ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ ᠨᠡᠶᠢᠲᠡᠯᠡᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/9/15
ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄      ᠣᠳᠣᠬᠠᠨ ᠳᠤ᠂ ᠮᠠᠨ ᠤ ᠬᠤᠰᠢᠭᠤ ᠨᠢᠭᠡᠨᠲᠡ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠣᠷᠣᠭᠰᠠᠨ ᠪᠠᠶᠢᠨ᠎ᠠ᠃ ᠡᠨᠡ ᠵᠢᠯ ᠤᠨ ᠦᠶᠡᠷ ᠤᠨ ᠬᠤᠭᠤᠴᠠᠭᠠᠨ ᠳᠤ ᠪᠥᠬᠦ ᠬᠤᠰᠢᠭᠤᠨ ᠤ ᠬᠤᠷ᠎ᠠ ᠲᠤᠨᠤᠳᠠᠰᠤ ᠨᠡᠯᠢᠶᠡᠳ ᠶᠡᠭᠡ᠂ ᠤᠷᠭᠤᠮᠠᠯ ᠤᠨ ᠬᠤᠴᠢᠯᠭ᠎ᠠ ᠢᠭᠴᠤ ᠰᠠᠬᠤᠯᠢᠭ᠂ ᠨᠠᠮᠤᠷ ᠤᠨ ᠤᠯᠠᠷᠢᠯ ᠳᠤ ᠣᠷᠣᠭᠰᠠᠨ ᠤ ᠳᠠᠷᠠᠭ᠎ᠠ᠂ ᠰᠢᠲᠠᠮᠠᠬᠠᠢ ᠪᠣᠳᠠᠰ ᠤᠨ ᠳᠠᠭᠠᠭᠠᠴᠠ ᠦᠷᠭᠦᠯᠵᠢᠯᠡᠨ ᠨᠡᠮᠡᠭᠳᠡᠵᠦ᠂ ᠭᠠᠯ ᠤᠨ ᠠᠶᠤᠯ ᠤᠨ ᠳᠠᠯᠳᠠ ᠬᠡᠮ ᠶᠡᠭᠡ ᠪᠠᠷ ᠨᠡᠮᠡᠭᠳᠡᠵᠦ᠂ ᠭᠠᠯ ᠢ ᠰᠡᠷᠭᠡᠶᠢᠯᠡᠬᠦ ᠡᠭᠦᠷᠭᠡ ᠲᠤᠶᠢᠯ ᠤᠨ ᠬᠦᠨᠳᠦ ᠪᠡᠷᠬᠡ ᠪᠣᠯᠪᠠ᠂ ᠡᠨᠡ ᠵᠢᠯ ᠤᠨ ᠮᠠᠨ ᠤ ᠬᠤᠰᠢᠭᠤᠨ ᠤ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠳᠤ ᠴᠢᠭᠯᠡᠭᠦᠯᠦᠨ᠂ ᠪᠥᠬᠦ ᠬᠤᠰᠢᠭᠤᠨ ᠤ ᠬᠡᠪᠴᠢᠶᠡᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠂ ᠣᠳᠤ ᠳᠣᠣᠷᠠᠬᠢ ᠮᠡᠲᠦ ᠵᠠᠷᠯᠢᠭ ᠨᠡᠶᠢᠲᠡᠯᠡᠶ᠎ᠡ᠄      ᠨᠢᠭᠡ᠂ ᠨᠠᠮᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ᠄ 2023 ᠣᠨ ᠤ 9 ᠰᠠᠷ᠎ᠠ ᠶᠢᠨ 15᠎ ᠤ ᠡᠳᠦᠷ ᠠᠴᠠ 11 ᠰᠠᠷ᠎ᠠ ᠶᠢᠨ 15᠎ ᠤ ᠡᠳᠦᠷ ᠪᠣᠯᠲᠠᠯ᠎ᠠ᠃      ᠬᠤᠶᠠᠷ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ᠂ ᠭᠠᠯ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯ ᠤᠳᠤᠷᠢᠳᠤᠯᠭ᠎ᠠ ᠨᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠬᠤ ᠪᠠ ᠪᠠᠶᠢᠴᠠᠭᠠᠨ ᠨᠠᠶᠢᠳᠠᠪᠤᠷᠢᠵᠢᠭᠤᠯᠵᠤ᠂ ᠭᠠᠯ ᠢ ᠰᠡᠷᠭᠡᠶᠢᠯᠡᠬᠦ ᠬᠥᠳᠡᠯᠦᠯ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠭᠠᠯ ᠭᠠᠷᠤᠭᠰᠠᠨ ᠦᠶ᠎ᠡ ᠳᠤ᠂ ᠡᠯ᠎ᠡ ᠭᠠᠵᠠᠷ ᠤᠨ ᠵᠠᠰᠠᠭ ᠵᠠᠬᠢᠷᠭᠠᠨ ᠤ ᠳᠠᠷᠤᠭ᠎ᠠ ᠪᠣᠯᠣᠨ ᠭᠤᠣᠯ ᠤᠳᠤᠷᠢᠳᠤᠯᠭ᠎ᠠ ᠡᠷᠬᠡᠪᠰᠢ ᠪᠡᠶ᠎ᠡ ᠪᠠᠷ ᠢᠶᠠᠨ ᠲᠤᠬᠠᠢ ᠶᠢᠨ ᠲᠠᠯᠠᠪᠠᠢ ᠳᠤ ᠬᠦᠷᠴᠦ ᠭᠠᠯ ᠤᠨᠲᠠᠷᠠᠭᠠᠬᠤ ᠶᠢ ᠵᠢᠯᠤᠭᠤᠳᠬᠤ ᠬᠡᠷᠡᠭᠲᠡᠢ᠃      ᠭᠤᠷᠪᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠣᠷᠣᠭᠰᠠᠨ ᠨᠢᠭᠡᠴᠡ ᠪᠠ ᠬᠤᠪᠢ ᠬᠥᠮᠥᠨ ᠪᠦᠬᠦᠨ ᠡᠷᠬᠡᠪᠰᠢ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠭᠡᠷ ᠢᠶᠠᠷ ᠵᠥᠪᠰᠢᠶᠡᠷᠡᠭᠦᠯᠬᠦ ᠶᠢᠨ ᠬᠠᠮᠲᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠭᠥᠷᠳᠡᠵᠦ᠂ ᠭᠠᠯ ᠢ ᠰᠡᠷᠭᠡᠶᠢᠯᠡᠬᠦ ᠨᠡᠪᠲᠡᠷᠡᠬᠦ ᠦᠨᠡᠮᠯᠡᠯ ᠠᠪᠴᠤ᠂ ᠭᠠᠯ ᠢ ᠰᠡᠷᠭᠡᠶᠢᠯᠡᠬᠦ ᠲᠣᠨᠣᠭᠯᠠᠯ ᠤᠭᠰᠠᠷᠠᠭᠰᠠᠨ ᠦᠭᠡᠢ ᠮᠠᠰᠢᠨ ᠲᠡᠷᠭᠡ ᠪᠠᠷ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠶᠠᠪᠤᠬᠤ ᠪᠠ ᠠᠵᠢᠯᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠡᠭᠦᠰᠬᠡᠵᠦ ᠮᠡᠳᠡᠬᠦ ᠠᠮᠢᠳᠤᠷᠠᠯ ᠦᠢᠯᠡᠳᠪᠦᠷᠢᠯᠡᠯ ᠳᠤ ᠬᠡᠷᠡᠭᠯᠡᠬᠦ ᠭᠠᠯ ᠢ ᠡᠷᠬᠡᠪᠰᠢ ᠴᠢᠩᠭ᠎ᠠ ᠬᠠᠮᠢᠶᠠᠷᠴᠤ᠂ ᠣᠨᠴᠠᠭᠠᠶᠢᠯᠠᠨ ᠨᠠᠮᠤᠷ ᠤᠨ ᠬᠤᠷᠢᠶᠠᠯᠲᠠ ᠶᠢᠨ ᠡᠪᠡᠰᠦ ᠬᠠᠳᠤᠬᠤ ᠭᠠᠵᠠᠷ ᠪᠠ ᠬᠡᠭᠡᠷ᠎ᠡ ᠭᠠᠳᠠᠨ᠎ᠠ ᠠᠵᠢᠯᠯᠠᠬᠤ ᠭᠠᠵᠠᠷ ᠢ ᠴᠢᠩᠭ᠎ᠠ ᠬᠢᠨᠠᠨ ᠡᠵᠡᠮᠳᠡᠵᠦ᠂ ᠭᠠᠯ ᠤᠨ ᠠᠶᠤᠯ ᠤᠨ ᠳᠠᠯᠳᠠ ᠬᠡᠮ ᠢ ᠡᠷᠡᠰ ᠠᠷᠢᠯᠭᠠᠬᠤ ᠬᠡᠷᠡᠭᠲᠡᠢ᠃      ᠳᠥᠷᠪᠡ᠂ ᠡᠯ᠎ᠡ ᠰᠤᠮᠤ ᠪᠠᠯᠭᠠᠰᠤ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠢᠳᠡᠪᠬᠢᠲᠡᠢ ᠪᠠᠷ ᠤᠨᠲᠠᠷᠠᠭᠠᠬᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠴᠢᠭᠯᠡᠯᠲᠡ ᠶᠣᠰᠣᠭᠠᠷ᠂ ︽ᠬᠥᠮᠥᠨ ᠢᠶᠠᠷ ᠦᠨᠳᠦᠰᠦ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠭᠠᠯ ᠢ ᠰᠡᠷᠭᠡᠶᠢᠯᠡᠬᠦ︾ ᠵᠠᠷᠴᠢᠮ ᠢ ᠪᠠᠷᠢᠮᠲᠠᠯᠠᠨ᠂ ᠬᠠᠭᠠᠰ ᠲᠤᠰᠬᠠᠢ ᠮᠡᠷᠭᠡᠵᠢᠯ ᠤᠨ ᠭᠠᠯ ᠢ ᠰᠡᠷᠭᠡᠶᠢᠯᠡᠨ ᠤᠨᠲᠠᠷᠠᠭᠠᠬᠤ ᠡᠩᠨᠡᠭᠡ ᠶᠢ ᠵᠦᠢ ᠵᠣᠬᠢᠰᠲᠠᠢ ᠪᠠᠶᠢᠷᠢᠯᠠᠭᠤᠯᠵᠤ᠂ ᠪᠠᠶᠢᠯᠳᠤᠭᠠᠨ ᠤ ᠡᠮᠦᠨᠡᠬᠢ ᠪᠠᠶᠢᠳᠠᠯ ᠢ ᠴᠠᠭ ᠢᠮᠠᠭᠲᠠ ᠪᠠᠲᠤᠯᠠᠵᠤ᠂ ᠭᠠᠯ ᠤᠨᠲᠠᠷᠠᠭᠠᠵᠤ ᠠᠶᠤᠯ ᠎ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠭᠠᠯ ᠤᠨ ᠪᠠᠶᠢᠳᠠᠯ ᠢ ᠣᠯᠵᠤ ᠮᠡᠳᠡᠮᠡᠭᠴᠡ ᠳᠠᠪᠠᠭᠤᠯᠢᠭ ᠬᠦᠴᠦᠨ ᠢᠶᠠᠨ ᠲᠥᠪᠯᠡᠷᠡᠭᠦᠯᠦᠨ᠂ ᠬᠥᠮᠥᠨ ᠦᠬᠦᠵᠦ ᠰᠢᠷᠬᠠᠲᠤᠬᠤ ᠠᠳᠡᠯ ᠢ ᠡᠷᠡᠰ ᠬᠤᠷᠢᠭᠯᠠᠨ ᠵᠣᠭᠰᠤᠭᠠᠬᠤ ᠬᠡᠷᠡᠭᠲᠡᠢ᠃      ᠲᠠᠪᠤ᠂ ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠵᠦᠷᠢᠴᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠲᠦᠷ ᠬᠤᠷᠢᠬᠤ᠂ ᠵᠠᠰᠠᠭ ᠵᠠᠬᠢᠷᠭᠠᠨ ᠤ ᠵᠣᠭᠤᠰ ᠢᠶᠠᠷ ᠲᠣᠷᠭᠠᠬᠤ ᠵᠡᠷᠭᠡ ᠰᠢᠢᠳᠬᠡᠯ ᠥᠭᠴᠦ᠂ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠭ᠎ᠠ᠂ ᠥᠷᠭᠡᠨ ᠣᠯᠠᠨ ᠺᠠᠳ᠋ᠷ ᠣᠯᠠᠨ ᠲᠦᠮᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠣᠯᠵᠤ ᠮᠡᠳᠡᠪᠡᠯ᠂ ᠳᠠᠷᠤᠶᠢᠬᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠮᠡᠳᠡᠭᠦᠯᠬᠦ ᠤᠲᠠᠰᠤ᠄ 12119᠎ ᠶᠢ ᠤᠲᠠᠰᠤᠳᠠᠭᠠᠷᠠᠢ᠃                                          ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                  2023 ᠣᠨ ᠤ 9 ᠰᠠᠷ᠎ᠠ ᠶᠢᠨ 14᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ