦᠩ ᠬᠤᠩ  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ         ᠡᠷᠳᠡᠨᠢᠪᠤᠯᠠᠭ  ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ           ᠬᠠᠨᠰᠲᠤᠯᠭᠠᠭᠤᠷᠢ  ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ          ᠯᠢᠦ ᡁᠢ ᠭᠠᠩ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ          ᠯᠥᠸᠧ ᠭᠠᠩ  ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ          ᠲᠦᠩ ᠸᠧᠢ ᠴᠢᠶᠦᠶᠢᠨ  ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ          ᠰᠢᠤᠸᠠᠢ ᠳ᠋ᠧ ᠱᠦᠨ  ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ          ᠪᠠᠶᠠᠰᠬᠤᠯᠠᠩ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ          ᠵᠤᠤ ᠪᠣᠯᠣᠷ  ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ          ᠬᠠᠰᠤᠡᠭᠡᠷᠡᠯ  ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ          ᠢᠦᠢ ᠴᠧᠩ  ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ          ᠲᠠᠨ ᠡᠾᠦ᠋ᠢ ᠮᠢᠨ  ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ          ᠰᠣᠳᠣᠪᠢᠯᠢᠭ᠌  ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ          ᠦ᠋ ᠬᠦᠢ ᠰᠢᠶᠠ ᠬᠤᠰᠢᠭᠤᠨ ᠤ ᠴᠠᠭ ᠠᠭᠤᠷ ᠤᠨ ᠲᠣᠪᠴᠢᠶᠠᠨ ᠤ ᠳᠡᠳ᠋ ᠳᠠᠷᠤᠭ᠎ᠠ          ᠢᠦᠢ ᠪᠠᠢ ᠮᠢᠩ  ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ          ᠱᠤ᠋ ᠭᠤᠸᠠᠩ  ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ          ᠯᠢᠦ ᠰᠢᠦᠢ ᠳ᠋ᠦᠩ  ᠬᠥᠯᠥᠨ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ          ᠨᠠᠷᠠᠰᠤ   ᠬᠡᠷᠦᠯᠦᠨ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ         ᠤᠯᠠᠭᠠᠨ  ᠳᠠᠯᠠᠢ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ         ᠲᠦᠪᠰᠢᠨᠵᠢᠷᠭᠠᠯ  ᠪᠤᠶᠢᠷ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ          ᠬᠤᠣᠰᠪᠠᠶᠠᠷ  ᠪᠣᠭᠳᠠᠠᠭᠤᠯᠠ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ         ᠶᠠᠩ ᠰᠢᠶᠣᠣ ᠴᠦᠨ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠮᠡᠭᠡ ᠬᠤᠯᠪᠣᠭᠠᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ          ᠯᠢ ᠴᠧᠩ ᠵᠤ᠋ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠮᠡᠭᠡ ᠬᠤᠯᠪᠣᠭᠠᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ          ᠸᠠᠩ ᠶᠠᠩ ᠳ᠋ᠦᠩ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠮᠡᠳᠡᠭᠡ ᠬᠤᠯᠪᠣᠭᠠᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ       ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠣᠬᠢᠷᠠᠭᠤᠯᠵᠤ᠂ ᠠᠯᠪᠠᠨ ᠭᠡᠷ ᠢ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ ᠪᠠᠶᠢᠷᠢᠯᠠᠭᠤᠯᠵᠤ ᠂ ᠠᠯᠪᠠᠨ ᠭᠡᠷ ᠤᠨ ᠡᠷᠬᠢᠯᠡᠭᠴᠢ ᠨᠢ ᠯᠢ ᠰᠢᠤᠸᠠᠢ ᠵᠢᠶᠠᠩ ︵ᠬᠠᠪᠰᠤᠷᠭᠠᠨ ᠬᠠᠷᠢᠭᠤᠴᠠᠨ᠎ᠠ︶ ᠪᠣᠯᠣᠨ᠎ᠠ᠂ ᠤᠲᠠᠰᠤ᠄ 6402336 ︵ᠠᠯᠪᠠᠨ ᠭᠡᠷ︶᠃ ᠬᠤᠶᠢᠰᠢᠳᠠ ᠬᠤᠰᠢᠭᠤᠨ ᠤ ᠤᠳᠤᠷᠢᠳᠤᠯᠭ᠎ᠠ ᠠᠴᠠ ᠪᠤᠰᠤᠳ ᠬᠥᠮᠥᠰ ᠲᠤ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠥᠪᠡᠰᠦᠪᠡᠨ ᠲᠣᠬᠢᠷᠠᠭᠤᠯᠤᠯᠲᠠ ᠬᠢᠵᠦ᠂ ᠵᠠᠰᠠᠭ ᠤᠨ ᠣᠷᠳᠣᠨ ᠤ ᠠᠯᠪᠠᠨ ᠭᠡᠷ ᠠᠴᠠ ᠳᠠᠭᠢᠵᠤ ᠠᠰ ᠲᠤᠨᠢ ᠮᠡᠳᠡᠭᠳᠡᠯ ᠪᠠᠭᠤᠯᠭᠠᠬᠤ ᠦᠭᠡᠢ᠃         ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠴᠠᠭ ᠠᠭᠤᠷ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠴᠠᠭ ᠠᠭᠤᠷ ᠤᠨ ᠦᠢᠯᠡᠰ ᠤᠨ ᠬᠥᠭᠵᠢᠯᠲᠡ ᠶᠢ ᠲᠤᠰ ᠭᠠᠵᠠᠷ ᠣᠷᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠪᠠ ᠬᠢᠨᠠᠨ ᠰᠢᠯᠭᠠᠬᠤ ᠳᠤ ᠣᠷᠣᠭᠤᠯᠵᠤ᠂ ᠲᠤᠰ ᠭᠠᠵᠠᠷ ᠣᠷᠣᠨ ᠤ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠪᠡᠯᠡ ᠮᠥᠩᠭᠦ᠂ ᠭᠠᠵᠠᠷ ᠬᠡᠷᠡᠭᠯᠡᠬᠦ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠨᠡᠶᠢᠯᠡᠮᠡᠯ ᠬᠦᠴᠦᠨ ᠢ ᠪᠤᠢ ᠪᠣᠯᠭᠠᠨ᠎ᠠ᠃       ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠨᠥᠬᠦᠴᠡᠯ ᠢ ᠬᠠᠤᠯᠢ ᠶᠣᠰᠣᠭᠠᠷ ᠬᠠᠮᠠᠭᠠᠯᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡ ᠬᠢᠬᠦ ᠵᠡᠷᠭᠡ ᠠᠵᠢᠯᠯᠠᠭ᠎ᠠ ᠶᠢ ᠵᠢᠷᠤᠮᠵᠢᠭᠤᠯᠵᠤ᠂ ᠠᠶᠤᠩᠭ᠎ᠠ ᠠᠴᠠ ᠰᠡᠷᠭᠡᠶᠢᠯᠡᠬᠦ ᠠᠮᠤᠷ ᠲᠦᠪᠰᠢᠨ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠤᠶᠢᠷᠦᠯ ᠤᠨ ᠥᠪᠡᠷ ᠢᠶᠠᠨ ᠪᠠᠶᠢᠭᠤᠯᠤᠭᠰᠠᠨ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ ᠶᠢ ᠤᠯᠤᠰ ᠤᠨ ᠴᠠᠭ ᠠᠭᠤᠷ ᠢ ᠠᠵᠢᠭᠯᠠᠨ ᠬᠡᠮᠵᠢᠬᠦ ᠲᠣᠣᠷ ᠰᠦᠯᠵᠢᠶᠡᠨ ᠤ ᠱᠠᠭᠠᠷᠳᠠᠯᠭ᠎ᠠ ᠳᠤ ᠣᠷᠣᠭᠤᠯᠬᠤ ᠶᠢ ᠨᠠᠶᠢᠳᠠᠪᠤᠷᠢᠵᠢᠭᠤᠯᠵᠤ᠂ ᠴᠠᠭ ᠠᠭᠤᠷ ᠤᠨ ᠰᠠᠯᠠᠭ᠎ᠠ ᠮᠥᠴᠢᠷ ᠠᠴᠠ ᠨᠢᠭᠡᠳᠦᠯᠲᠡᠢ ᠲᠥᠯᠥᠪᠵᠢᠭᠦᠯᠬᠦ ᠪᠠ ᠬᠢᠨᠠᠯᠲᠠ ᠲᠠᠯᠪᠢᠵᠤ ᠵᠣᠬᠢᠴᠠᠭᠤᠯᠬᠤ ᠶᠢ ᠬᠡᠷᠡᠭᠵᠢᠭᠦᠯᠦᠨ᠎ᠡ᠃       ︵ᠭᠤᠷᠪᠠ︶ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ᠂ ᠳᠡᠭᠡᠳᠦ ᠱᠠᠲᠤᠨ ᠤ ᠵᠠᠷᠤᠳᠠᠯ ᠤᠨ ᠣᠷᠣᠭᠤᠯᠤᠯᠲᠠ ᠶᠢ ᠢᠳᠡᠪᠬᠢᠲᠡᠢ ᠲᠡᠮᠡᠴᠡᠨ ᠣᠯᠵᠤ᠂ ᠴᠠᠭ ᠠᠭᠤᠷ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠨ ᠳᠠᠪᠬᠤᠷ ᠲᠥᠯᠥᠪᠯᠡᠭᠡᠲᠦ ᠡᠳ᠋ ᠤᠨ ᠶᠠᠪᠤᠳᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠴᠠᠭ ᠠᠭᠤᠷ ᠤᠨ ᠦᠢᠯᠡᠰ ᠤᠨ ᠠᠵᠢᠯᠯᠠᠭᠠᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠣᠷᠣᠨ ᠨᠤᠲᠤᠭ ᠤᠨ ᠴᠢᠨᠠᠷᠲᠠᠢ ᠲᠥᠷᠥ ᠶᠢᠨ ᠪᠣᠳᠣᠯᠭ᠎ᠠ ᠠᠴᠠ ᠪᠣᠯᠵᠤ ᠨᠡᠮᠡᠭᠳᠡᠭᠰᠡᠨ ᠨᠡᠶᠢᠲᠡ ᠶᠢᠨ ᠬᠡᠷᠡᠭᠯᠡᠭᠡᠨ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠢᠴᠢ ᠨᠡᠮᠡᠭᠦᠷᠢ ᠨᠥᠬᠦᠪᠦᠷᠢ ᠵᠡᠷᠭᠡ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠠᠲᠤᠯᠠᠭ᠎ᠠ ᠳᠤ ᠣᠷᠣᠭᠤᠯᠤᠨ᠎ᠠ᠃ ᠡᠯ᠎ᠡ ᠠᠵᠢᠯ ᠲᠦᠷᠦᠯ᠂ ᠨᠡᠶᠢᠭᠡᠮ ᠤᠨ ᠬᠦᠴᠦᠨ ᠢ ᠢᠳᠡᠪᠬᠢᠲᠡᠢ ᠬᠥᠲᠥᠯᠥᠨ ᠵᠢᠯᠤᠭᠤᠳᠴᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ