ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠡᠷᠡᠭᠯᠡᠭᠡ ᠶᠢᠨ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠨᠠᠭᠤᠯᠤᠮᠵᠢ
ᠨᠡᠶᠢᠲᠡᠯᠡᠭᠰᠡᠨ ᠴᠠᠭ᠄
2023/9/21
      ᠨᠠᠢᠮᠠᠨ ᠰᠠᠷ᠎ᠠ ᠶᠢᠨ ᠲᠡᠷᠭᠡᠯ ᠪᠠᠶᠠᠷ ᠣᠶᠢᠷᠠᠲᠤᠵᠤ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠬᠤ ᠰᠠᠶᠢᠬᠠᠨ ᠴᠠᠭ᠂ ᠮᠥᠨ ᠴᠦ ᠪᠠᠷᠠᠭ᠎ᠠ ᠬᠤᠳᠠᠯᠳᠤᠨ ᠠᠪᠬᠤ᠂ ᠬᠠᠮᠲᠤ ᠬᠤᠭᠤᠯᠠᠯᠠᠬᠤ᠂ ᠵᠢᠭᠤᠯᠴᠢᠯᠠᠬᠤ ᠵᠡᠷᠭᠡ ᠬᠡᠷᠡᠭᠯᠡᠭᠡᠨ ᠤ ᠣᠷᠭᠢᠯ ᠦᠶ᠎ᠡ ᠪᠣᠯᠣᠨ᠎ᠠ᠂ ᠪᠠᠶᠠᠷ ᠤᠨ ᠡᠳᠦᠷ ᠤᠨ ᠢᠳᠡᠭᠡᠨ ᠤ ᠵᠦᠢᠯ ᠤᠨ ᠠᠮᠤᠷ ᠲᠦᠪᠰᠢᠨ ᠢ ᠪᠠᠲᠤᠯᠠᠵᠤ᠂ ᠥᠷᠭᠡᠨ ᠣᠯᠠᠨ ᠬᠡᠷᠡᠭᠯᠡᠭᠴᠢᠳ ᠤᠨ ᠪᠠᠶᠠᠷ ᠤᠨ ᠡᠳᠦᠷ ᠢᠶᠠᠨ ᠪᠠᠶᠠᠷ ᠬᠥᠷ ᠲᠠᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠶᠧᠪᠡᠩ ᠬᠤᠳᠠᠯᠳᠤᠨ ᠠᠪᠬᠤ ᠪᠠ ᠬᠡᠷᠡᠭᠯᠡᠬᠦ ᠳᠡᠭᠡᠨ ᠳᠣᠣᠷᠠᠬᠢ ᠬᠡᠳᠦᠨ ᠲᠠᠯ᠎ᠠ ᠶᠢ ᠠᠩᠬᠠᠷᠬᠤ ᠬᠡᠷᠡᠭᠲᠡᠢ ᠭᠡᠵᠦ ᠥᠷᠭᠡᠨ ᠣᠯᠠᠨ ᠬᠡᠷᠡᠭᠯᠡᠭᠴᠢᠳ ᠲᠤ ᠰᠠᠨᠠᠭᠤᠯᠵᠤ ᠪᠠᠶᠢᠨ᠎ᠠ᠄      ᠨᠢᠭᠡ᠂ ᠶᠧᠪᠡᠩ ᠢᠳᠡᠬᠦ ᠳᠡᠭᠡᠨ ᠬᠡᠲᠦᠷᠬᠡᠢ ᠪᠣᠭᠤᠳᠠᠯᠯᠠᠬᠤ ᠶᠢ ᠲᠡᠪᠴᠢᠬᠦ ᠬᠡᠷᠡᠭᠲᠡᠢ      1. ᠦᠵᠡᠬᠦ᠃ ᠤᠯᠤᠰ ᠤᠨ ᠪᠠᠷᠢᠮᠵᠢᠶ᠎ᠠ GB23350 ︱ 2021 ︽ᠲᠠᠸᠠᠷ ᠤᠨ ᠬᠡᠲᠦ ᠪᠣᠭᠤᠳᠠᠯᠯᠠᠬᠤ ᠶᠢ ᠬᠢᠵᠠᠭᠠᠷᠯᠠᠬᠤ ᠱᠠᠭᠠᠷᠳᠠᠯᠭ᠎ᠠ ︱ ᠢᠳᠡᠭᠡᠨ ᠪᠠ ᠭᠤᠶᠣᠯᠠᠯ ᠤᠨ ᠡᠳ᠋︾᠎ ᠳᠤ ᠶᠧᠪᠡᠩ ᠤᠨ ᠪᠣᠭᠤᠳᠠᠯ ᠤᠨ ᠳᠠᠪᠬᠤᠷᠭ᠎ᠠ ᠶᠢᠨ ᠲᠤᠭ᠎ᠠ᠂ ᠮᠠᠲ᠋ᠧᠷᠢᠶᠠᠯ ᠤᠨ ᠴᠢᠨᠠᠷ᠂ ᠵᠠᠢ ᠵᠠᠪᠰᠠᠷ ᠤᠨ ᠨᠣᠷᠮ᠎ᠠ ᠶᠢᠨ ᠲᠤᠬᠠᠢ ᠲᠣᠳᠣᠷᠬᠠᠢ ᠲᠣᠭᠲᠠᠭᠠᠯ ᠲᠠᠢ ᠪᠠᠶᠢᠳᠠᠭ᠂ ᠡᠭᠦᠨ ᠳᠤ ᠶᠧᠪᠡᠩ ᠤᠨ ᠪᠣᠭᠤᠳᠠᠯ ᠤᠨ ᠳᠠᠪᠬᠤᠷᠭ᠎ᠠ ᠶᠢᠨ ᠲᠤᠭ᠎ᠠ ᠶᠢ ᠭᠤᠷᠪᠠᠨ ᠳᠠᠪᠬᠤᠷᠭ᠎ᠠ ᠠᠴᠠ ᠬᠡᠲᠦᠷᠡᠭᠦᠯᠵᠦ ᠪᠣᠯᠬᠤ ᠦᠭᠡᠢ ᠭᠡᠵᠦ ᠲᠣᠭᠲᠠᠭᠠᠪᠠ᠃ ᠬᠡᠲᠦᠷᠬᠡᠢ ᠪᠣᠭᠤᠳᠠᠯᠯᠠᠪᠠᠯ ᠠᠮᠢ ᠠᠬᠤᠢ ᠶᠢᠨ ᠣᠷᠴᠢᠨ ᠲᠣᠭᠤᠷᠢᠨ ᠳᠤ ᠬᠤᠣᠷ ᠬᠥᠨᠥᠭᠡᠯ ᠤᠴᠠᠷᠠᠭᠤᠯᠵᠤ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠮᠥᠷᠲᠡᠭᠡᠨ ᠬᠡᠭᠡᠨᠴᠢᠷ ᠪᠣᠭᠤᠳᠠᠯᠯᠠᠪᠠᠯ ᠬᠡᠷᠡᠭᠯᠡᠭᠴᠢᠳ ᠤᠨ ᠲᠣᠰ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠵᠤ ᠮᠡᠳᠡᠨ᠎ᠡ᠃ ᠶᠧᠪᠡᠩ ᠤᠨ ᠮᠠᠲ᠋ᠧᠷᠢᠶᠠᠯ ᠢ ᠦᠨᠡᠨ ᠪᠣᠳᠠᠲᠠᠢ ᠪᠠᠷ ᠬᠢᠵᠦ᠂ ᠦᠨ᠎ᠡ ᠬᠠᠩᠰᠢ ᠦᠨᠡᠨ ᠪᠣᠳᠠᠲᠠᠢ ᠪᠠᠶᠢᠬᠤ ᠬᠡᠷᠡᠭᠲᠡᠢ᠃      2. ᠰᠣᠩᠭᠤᠬᠤ᠃ ᠬᠡᠷᠡᠭᠯᠡᠭᠴᠢᠳ ᠶᠧᠪᠡᠩ ᠬᠤᠳᠠᠯᠳᠤᠨ ᠠᠪᠬᠤ ᠳᠠᠭᠠᠨ ᠬᠡᠳᠦ ᠳᠡᠯᠭᠡᠭᠦᠷ᠂ ᠢᠳᠡᠭᠡᠨ ᠤ ᠳᠡᠯᠭᠡᠭᠦᠷ ᠵᠡᠷᠭᠡ ᠵᠢᠩᠬᠢᠨᠢ ᠪᠣᠷᠣᠯᠠᠭᠤᠯᠬᠤ ᠭᠠᠵᠠᠷ ᠎ ᠲᠤ ᠬᠦᠷᠴᠦ᠂ ᠪᠣᠭᠤᠳᠠᠯ ᠨᠢ ᠪᠦᠷᠢᠨ ᠪᠦᠲᠦᠨ ᠪᠠᠶᠢᠬᠤ ᠡᠰᠡᠬᠦ ᠵᠢᠴᠢ ᠪᠣᠭᠤᠳᠠᠯ ᠳᠡᠭᠡᠷᠡᠬᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠠᠩᠬᠠᠷᠤᠨ ᠦᠵᠡᠬᠦ ᠶᠢ ᠰᠠᠨᠠᠭᠤᠯᠤᠶ᠎ᠠ᠄ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠬᠠᠳᠠᠭᠠᠯᠠᠬᠤ ᠨᠥᠬᠦᠴᠡᠯ᠂ ᠮᠠᠲ᠋ᠧᠷᠢᠶᠠᠯ ᠤᠨ ᠪᠦᠷᠢᠯᠳᠦᠭᠦᠨ᠂ ᠦᠢᠯᠡᠳᠪᠦᠷᠢᠯᠡᠭᠰᠡᠨ ᠦᠢᠯᠡᠳᠪᠦᠷᠢ ᠶᠢᠨ ᠨᠡᠷ᠎ᠡ ᠬᠠᠶ᠋ᠢᠭ᠂ ᠦᠢᠯᠡᠳᠪᠦᠷᠢᠯᠡᠭᠰᠡᠨ ᠵᠥᠪᠰᠢᠶᠡᠷᠡᠯ ᠤᠨ ᠦᠨᠡᠮᠯᠡᠯ ᠤᠨ ᠨᠣᠮᠧᠷ᠂ ᠬᠠᠷᠢᠯᠴᠠᠬᠤ ᠬᠡᠯᠪᠡᠷᠢ ᠵᠡᠷᠭᠡ ᠨᠢ ᠪᠦᠷᠢᠨ ᠭᠦᠢᠴᠡᠳ ᠪᠠᠶᠢᠬᠤ ᠡᠰᠡᠬᠦ ᠶᠢ ᠠᠩᠬᠠᠷᠬᠤ ᠬᠡᠷᠡᠭᠲᠡᠢ᠃ ᠴᠢᠨᠠᠷ ᠢ ᠪᠠᠲᠤᠯᠠᠬᠤ ᠬᠤᠭᠤᠴᠠᠭ᠎ᠠ ᠨᠢ ᠣᠶᠢᠷᠠᠲᠤᠭᠰᠠᠨ᠂ ᠴᠢᠨᠠᠷ ᠢ ᠪᠠᠲᠤᠯᠠᠬᠤ ᠬᠤᠭᠤᠴᠠᠭ᠎ᠠ ᠦᠭᠡᠢ ᠪᠤᠶᠤ ᠢᠷᠡᠯᠲᠡ ᠨᠢ ᠲᠣᠳᠣᠷᠬᠠᠢ ᠦᠭᠡᠢ ᠶᠧᠪᠡᠩ ᠢ ᠪᠢᠲᠡᠭᠡᠢ ᠬᠤᠳᠠᠯᠳᠤᠨ ᠠᠪᠤᠭᠠᠷᠠᠢ᠃      3. ᠢᠳᠡᠬᠦ᠃ ᠬᠤᠳᠠᠯᠳᠤᠨ ᠠᠪᠤᠭᠰᠠᠨ ᠶᠧᠪᠡᠩ ᠢᠶᠠᠨ ᠪᠣᠭᠤᠳᠠᠯ ᠳᠡᠭᠡᠷ᠎ᠡ ᠲᠣᠳᠣᠷᠬᠠᠶᠢᠯᠠᠭᠰᠠᠨ ᠠᠷᠭ᠎ᠠ ᠪᠠᠷ ᠬᠠᠳᠠᠭᠠᠯᠠᠵᠤ ᠢᠳᠡᠭᠡᠷᠡᠢ᠄      1. ᠰᠢᠨ᠎ᠡ ᠮᠢᠬ᠎ᠠ ᠪᠠᠷ ᠬᠢᠭᠰᠡᠨ ᠶᠧᠪᠡᠩ ᠤᠨ ᠴᠢᠨᠠᠷ ᠢ ᠪᠠᠲᠤᠯᠠᠬᠤ ᠬᠤᠭᠤᠴᠠᠭ᠎ᠠ ᠨᠢ ᠶᠡᠷᠦ ᠳᠡᠭᠡᠨ 3 - 5 ᠡᠳᠦᠷ ᠪᠠᠶᠢᠵᠤ᠂ ᠮᠢᠬᠠᠨ ᠤ ᠵᠦᠢᠯ ᠠᠮᠠᠷᠬᠠᠨ ᠴᠢᠨᠠᠷ ᠬᠤᠪᠢᠷᠠᠳᠠᠭ ᠪᠣᠯᠬᠤᠷ᠂ ᠴᠢᠨᠠᠷ ᠢ ᠪᠠᠲᠤᠯᠠᠬᠤ ᠬᠤᠭᠤᠴᠠᠭᠠᠨ ᠳᠤ ᠠᠯᠢ ᠲᠦᠷᠭᠡᠨ ᠢᠶᠠᠷ ᠢᠳᠡᠬᠦ ᠶᠢ ᠰᠠᠨᠠᠭᠤᠯᠤᠶ᠎ᠠ᠃      2. ᠪᠢᠩᠵᠢᠯᠢᠨ ᠤ ᠶᠧᠪᠡᠩ ᠢ ᠡᠷᠬᠡᠪᠰᠢ ᠬᠥᠯᠳᠡᠭᠦᠦ ᠣᠷᠴᠢᠨ ᠳᠤ ᠬᠠᠳᠠᠭᠠᠯᠠᠬᠤ ᠬᠡᠷᠡᠭᠲᠡᠢ᠂ ᠴᠢᠨᠠᠷ ᠢ ᠪᠠᠲᠤᠯᠠᠬᠤ ᠬᠤᠭᠤᠴᠠᠭ᠎ᠠ ᠨᠢ ᠶᠡᠷᠦ ᠳᠡᠭᠡᠨ 15 - 20 ᠡᠳᠦᠷ ᠪᠠᠶᠢᠳᠠᠭ᠃      3. ᠤᠯᠠᠮᠵᠢᠯᠠᠯᠲᠤ ᠶᠧᠪᠡᠩ ᠢ ᠪᠣᠭᠤᠳᠠᠯᠯᠠᠭᠰᠠᠨ ᠤ ᠳᠠᠷᠠᠭ᠎ᠠ ᠡᠩ ᠤᠨ ᠳᠤᠯᠠᠭᠠᠨ ᠳᠤ ᠬᠠᠳᠠᠭᠠᠯᠠᠵᠤ ᠪᠣᠯᠣᠨ᠎ᠠ᠂ ᠴᠢᠨᠠᠷ ᠢ ᠪᠠᠲᠤᠯᠠᠬᠤ ᠬᠤᠭᠤᠴᠠᠭ᠎ᠠ ᠨᠢ ᠶᠡᠷᠦ ᠳᠡᠭᠡᠨ 30 - 90 ᠡᠳᠦᠷ ᠪᠠᠶᠢᠳᠠᠭ᠃      4. ᠠᠩᠬᠠᠷᠬᠤ ᠵᠦᠢᠯ᠄ ᠶᠧᠪᠡᠩ ᠪᠣᠯ ᠰᠢᠬᠢᠷ ᠶᠡᠬᠡᠲᠡᠢ ᠲᠣᠰᠣ ᠶᠡᠬᠡᠲᠡᠢ᠂ ᠰᠢᠩᠭᠡᠭᠡᠬᠦ ᠳᠤ ᠬᠢᠯᠪᠠᠷ ᠪᠢᠰᠢ ᠪᠣᠯᠬᠤᠷ᠂ ᠨᠠᠰᠤᠲᠠᠶᠢᠴᠤᠳ ᠬᠡᠦᠬᠡᠳ ᠵᠢᠴᠢ ᠣᠨᠴᠠᠭᠠᠶ ᠬᠥᠮᠥᠰ ᠢᠳᠡᠬᠦ ᠬᠡᠮᠵᠢᠶ᠎ᠡ ᠪᠠᠨ ᠵᠣᠬᠢᠰᠲᠠᠢ ᠬᠢᠵᠠᠭᠠᠷᠯᠠᠭᠠᠷᠠᠢ᠃      ᠬᠤᠶᠠᠷ᠂ ᠪᠣᠬᠢᠷᠲᠤᠯ ᠦᠭᠡᠢ ᠬᠡᠷᠡᠭᠯᠡᠭᠡ ᠪᠠ ᠥᠯᠥ ᠪᠦᠷᠢᠯᠭᠡᠬᠦ ᠠᠵᠢᠯᠯᠠᠭ᠎ᠠ ᠶᠢ ᠰᠠᠨᠠᠭᠠᠴᠢᠯᠠᠬᠤ ᠬᠡᠷᠡᠭᠲᠡᠢ      ᠪᠠᠶᠠᠷ ᠤᠨ ᠡᠳᠦᠷ ᠤᠨ ᠬᠤᠭᠤᠴᠠᠭᠠᠨ ᠳᠤ ᠬᠡᠷᠡᠭᠯᠡᠭᠴᠢᠳ ᠪᠣᠯᠪᠠᠰᠤᠨ᠂ ᠡᠷᠡᠭᠦᠯ᠂ ᠣᠶᠤᠨᠴᠢ᠂ ᠪᠣᠬᠢᠷᠲᠤᠯ ᠦᠭᠡᠢ ᠬᠡᠷᠡᠭᠯᠡᠭᠡᠨ ᠤ ︽ᠰᠢᠨ᠎ᠡ ᠢᠳᠡᠭᠡᠨ︾᠎ ᠢ ᠪᠣᠶ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠳᠠᠯᠳᠤᠭᠠᠴᠢᠳ ᠵᠠᠯᠭᠠᠭ᠎ᠠ ᠪᠠᠷ ᠬᠢᠮᠳᠠᠷᠠᠭᠤᠯᠤᠨ ᠬᠤᠳᠠᠯᠳᠤᠬᠤ᠂ ᠬᠢᠮᠳᠠ ᠦᠨ᠎ᠡ ᠪᠠᠷ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢᠨ ᠡᠮᠦᠨ᠎ᠡ᠂ ᠬᠡᠷᠡᠭᠯᠡᠭᠴᠢᠳ ᠬᠡᠷᠡᠭᠴᠡᠭᠡᠨ ᠤ ᠪᠠᠨ ᠬᠢᠷᠢ ᠪᠠᠷ ᠬᠤᠳᠠᠯᠳᠤᠨ ᠠᠪᠬᠤ ᠶᠢ ᠪᠠᠷᠢᠮᠲᠠᠯᠠᠪᠠᠯ ᠵᠣᠬᠢᠨ᠎ᠠ᠂ ᠬᠢᠮᠳᠠ ᠦᠨ᠎ᠡ ᠳᠤ ᠰᠢᠨᠤᠵᠤ᠂ ᠰᠣᠬᠤᠷ ᠪᠠᠯᠠᠢ ᠪᠠᠷ ᠬᠡᠷᠡᠭᠯᠡᠭᠡ ᠬᠢᠬᠦ ᠶᠢ ᠪᠤᠳᠤᠵᠤ ᠪᠣᠯᠬᠤ ᠦᠭᠡᠢ᠃ ᠡᠭᠦᠨ ᠤ ᠬᠠᠮᠲᠤ ᠬᠤᠳᠠᠯ ᠬᠠᠭᠤᠷᠮᠠᠭ ᠬᠠᠷᠠᠭᠠᠯᠵᠠᠯ ᠦᠵᠡᠭᠦᠯᠬᠦ ᠠᠴᠠ ᠬᠢᠴᠢᠶᠡᠵᠦ᠂ ᠠᠵᠢᠯᠯᠠᠭᠠᠨ ᠤ ᠳᠦᠷᠢᠮ ᠪᠠ ᠬᠢᠵᠠᠭᠠᠷᠯᠠᠬᠤ ᠨᠥᠬᠦᠴᠡᠯ ᠢ ᠨᠠᠷᠢᠨ ᠨᠢᠭᠲᠠ ᠣᠶᠢᠯᠠᠭᠠᠬᠤ ᠬᠡᠷᠡᠭᠲᠡᠢ᠃ ᠬᠡᠷᠡᠭᠯᠡᠭᠡᠨ ᠤ ᠬᠤᠭᠤᠯᠠ ᠢᠳᠡᠬᠦ ᠳᠡᠭᠡᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠠᠷᠢᠭᠤᠨ ᠴᠡᠪᠡᠷ ᠢ ᠠᠩᠬᠠᠷᠬᠤ ᠪᠠᠷ ᠪᠠᠷᠠᠬᠤ ᠦᠭᠡᠢ᠂ ᠪᠠᠰᠠ ᠨᠡᠶᠢᠲᠡ ᠶᠢᠨ ᠰᠠᠪᠬ᠎ᠠ ᠬᠠᠯᠪᠠᠭ᠎ᠠ ᠶᠢ ᠬᠡᠷᠡᠭᠯᠡᠵᠦ᠂ ᠰᠣᠯᠪᠢᠴᠠᠨ ᠪᠣᠬᠢᠷᠲᠤᠬᠤ ᠠᠴᠠ ᠰᠡᠷᠭᠡᠶᠢᠯᠡᠬᠦ ᠬᠡᠷᠡᠭᠲᠡᠢ᠃ ᠢᠳᠡᠭᠡᠨ ᠤᠮᠳᠠᠭᠠᠨ ᠤ ᠳᠠᠳᠬᠠᠯ ᠪᠠ ᠬᠤᠭᠤᠯᠠᠨ ᠤ ᠱᠠᠭᠠᠷᠳᠠᠯᠭ᠎ᠠ ᠶᠢ ᠦᠨᠳᠦᠰᠦᠯᠡᠨ ᠬᠤᠭᠤᠯᠠ ᠪᠠᠨ ᠵᠣᠬᠢᠰᠲᠠᠢ ᠵᠠᠬᠢᠶᠠᠯᠠᠵᠤ᠂ ᠰᠠᠨᠠᠭᠠᠴᠢᠯᠠᠭ᠎ᠠ ᠠᠴᠠ ᠪᠠᠨ ᠪᠣᠭᠤᠳᠠᠯᠯᠠᠵᠤ᠂ ᠬᠡᠷᠡᠯ ᠤᠨ ᠲᠠᠪᠠᠭ ᠢ ᠪᠦᠷᠢᠯᠭᠡᠬᠦ ᠦᠭᠡᠢ ᠪᠠᠶᠢᠬᠤ ᠬᠡᠷᠡᠭᠲᠡᠢ︔ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠡᠷᠬᠢᠮᠯᠡᠬᠦ ᠰᠠᠶᠢᠨ ᠳᠠᠳᠬᠠᠯ ᠢ ᠪᠤᠢ ᠪᠣᠯᠭᠠᠨ᠎ᠠ᠃      ᠭᠤᠷᠪᠠ᠂ ᠭᠡᠷᠡᠴᠢ ᠪᠠᠷᠢᠮᠲᠠ ᠶᠢ ᠬᠠᠳᠠᠭᠠᠯᠠᠵᠤ᠂ ᠴᠠᠭ ᠲᠤᠬᠠᠢ ᠳᠤᠨᠢ ᠡᠷᠬᠡ ᠪᠠᠨ ᠬᠠᠮᠠᠭᠠᠯᠠᠬᠤ ᠶᠢ ᠴᠢᠬᠤᠯᠠᠴᠢᠯᠠᠬᠤ ᠬᠡᠷᠡᠭᠲᠡᠢ      ᠬᠡᠷᠡᠭᠯᠡᠭᠡᠨ ᠤ ᠶᠠᠪᠤᠴᠠ ᠳᠤ ᠥᠷᠭᠡᠨ ᠣᠯᠠᠨ ᠬᠡᠷᠡᠭᠯᠡᠭᠴᠢᠳ ᠤᠨ ᠰᠣᠯᠢᠯᠴᠠᠭᠠᠨ ᠤ ᠭᠡᠷᠡᠴᠢ ᠪᠠᠷᠢᠮᠲᠠ ᠪᠠᠨ ᠰᠠᠶᠢᠲᠤᠷ ᠬᠠᠳᠠᠭᠠᠯᠠᠬᠤ ᠶᠢ ᠬᠦᠰᠡᠵᠦ ᠪᠠᠶᠢᠨ᠎ᠠ᠃ ᠰᠦᠯᠵᠢᠶᠡᠨ ᠳᠡᠭᠡᠷᠡᠬᠢ ᠪᠤᠶᠤ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠭᠡᠰᠡᠨ ᠦᠭᠡᠢ᠂ ᠡᠰᠡᠬᠦᠯ᠎ᠡ ᠭᠠᠳᠠᠭᠰᠢ ᠭᠠᠷᠴᠤ ᠵᠢᠭᠤᠯᠴᠢᠯᠠᠵᠤ ᠪᠠᠷᠠᠭ᠎ᠠ ᠬᠤᠳᠠᠯᠳᠤᠨ ᠠᠪᠬᠤ ᠳᠤ ᠴᠥᠮ ᠬᠤᠳᠠᠯᠳᠤᠭᠠᠴᠢᠨ ᠠᠴᠠ ᠪᠠᠷᠠᠭ᠎ᠠ ᠬᠤᠳᠠᠯᠳᠤᠨ ᠠᠪᠤᠭᠰᠠᠨ ᠪᠠᠷᠢᠮᠲᠠ᠂ ᠵᠢᠵᠢᠭ ᠪᠠᠷᠢᠮᠲᠠ᠂ ᠡᠯᠧᠺᠲᠷᠣᠨ ᠠᠷᠠᠯᠵᠢᠶᠠᠨ ᠤ ᠨᠣᠮᠧᠷ ᠵᠡᠷᠭᠡ ᠬᠦᠴᠦᠨ ᠪᠦᠬᠦᠢ ᠭᠡᠷᠡᠴᠢ ᠪᠠᠷᠢᠮᠲᠠ ᠶᠢ ᠴᠠᠭ ᠲᠤᠬᠠᠢ ᠳᠤᠨᠢ ᠠᠪᠬᠤ ᠬᠡᠷᠡᠭᠲᠡᠢ ᠪᠥᠭᠡᠳ ᠲᠣᠬᠢᠲᠠᠢ ᠬᠠᠳᠠᠭᠠᠯᠠᠬᠤ ᠬᠡᠷᠡᠭᠲᠡᠢ᠃ ᠬᠡᠷᠡᠭᠯᠡᠭᠡᠨ ᠤ ᠵᠠᠭᠤᠷᠠᠯᠳᠤᠭᠠᠨ ᠡᠭᠦᠰᠴᠦ᠂ ᠬᠡᠷᠡᠭᠯᠡᠭᠴᠢᠳ ᠪᠠ ᠬᠤᠳᠠᠯᠳᠤᠭᠠᠴᠢᠳ ᠵᠥᠪᠳᠡᠯᠴᠡᠭᠡᠳ ᠰᠠᠨᠠᠯ ᠨᠢᠭᠡᠳᠴᠦ ᠴᠢᠳᠠᠬᠤ ᠦᠭᠡᠢ ᠪᠣᠯᠪᠠᠯ 12315 ᠤᠲᠠᠰᠤ ᠪᠠᠷ ᠢᠯᠡᠴᠢᠯᠡᠨ ᠮᠡᠳᠡᠭᠦᠯᠵᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠵᠤ ᠪᠣᠯᠣᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ