ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ ︵ᠬᠤᠶᠠᠷ︶
ᠨᠡᠶᠢᠲᠡᠯᠡᠭᠰᠡᠨ ᠴᠠᠭ᠄
2023/9/12
      ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ       ᠮᠠᠨ ᠤ ᠬᠤᠰᠢᠭᠤᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠶᠢᠨ ᠲᠦᠯᠦᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠪᠠ᠂ ᠲᠡᠭᠦᠨ ᠤ ᠪᠦᠷᠢᠯᠳᠦᠭᠦᠨ ᠨᠢ ᠳᠣᠣᠷᠠᠬᠢ ᠮᠡᠲᠦ᠄       ᠳᠤᠭᠤᠶᠢᠯᠠᠩ ᠤᠨ ᠳᠠᠷᠤᠭ᠎ᠠ᠄ ᠪᠠᠢ ᠴᠦᠨ ᠮᠧᠶ  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠰᠤᠷᠭᠠᠯᠲᠤ  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ           ᠯᠢ ᠰᠢᠤᠸᠠᠢ ᠵᠢᠶᠠᠩ  ᠬᠤᠰᠢᠭᠤᠨ ᠤ ᠴᠠᠭ ᠠᠭᠤᠷ ᠤᠨ ᠲᠣᠪᠴᠢᠶᠠᠨ ᠤ ᠳᠡᠳ᠋ ᠳᠠᠷᠤᠭ᠎ᠠ       ᠪᠦᠷᠢᠯᠳᠦᠭᠦᠨ᠄ ᠯᠢᠶᠠᠩ ᠬᠤᠸ  ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ          ᠲᠢᠶᠠᠨ ᠵᠦᠩ ᠯᠢᠶᠠᠩ  ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ          ᠸᠠᠩ ᠺᠦᠨ  ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ          ᠦ᠋ ᠰᠢᠶᠣᠣ ᠵᠢᠶᠦ᠋ᠨ  ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ          ᠪᠣᠤ ᠶᠢᠨ ᠱᠠᠨ  ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ         ᠶᠦᠩ ᠬᠤᠩ  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ         ᠡᠷᠳᠡᠨᠢᠪᠤᠯᠠᠭ  ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ           ᠬᠠᠨᠰᠲᠤᠯᠭᠠᠭᠤᠷᠢ  ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ          ᠯᠢᠦ ᡁᠢ ᠭᠠᠩ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ          ᠯᠥᠸᠧ ᠭᠠᠩ  ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ         ᠲᠦᠩ ᠸᠧᠢ ᠴᠢᠶᠦᠶᠢᠨ  ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ         ᠰᠢᠤᠸᠠᠢ ᠳ᠋ᠧ ᠱᠦᠨ  ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ          ᠪᠠᠶᠠᠰᠬᠤᠯᠠᠩ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ          ᠵᠤᠤ ᠪᠣᠯᠣᠷ  ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ          ᠬᠠᠰᠤᠡᠭᠡᠷᠡᠯ  ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ          ᠢᠦᠢ ᠴᠧᠩ  ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ          ᠲᠠᠨ ᠡᠾᠦ᠋ᠢ ᠮᠢᠨ  ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ          ᠰᠣᠳᠣᠪᠢᠯᠢᠭ᠌  ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ          ᠦ᠋ ᠬᠦᠢ ᠰᠢᠶᠠ ᠬᠤᠰᠢᠭᠤᠨ ᠤ ᠴᠠᠭ ᠠᠭᠤᠷ ᠤᠨ ᠲᠣᠪᠴᠢᠶᠠᠨ ᠤ ᠳᠡᠳ᠋ ᠳᠠᠷᠤᠭ᠎ᠠ          ᠢᠦᠢ ᠪᠠᠢ ᠮᠢᠩ  ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ          ᠱᠤ᠋ ᠭᠤᠸᠠᠩ  ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ          ᠯᠢᠦ ᠰᠢᠦᠢ ᠳ᠋ᠦᠩ  ᠬᠥᠯᠥᠨ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ          ᠨᠠᠷᠠᠰᠤ   ᠬᠡᠷᠦᠯᠦᠨ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ         ᠤᠯᠠᠭᠠᠨ  ᠳᠠᠯᠠᠢ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ         ᠲᠦᠪᠰᠢᠨᠵᠢᠷᠭᠠᠯ  ᠪᠤᠶᠢᠷ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ          ᠬᠤᠣᠰᠪᠠᠶᠠᠷ  ᠪᠣᠭᠳᠠᠠᠭᠤᠯᠠ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ        ᠶᠠᠩ ᠰᠢᠶᠣᠣ ᠴᠦᠨ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠮᠡᠭᠡ ᠬᠤᠯᠪᠣᠭᠠᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ         ᠯᠢ ᠴᠧᠩ ᠵᠤ᠋ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠮᠡᠭᠡ ᠬᠤᠯᠪᠣᠭᠠᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ          ᠸᠠᠩ ᠶᠠᠩ ᠳ᠋ᠦᠩ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠮᠡᠳᠡᠭᠡ ᠬᠤᠯᠪᠣᠭᠠᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ       ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠣᠬᠢᠷᠠᠭᠤᠯᠵᠤ᠂ ᠠᠯᠪᠠᠨ ᠭᠡᠷ ᠢ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ ᠪᠠᠶᠢᠷᠢᠯᠠᠭᠤᠯᠵᠤ ᠂ ᠠᠯᠪᠠᠨ ᠭᠡᠷ ᠤᠨ ᠡᠷᠬᠢᠯᠡᠭᠴᠢ ᠨᠢ ᠯᠢ ᠰᠢᠤᠸᠠᠢ ᠵᠢᠶᠠᠩ ︵ᠬᠠᠪᠰᠤᠷᠭᠠᠨ ᠬᠠᠷᠢᠭᠤᠴᠠᠨ᠎ᠠ︶ ᠪᠣᠯᠣᠨ᠎ᠠ᠂ ᠤᠲᠠᠰᠤ᠄ 6402336 ︵ᠠᠯᠪᠠᠨ ᠭᠡᠷ︶᠃ ᠬᠤᠶᠢᠰᠢᠳᠠ ᠬᠤᠰᠢᠭᠤᠨ ᠤ ᠤᠳᠤᠷᠢᠳᠤᠯᠭ᠎ᠠ ᠠᠴᠠ ᠪᠤᠰᠤᠳ ᠬᠥᠮᠥᠰ ᠲᠤ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠥᠪᠡᠰᠦᠪᠡᠨ ᠲᠣᠬᠢᠷᠠᠭᠤᠯᠤᠯᠲᠠ ᠬᠢᠵᠦ᠂ ᠵᠠᠰᠠᠭ ᠤᠨ ᠣᠷᠳᠣᠨ ᠤ ᠠᠯᠪᠠᠨ ᠭᠡᠷ ᠠᠴᠠ ᠳᠠᠭᠢᠵᠤ ᠠᠰ ᠲᠤᠨᠢ ᠮᠡᠳᠡᠭᠳᠡᠯ ᠪᠠᠭᠤᠯᠭᠠᠬᠤ ᠦᠭᠡᠢ᠃        ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠴᠠᠭ ᠠᠭᠤᠷ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠴᠠᠭ ᠠᠭᠤᠷ ᠤᠨ ᠦᠢᠯᠡᠰ ᠤᠨ ᠬᠥᠭᠵᠢᠯᠲᠡ ᠶᠢ ᠲᠤᠰ ᠭᠠᠵᠠᠷ ᠣᠷᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠪᠠ ᠬᠢᠨᠠᠨ ᠰᠢᠯᠭᠠᠬᠤ ᠳᠤ ᠣᠷᠣᠭᠤᠯᠵᠤ᠂ ᠲᠤᠰ ᠭᠠᠵᠠᠷ ᠣᠷᠣᠨ ᠤ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠪᠡᠯᠡ ᠮᠥᠩᠭᠦ᠂ ᠭᠠᠵᠠᠷ ᠬᠡᠷᠡᠭᠯᠡᠬᠦ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠨᠡᠶᠢᠯᠡᠮᠡᠯ ᠬᠦᠴᠦᠨ ᠢ ᠪᠤᠢ ᠪᠣᠯᠭᠠᠨ᠎ᠠ᠃       ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠨᠥᠬᠦᠴᠡᠯ ᠢ ᠬᠠᠤᠯᠢ ᠶᠣᠰᠣᠭᠠᠷ ᠬᠠᠮᠠᠭᠠᠯᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡ ᠬᠢᠬᠦ ᠵᠡᠷᠭᠡ ᠠᠵᠢᠯᠯᠠᠭ᠎ᠠ ᠶᠢ ᠵᠢᠷᠤᠮᠵᠢᠭᠤᠯᠵᠤ᠂ ᠠᠶᠤᠩᠭ᠎ᠠ ᠠᠴᠠ ᠰᠡᠷᠭᠡᠶᠢᠯᠡᠬᠦ ᠠᠮᠤᠷ ᠲᠦᠪᠰᠢᠨ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠤᠶᠢᠷᠦᠯ ᠤᠨ ᠥᠪᠡᠷ ᠢᠶᠠᠨ ᠪᠠᠶᠢᠭᠤᠯᠤᠭᠰᠠᠨ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ ᠶᠢ ᠤᠯᠤᠰ ᠤᠨ ᠴᠠᠭ ᠠᠭᠤᠷ ᠢ ᠠᠵᠢᠭᠯᠠᠨ ᠬᠡᠮᠵᠢᠬᠦ ᠲᠣᠣᠷ ᠰᠦᠯᠵᠢᠶᠡᠨ ᠤ ᠱᠠᠭᠠᠷᠳᠠᠯᠭ᠎ᠠ ᠳᠤ ᠣᠷᠣᠭᠤᠯᠬᠤ ᠶᠢ ᠨᠠᠶᠢᠳᠠᠪᠤᠷᠢᠵᠢᠭᠤᠯᠵᠤ᠂ ᠴᠠᠭ ᠠᠭᠤᠷ ᠤᠨ ᠰᠠᠯᠠᠭ᠎ᠠ ᠮᠥᠴᠢᠷ ᠠᠴᠠ ᠨᠢᠭᠡᠳᠦᠯᠲᠡᠢ ᠲᠥᠯᠥᠪᠵᠢᠭᠦᠯᠬᠦ ᠪᠠ ᠬᠢᠨᠠᠯᠲᠠ ᠲᠠᠯᠪᠢᠵᠤ ᠵᠣᠬᠢᠴᠠᠭᠤᠯᠬᠤ ᠶᠢ ᠬᠡᠷᠡᠭᠵᠢᠭᠦᠯᠦᠨ᠎ᠡ᠃       ︵ᠭᠤᠷᠪᠠ︶ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ᠂ ᠳᠡᠭᠡᠳᠦ ᠱᠠᠲᠤᠨ ᠤ ᠵᠠᠷᠤᠳᠠᠯ ᠤᠨ ᠣᠷᠣᠭᠤᠯᠤᠯᠲᠠ ᠶᠢ ᠢᠳᠡᠪᠬᠢᠲᠡᠢ ᠲᠡᠮᠡᠴᠡᠨ ᠣᠯᠵᠤ᠂ ᠴᠠᠭ ᠠᠭᠤᠷ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠨ ᠳᠠᠪᠬᠤᠷ ᠲᠥᠯᠥᠪᠯᠡᠭᠡᠲᠦ ᠡᠳ᠋ ᠤᠨ ᠶᠠᠪᠤᠳᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠴᠠᠭ ᠠᠭᠤᠷ ᠤᠨ ᠦᠢᠯᠡᠰ ᠤᠨ ᠠᠵᠢᠯᠯᠠᠭᠠᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠣᠷᠣᠨ ᠨᠤᠲᠤᠭ ᠤᠨ ᠴᠢᠨᠠᠷᠲᠠᠢ ᠲᠥᠷᠥ ᠶᠢᠨ ᠪᠣᠳᠣᠯᠭ᠎ᠠ ᠠᠴᠠ ᠪᠣᠯᠵᠤ ᠨᠡᠮᠡᠭᠳᠡᠭᠰᠡᠨ ᠨᠡᠶᠢᠲᠡ ᠶᠢᠨ ᠬᠡᠷᠡᠭᠯᠡᠭᠡᠨ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠢᠴᠢ ᠨᠡᠮᠡᠭᠦᠷᠢ ᠨᠥᠬᠦᠪᠦᠷᠢ ᠵᠡᠷᠭᠡ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠠᠲᠤᠯᠠᠭ᠎ᠠ ᠳᠤ ᠣᠷᠣᠭᠤᠯᠤᠨ᠎ᠠ᠃ ᠡᠯ᠎ᠡ ᠠᠵᠢᠯ ᠲᠦᠷᠦᠯ᠂ ᠨᠡᠶᠢᠭᠡᠮ ᠤᠨ ᠬᠦᠴᠦᠨ ᠢ ᠢᠳᠡᠪᠬᠢᠲᠡᠢ ᠬᠥᠲᠥᠯᠥᠨ ᠵᠢᠯᠤᠭᠤᠳᠴᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ