ᠥᠪᠥᠷ ᠮᠣᠩᠭᠤᠯ ᠤᠨ ᠮᠠᠨᠵᠤᠤᠷ ᠬᠤᠲᠠ ᠳᠤᠮᠳᠠᠳᠤ ᠣᠷᠣᠰ ᠤᠨ ᠸᠢᠰ ᠳᠠᠷᠤᠭᠤᠯᠬᠤ ᠦᠭᠡᠢ ᠪᠦᠯᠬᠦᠮ ᠨᠡᠶᠢᠲᠡ ᠶᠢᠨ ᠠᠶᠠᠯᠠᠯ ᠵᠢᠭᠤᠯᠴᠢᠯᠠᠯ ᠤᠨ ᠦᠢᠯᠡᠰ | ᠢ 9 ᠳ᠋ᠦ᠋ᠭᠡᠷ ᠰᠠᠷ᠎ᠠ ᠶᠢᠨ 22 ᠤᠨ ᠡᠳᠦᠷ ᠠᠯᠪᠠᠨ ᠶᠣᠰᠣᠭᠠᠷ ᠰᠡᠷᠭᠦᠭᠡᠭᠰᠡᠨ ᠪᠠᠶᠢᠨ᠎ᠠ᠃ ᠬᠢᠵᠢᠭ ᠤᠨ ᠨᠥᠯᠥᠭᠡᠨ ᠠᠴᠠ ᠪᠣᠯᠵᠤ᠂ ᠳᠤᠮᠳᠠᠳᠤ ᠣᠷᠣᠰ ᠬᠤᠶᠠᠷ ᠤᠯᠤᠰ | ᠪᠣᠭᠤᠮᠲᠠ ᠶᠢᠨ ᠠᠶᠠᠯᠠᠯ ᠵᠢᠭᠤᠯᠴᠢᠯᠠᠯ ᠤᠨ ᠦᠢᠯᠡᠰ ᠢ ᠲᠦᠷ ᠵᠣᠭᠰᠣᠭᠠᠭᠠᠳ ᠪᠠᠶᠢᠭᠰᠠᠨ ᠶᠤᠮ᠃ ᠮᠠᠨ ᠤ ᠤᠯᠤᠰ ᠤᠨ ᠠᠶᠠᠯᠠᠯ ᠵᠢᠭᠤᠯᠴᠢᠯᠠᠯ ᠤᠨ ᠶᠠᠮᠤᠨ 9 ᠳ᠋ᠦ᠋ᠭᠡᠷ | ᠰᠠᠷ᠎ᠠ ᠶᠢᠨ 21 ᠤ ᠡᠳᠦᠷ ᠬᠠᠮᠢᠶᠠᠲᠠᠢ ᠠᠵᠢᠯ ᠲᠥᠷᠥᠯ ᠢᠶᠠᠨ ᠰᠡᠷᠭᠦᠭᠡᠭᠰᠡᠨ ᠤ ᠳᠠᠷᠠᠭ᠎ᠠ ᠳᠤᠮᠳᠠᠳᠤ ᠤᠯᠤᠰ ᠤᠨ 5 ᠵᠢᠭᠤᠯᠴᠢᠨ ᠢᠶᠠᠷ ᠪᠦᠷᠢᠯᠳᠦᠭᠰᠡᠨ ᠠᠩᠬᠠᠨ ᠤ | ᠪᠦᠯᠦᠭ ᠵᠢᠭᠤᠯᠴᠢᠯᠠᠯ ᠤᠨ ᠪᠦᠯᠬᠦᠮ ᠮᠠᠨᠵᠤᠤᠷ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠬᠢᠯᠢ ᠪᠠᠷ ᠭᠠᠷᠴᠤ ᠣᠷᠣᠰ ᠲᠤ ᠬᠦᠷᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠮᠠᠨᠵᠤᠤᠷ ᠪᠣᠭᠤᠮᠲᠠ ᠳᠤᠮᠳᠠᠳᠤ ᠣᠷᠣᠰ ᠤᠨ ᠸᠢᠰ ᠳᠠᠷᠤᠭᠤᠯᠬᠤ ᠦᠭᠡᠢ ᠪᠦᠯᠬᠦᠮ ᠨᠡᠶᠢᠲᠡ ᠶᠢᠨ ᠠᠶᠠᠯᠠᠯ ᠵᠢᠭᠤᠯᠴᠢᠯᠠᠯ ᠤᠨ | ᠦᠢᠯᠡᠰ ᠢ ᠠᠯᠪᠠᠨ ᠶᠣᠰᠣᠭᠠᠷ ᠰᠡᠷᠭᠦᠭᠰᠡᠨ ᠨᠢ ᠬᠢᠯᠢ ᠶᠢᠨ ᠣᠷᠣᠨ ᠤ ᠠᠶᠠᠯᠠᠯ ᠵᠢᠭᠤᠯᠴᠢᠯᠠᠯ ᠤᠨ ᠦᠢᠯᠡᠰ ᠤᠨ ᠰᠢᠨ᠎ᠡ ᠬᠥᠭᠵᠢᠯᠲᠡ ᠶᠢ ᠡᠷᠴᠢᠲᠡᠢ ᠠᠬᠢᠭᠤᠯᠬᠤ | ᠪᠣᠯᠣᠨ᠎ᠠ᠃ |