ᠤᠶᠢᠷ᠎ᠠ ᠳᠤ᠂ ᠠᠮᠧᠷᠢᠺᠠ ᠶᠢᠨ ᠲᠡᠷᠢᠭᠦᠨ ᠵᠡᠷᠭᠡ ᠶᠢᠨ ᠥᠮᠡᠨ ᠡᠪᠡᠳᠴᠢᠨ ᠢ ᠡᠮᠨᠡᠨ ᠵᠠᠰᠠᠬᠤ ᠪᠠ ᠰᠤᠳᠤᠯᠭᠠᠨ ᠤ ᠪᠠᠶᠢᠭᠤᠯᠤᠮᠵᠢ ᠪᠤᠯᠬᠤ City of | Hope ᠶᠢᠨ ᠤᠯᠤᠰ ᠤᠨ ᠡᠮᠴᠢᠯᠡᠭᠡᠨ ᠤ ᠲᠥᠪ ᠨᠡᠶᠢᠲᠡᠯᠡᠭᠰᠡᠨ ᠠᠯᠪᠠᠨ ᠵᠠᠷ ᠲᠠᠭᠠᠨ᠂ ᠡᠮᠴᠢᠯᠡᠭᠡ ᠠᠴᠠ ᠡᠮᠦᠨᠡᠬᠢ ᠰᠤᠳᠤᠯᠭᠠᠨ ᠤ ᠳᠤᠮᠳᠠ ᠲᠣᠰ | ᠪᠠᠶᠢᠭᠤᠯᠤᠮᠵᠢ ᠶᠢᠨ ᠰᠢᠨᠵᠢᠯᠡᠬᠦ ᠤᠬᠠᠭᠠᠨᠲᠠᠨ ᠪᠣᠶ ᠪᠦᠬᠦᠢ ᠪᠣᠳᠠᠲᠤ ᠴᠣᠭᠴᠠ ᠶᠢᠨ ᠬᠤᠣᠷᠲᠤ ᠬᠠᠪᠤᠳᠠᠷ ︵ᠥᠮᠡᠨ ᠤ ᠬᠠᠪᠤᠳᠠᠷ︶ ᠢ ᠠᠯᠠᠵᠤ ᠳᠡᠶᠢᠯᠬᠦ ᠬᠠᠨᠳᠤᠯᠭᠠᠲᠤ | ᠬᠢᠮᠢ ᠶᠢᠨ ᠵᠠᠰᠠᠯᠭ᠎ᠠ ᠶᠢᠨ ᠡᠮ ᠢ ᠰᠤᠳᠤᠯᠤᠨ ᠭᠠᠷᠭᠠᠪᠠ ᠭᠡᠵᠡᠢ᠃ | ᠠᠯᠪᠠᠨ ᠵᠠᠷ ᠲᠤ ᠳᠤᠷᠠᠳᠤᠭᠰᠠᠨ ᠡᠮᠴᠢᠯᠡᠭᠡ ᠠᠴᠠ ᠡᠮᠦᠨᠡᠬᠢ ᠰᠤᠳᠤᠯᠭᠠᠨ ᠢ ᠨᠢᠭᠡᠨᠲᠡ ᠥᠭᠦᠯᠡᠯ ᠤᠨ ᠬᠡᠯᠪᠡᠷᠢ ᠪᠠᠷ ᠬᠠᠮᠢᠶ᠎ᠠ ᠪᠦᠬᠦᠢ ᠰᠡᠳᠬᠦᠯ ᠳᠤ | ᠨᠡᠶᠢᠲᠡᠯᠡᠵᠡᠢ᠃ ᠦᠭᠦᠯᠡᠯ ᠳᠤ ᠳᠤᠷᠠᠳᠤᠭᠰᠠᠨ ᠲᠤᠰ ᠵᠦᠢᠯ ᠤᠨ ᠡᠮ AOH1996 ᠪᠣᠯ ᠬᠠᠪᠤᠳᠠᠷ ᠤᠨ ᠡᠰ ᠤᠨ ᠦᠷᠡᠵᠢᠯᠲᠡ ᠶᠢ ᠬᠤᠷᠢᠭᠯᠠᠬᠤ ᠳᠤ ᠬᠡᠷᠡᠭᠯᠡᠳᠡᠭ | ᠵᠢᠵᠢᠭ ᠮᠣᠯᠧᠺᠦ᠋ᠯ PCNA ︵ᠦᠷᠡᠵᠢᠯᠲᠡ ᠶᠢᠨ ᠡᠰ ᠤᠨ ᠪᠥᠭᠡᠮ ᠤᠨ ᠠᠨᠲ᠋ᠢᠭᠧᠡ︶ ᠶᠢ ᠬᠤᠷᠢᠭᠯᠠᠬᠤ ᠡᠮ ᠪᠣᠯᠣᠨ᠎ᠠ᠃ ᠦᠷᠡᠵᠢᠯᠲᠡ ᠶᠢᠨ ᠡᠰ ᠤᠨ ᠪᠥᠭᠡᠮ ᠤᠨ | ᠠᠨᠲ᠋ᠢᠭᠧᠡ ᠨᠢ DNA ᠶᠢ ᠳᠠᠬᠢᠨ ᠦᠢᠯᠡᠳᠬᠦ ᠪᠠ ᠵᠠᠰᠠᠨ ᠰᠡᠷᠭᠦᠭᠡᠬᠦ ᠶᠠᠪᠤᠴᠠ ᠳᠤ ᠲᠦᠢᠯ ᠤᠨ ᠴᠢᠬᠤᠯᠠ ᠪᠠᠶᠢᠳᠠᠭ᠂ ᠡᠨᠡ ᠬᠦ ᠵᠦᠢᠯ ᠤᠨ ᠡᠮ ᠨᠢ ᠣᠨᠴᠠᠭᠠᠶᠢᠯᠠᠨ | PCNA ᠶᠢᠨ ᠥᠮᠡᠨ ᠤ ᠳᠦᠷᠰᠦ ᠬᠤᠪᠢᠷᠠᠯᠲᠠ ᠳᠤ ᠴᠢᠭᠯᠡᠭᠦᠯᠵᠦ ᠪᠠᠶᠢᠳᠠᠭ᠂ ᠡᠨᠡ ᠬᠦ ᠵᠦᠢᠯ ᠤᠨ ᠤᠭᠤᠷᠠᠭ ᠨᠢ ᠪᠣᠢ ᠪᠦᠬᠦᠢ ᠲᠠᠷᠬᠠᠭᠰᠠᠨ ᠬᠠᠪᠤᠳᠠᠷ ᠤᠨ | DNA ᠶᠢ ᠳᠠᠬᠢᠨ ᠦᠢᠯᠡᠳᠬᠦ ᠪᠠ ᠵᠠᠰᠠᠨ ᠰᠡᠷᠭᠦᠭᠡᠬᠦ ᠶᠠᠪᠤᠴᠠ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠠᠶᠢᠳᠠᠭ᠃ | ᠲᠤᠰ ᠡᠮᠴᠢᠯᠡᠭᠡᠨ ᠤ ᠲᠥᠪ ᠠᠴᠠ ᠬᠠᠨᠭ᠍ᠭᠠᠭᠰᠠᠨ ᠲᠤᠷᠰᠢᠯᠲᠠ ᠶᠢᠨ ᠵᠢᠷᠤᠭ ᠢ ᠦᠨᠳᠦᠰᠦᠯᠡᠪᠡᠯ᠂ ᠲᠤᠰ ᠡᠮ ᠢ ᠬᠡᠷᠡᠭᠯᠡᠬᠦ ᠠᠴᠠ ᠡᠮᠦᠨ᠎ᠡ ᠪᠠ ᠬᠡᠷᠡᠭᠯᠡᠭᠰᠡᠨ ᠤ | ᠳᠠᠷᠠᠭ᠎ᠠ ᠥᠮᠡᠨ ᠤ ᠡᠰ ᠤᠨ ᠪᠠᠶᠢᠳᠠᠯ ᠳᠤ ᠢᠯᠡᠳᠲᠡ ᠬᠤᠪᠢᠷᠠᠯᠲᠠ ᠭᠠᠷᠴᠠᠢ᠃ AOH1996 ᠡᠮ ᠨᠢ ᠡᠮᠴᠢᠯᠡᠭᠡᠨ ᠠᠴᠠ ᠡᠮᠦᠨᠡᠬᠢ ᠰᠤᠳᠤᠯᠭᠠᠨ ᠳᠤ ᠬᠥᠬᠦᠨ | ᠪᠤᠯᠴᠢᠷᠬᠠᠢ ᠶᠢᠨ ᠥᠮᠡᠨ᠂ ᠤᠷᠢᠳᠤ ᠪᠤᠯᠴᠢᠷᠬᠠᠢ ᠶᠢᠨ ᠥᠮᠡᠨ᠂ ᠲᠠᠷᠢᠬᠢᠨ ᠤ ᠥᠮᠡᠨ᠂ ᠥᠨᠳᠡᠭᠡᠪᠴᠢ ᠶᠢᠨ ᠥᠮᠡᠨ᠂ ᠰᠠᠪᠠ ᠶᠢᠨ ᠬᠦᠵᠦᠭᠦᠤ ᠶᠢᠨ ᠥᠮᠡᠨ᠂ | ᠠᠷᠠᠰᠤᠨ ᠤ ᠥᠮᠡᠨ ᠪᠠ ᠠᠭᠤᠰᠭᠢᠨ ᠤ ᠥᠮᠡᠨ ᠤ ᠡᠰ ᠢ ᠡᠮᠨᠡᠨ ᠵᠠᠰᠠᠭᠰᠠᠨ ᠪᠥᠭᠡᠳ ᠡᠮᠴᠢᠯᠡᠭᠡᠨ ᠤ ᠠᠴᠢ ᠲᠤᠰᠠ ᠶᠢ ᠨᠢᠭᠡᠨᠲᠡ ᠢᠯᠡᠷᠡᠭᠦᠯᠪᠡ᠃ ᠲᠡᠷᠡ ᠮᠥᠷᠲᠡᠭᠡᠨ | AOH1996 ᠨᠢ ᠤᠤᠭᠤᠵᠤ ᠪᠣᠯᠬᠤ ᠦᠷᠢᠯ ᠡᠮ ᠮᠥᠷᠲᠡᠭᠡᠨ ᠪᠣᠳᠠᠰ ᠤᠨ ᠰᠣᠯᠢᠯᠴᠠᠭ᠎ᠠ ᠲᠣᠭᠲᠠᠭᠤᠨ ᠪᠠᠶᠢᠵᠤ᠂ ᠲᠤᠰᠠᠭᠠᠷ ᠡᠮᠴᠢᠯᠡᠭᠡ ᠪᠤᠶᠤ ᠬᠠᠮᠲᠤᠷᠠᠭᠰᠠᠨ | ᠡᠮᠴᠢᠯᠡᠭᠡ ᠬᠢᠭᠰᠡᠨ ᠴᠦ ᠪᠦᠷ ᠬᠠᠪᠤᠳᠠᠷ ᠤᠨ ᠥᠰᠦᠯᠲᠡ ᠶᠢ ᠬᠤᠷᠢᠭᠯᠠᠵᠤ᠂ ᠭᠠᠵᠢᠭᠤ ᠦᠢᠯᠡᠳᠦᠯ ᠢ ᠡᠭᠦᠰᠭᠡᠬᠦ ᠦᠭᠡᠢ ᠪᠠᠶᠢᠳᠠᠭ ᠢ ᠵᠢᠭᠠᠵᠤ ᠭᠠᠷᠭᠠᠭᠰᠠᠨ ᠪᠠᠶᠢᠨ᠎ᠠ᠃ | | ᠠᠮᠢᠲᠠᠨ ᠤ ᠵᠠᠭᠪᠤᠷ ᠢᠶᠠᠷ ᠡᠮ ᠤᠨ ᠪᠣᠯᠣᠮᠵᠢᠲᠤ ᠴᠢᠨᠠᠷ ᠢ ᠰᠢᠯᠭᠠᠨ ᠨᠤᠲᠠᠯᠠᠭᠰᠠᠨ ᠤ ᠳᠠᠷᠠᠭ᠎ᠠ᠂ AOH1996 ᠨᠢᠭᠡᠨᠲᠡ ᠨᠢᠭᠡᠳᠦᠭᠡᠷ ᠬᠤᠭᠤᠴᠠᠭᠠᠨ ᠤ | ᠡᠮᠴᠢᠯᠡᠭᠡᠨ ᠤ ᠲᠤᠷᠰᠢᠯᠲᠠ ᠶᠢᠨ ᠱᠠᠲᠤᠨ ᠳᠤ ᠣᠷᠣᠵᠤ᠂ ᠲᠤᠰ ᠱᠠᠲᠤᠨ ᠳᠤ ᠭᠤᠣᠯᠳᠠᠭᠤ ᠡᠮ ᠤᠨ ᠠᠶᠤᠯ ᠦᠭᠡᠢ ᠴᠢᠨᠠᠷ ᠪᠠ ᠬᠡᠷᠡᠭᠯᠡᠬᠦ ᠬᠡᠮᠵᠢᠶ᠎ᠡ ᠶᠢ | ᠲᠠᠨᠢᠯᠴᠠᠭᠤᠯᠬᠤ ᠵᠡᠷᠭᠡ ᠪᠠᠶᠢᠳᠠᠯ ᠢ ᠰᠢᠯᠭᠠᠨ ᠪᠠᠶᠢᠴᠠᠭᠠᠳᠠᠭ᠃ ᠠᠮᠧᠷᠢᠺᠠ ᠶᠢᠨ ᠡᠮᠴᠢᠯᠡᠭᠡᠨ ᠤ ᠲᠤᠷᠰᠢᠯᠲᠠ ᠶᠢᠨ ᠮᠠᠲ᠋ᠧᠷᠢᠶᠠᠯ ᠤᠨ ᠬᠥᠮᠥᠷᠭᠡ ᠶᠢᠨ ᠲᠤᠭ᠎ᠠ | ᠪᠠᠷᠢᠮᠲᠠ ᠳᠤ ᠢᠯᠡᠷᠡᠭᠦᠯᠤᠭ᠍ᠰᠡᠨ ᠢᠶᠠᠷ᠂ ᠲᠣᠰ ᠱᠠᠲᠤᠨ ᠤ ᠲᠤᠷᠰᠢᠯᠲᠠ ᠶᠢ ᠢᠷᠡᠬᠦ ᠵᠢᠯ ᠤᠨ 3 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠵᠢᠱᠢᠵᠦ ᠪᠣᠶ᠃ | ᠥᠭᠡᠷ᠎ᠡ ᠪᠠᠷ ᠬᠡᠯᠡᠪᠡᠯ᠂ ᠪᠠᠷᠤᠭ ᠵᠢᠯ ᠣᠷᠴᠢᠮ ᠤᠨ ᠬᠤᠭᠤᠴᠠᠭᠠᠨ ᠳᠤ᠂ ᠪᠢᠳᠡ ᠡᠨᠡ ᠬᠦ ᠡᠮ ᠤᠨ ᠡᠪᠡᠳᠴᠢᠲᠡᠨ ᠤ ᠪᠡᠶ᠎ᠡ ᠳᠡᠭᠡᠷ᠎ᠡ ᠬᠡᠷᠡᠭᠯᠡᠭᠰᠡᠨ ᠦᠨᠡᠨ ᠪᠤᠳᠠᠳᠠᠢ | ᠳᠤᠭ᠎ᠠ ᠪᠠᠷᠢᠮᠳᠠ ᠶᠢ ᠤᠯᠵᠦ ᠦᠵᠡᠬᠦ ᠪᠤᠯᠤᠨ᠎ᠠ᠃ | ︵ᠳᠤᠰ ᠡᠭᠡ ᠪᠢᠴᠢᠭ ᠢ ︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶ | | |