ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠦᠢᠯᠡᠰ ᠤᠨ ᠪᠦᠯᠦᠭᠵᠢᠯ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠭᠦᠷᠭᠡ ᠬᠠᠷᠢᠭᠤᠴᠠᠯᠭ᠎ᠠ ᠵᠢᠴᠢ ᠡᠭᠦᠷᠭᠡ ᠶᠢᠨ ᠬᠤᠪᠢᠶᠠᠷᠢᠯᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/9/27
ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄       ᠬᠤᠲᠠ ᠶᠢᠨ ᠨᠠᠮ ᠤᠨ ᠬᠤᠷᠢᠶ᠎ᠠ ᠶᠢᠨ ︽ᠨᠠᠢᠮᠠᠨ ᠲᠣᠮᠣ ᠠᠵᠤ ᠦᠢᠯᠡᠰ ᠤᠨ ᠪᠦᠯᠦᠭᠯᠡᠯ︾ ᠪᠠ ︽10 ᠠᠵᠤ ᠦᠢᠯᠡᠰ ᠤᠨ ᠬᠡᠯᠬᠢᠶ᠎ᠡ︾ ᠶᠢᠨ ᠬᠤᠳᠠᠯᠳᠤᠭᠠᠴᠢᠨ ᠤᠷᠢᠬᠤ ᠠᠵᠢᠯ ᠤᠨ ᠱᠠᠭᠠᠷᠳᠠᠯᠭ᠎ᠠ ᠶᠣᠰᠣᠭᠠᠷ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠲᠤᠰᠬᠠᠢ ᠠᠩᠭᠢ ᠶᠢᠨ ᠠᠵᠤ ᠦᠢᠯᠡᠰ ᠤᠨ ᠪᠦᠯᠦᠭᠯᠡᠯ ᠪᠠ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠤᠯᠭ᠎ᠠ ᠶᠢ ᠭᠦᠢᠴᠡᠳ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠲᠦᠯᠦᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠦᠢᠯᠡᠰ ᠤᠨ ᠪᠦᠯᠦᠭᠯᠡᠯ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠬᠠᠷᠢᠭᠤᠴᠠᠯᠭ᠎ᠠ ᠵᠢᠴᠢ ᠡᠭᠦᠷᠭᠡ ᠶᠢᠨ ᠬᠤᠪᠢᠶᠠᠷᠢᠯᠠᠯ︾ ᠢ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠳᠣᠣᠷᠠᠬᠢ ᠱᠠᠭᠠᠷᠳᠠᠯᠭ᠎ᠠ ᠶᠢ ᠳᠤᠷᠠᠳᠪᠠ᠂ ᠬᠠᠮᠲᠤ  ᠳᠤᠨᠢ ᠰᠠᠶᠢᠲᠤᠷ ᠠᠳᠬᠤᠵᠤ ᠨᠠᠶᠢᠳᠠᠪᠤᠷᠢᠵᠢᠭᠤᠯᠲᠤᠭᠠᠢ᠃       ᠨᠢᠭᠡ᠂ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠡᠯ᠎ᠡ ᠠᠵᠤ ᠦᠢᠯᠡᠰ ᠤᠨ ᠪᠦᠯᠦᠭᠵᠢᠯ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠢ ᠠᠩᠭᠢ ᠨᠢ ᠦᠵᠡᠯ ᠰᠠᠨᠠᠭ᠎ᠠ ᠪᠠᠨ ᠨᠢᠭᠡᠳᠬᠡᠨ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠴᠢᠩᠭᠠᠳᠬᠠᠵᠤ᠂ ᠨᠢᠭᠡ ᠬᠥᠯᠭᠡ ᠰᠢᠲᠠᠷ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠷᠠᠯᠲᠠ ᠪᠠᠨ ᠲᠣᠳᠣᠷᠬᠠᠶᠢᠯᠠᠨ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠥᠷᠨᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠦᠢᠯᠡᠰ ᠤᠨ ᠪᠦᠯᠦᠭᠵᠢᠯ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠠᠬᠢᠭᠤᠯᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠲᠦᠷᠦᠭᠦᠯᠡᠨ ᠬᠢᠬᠦ ᠰᠠᠯᠠᠭ᠎ᠠ ᠮᠥᠴᠢᠷ ᠪᠠ ᠬᠠᠮᠵᠢᠯᠴᠠᠬᠤ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠣᠯᠣᠭᠠᠶᠢᠯᠠᠵᠤ᠂ ᠲᠥᠰᠥᠯ ᠢ ᠰᠤᠳᠤᠯᠤᠨ᠂ ᠲᠥᠷᠥᠯ ᠵᠦᠢᠯ ᠢ ᠲᠥᠯᠥᠪᠯᠡᠵᠦ᠂ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠥᠪᠳᠡᠯᠴᠡᠬᠦ ᠳᠤ ᠣᠷᠣᠯᠴᠠᠨ᠂ ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠥᠬᠦ ᠶᠠᠪᠤᠴᠠ ᠶᠢ ᠮᠥᠷᠳᠡᠨ ᠰᠢᠮᠳᠠᠭᠤᠯᠤᠨ ᠭᠦᠢᠴᠡᠳᠬᠡᠬᠦ ᠬᠡᠷᠡᠭᠲᠡᠢ᠃ ᠠᠵᠤ ᠦᠢᠯᠡᠰ ᠤᠨ ᠪᠦᠯᠦᠭᠵᠢᠯ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠤᠨ ᠪᠦᠯᠦᠭᠵᠢᠯ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠯᠢᠳᠡᠭ ᠴᠡᠷᠢᠭ ᠬᠦᠴᠦᠷᠬᠡᠭ ᠵᠠᠩᠵᠤᠨ ᠢ ᠵᠣᠬᠢᠶᠠᠨ ᠪᠠᠶᠢᠭᠤᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠬᠦ ᠬᠡᠷᠡᠭᠲᠡᠢ᠃       ᠬᠤᠶᠠᠷ᠂ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠪᠠᠷ ᠬᠡᠷᠡᠭᠵᠢᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠳᠤᠭᠤᠶᠢᠯᠠᠩ ᠤᠨ ᠳᠠᠷᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠦᠭᠦᠯᠡᠨ ᠬᠢᠬᠦ ᠬᠤᠰᠢᠭᠤᠨ ᠤ ᠤᠳᠤᠷᠢᠳᠤᠯᠭ᠎ᠠ + ᠲᠦᠷᠦᠭᠦᠯᠡᠨ ᠬᠢᠬᠦ ᠰᠠᠯᠠᠭ᠎ᠠ ᠮᠥᠴᠢᠷ + ᠠᠵᠤ ᠦᠢᠯᠡᠰ ᠤᠨ ᠬᠡᠯᠬᠢᠶ᠎ᠡ + ᠰᠤᠮᠤ ᠪᠠᠯᠭᠠᠰᠤ︾ ᠶᠢᠨ ᠶᠡᠷᠦᠩᠬᠡᠢ ᠰᠡᠳᠬᠢᠮᠵᠢ ᠶᠣᠰᠣᠭᠠᠷ᠂ ᠣᠷᠣᠨ ᠪᠦᠰᠡ ᠶᠢᠨ ᠳᠠᠪᠠᠭᠤᠯᠢᠭ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠵᠢᠭᠤᠯᠴᠢᠯᠠᠯ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠰᠢᠨ᠎ᠡ ᠡᠨᠧᠷᠭᠢ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠬᠦᠷᠢᠶ᠎ᠡ ᠪᠠᠷ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠬᠡᠯᠬᠢᠶ᠎ᠡ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠳᠡᠭᠡᠭᠰᠢᠯᠡᠭᠦᠯᠬᠦ᠂ ᠬᠡᠯᠬᠢᠶ᠎ᠡ ᠶᠢ ᠴᠢᠩᠭᠠᠳᠬᠠᠬᠤ ᠳᠤ ᠲᠥᠪᠯᠡᠷᠡᠭᠦᠯᠵᠦ᠂ ︽ᠪᠠᠶᠢᠷᠢᠰᠢᠭᠤᠯᠤᠯᠲᠠ ᠶᠢ ᠲᠥᠪᠯᠡᠷᠡᠭᠦᠯᠬᠦ᠂ ᠭᠠᠵᠠᠷ ᠬᠡᠷᠡᠭᠯᠡᠬᠦ ᠶᠢ ᠡᠷᠴᠢᠮᠵᠢᠭᠦᠯᠬᠦ᠂ ᠠᠵᠤ ᠦᠢᠯᠡᠰ ᠢ ᠲᠥᠪᠯᠡᠷᠡᠭᠦᠯᠬᠦ︾ ᠵᠠᠷᠴᠢᠮ ᠶᠣᠰᠣᠭᠠᠷ᠂ ᠠᠳᠠᠯᠢ ᠢᠷᠡᠯᠲᠡ ᠲᠠᠢ ᠠᠵᠤ ᠠᠬᠤᠶᠢᠯᠠᠯ᠂ ᠠᠳᠠᠯᠢ ᠲᠥᠷᠥᠯ ᠤᠨ ᠠᠵᠤ ᠠᠬᠤᠶᠢᠯᠠᠯ᠂ ᠬᠤᠯᠪᠣᠭᠳᠠᠬᠤ ᠬᠡᠮᠵᠢᠶ᠎ᠡ ᠪᠠᠷ ᠨᠡᠯᠢᠶᠡᠳ ᠴᠢᠩᠭ᠎ᠠ ᠠᠵᠤ ᠠᠬᠤᠶᠢᠯᠠᠯ ᠢ ᠠᠳᠠᠯᠢ ᠨᠢᠭᠡ ᠭᠠᠵᠠᠷ ᠣᠷᠣᠨ ᠳᠤ ᠲᠡᠳᠡᠨ ᠣᠷᠣᠭᠤᠯᠵᠤ᠂ ᠠᠳᠠᠯᠢ ᠴᠢᠨᠠᠷ ᠤᠨ ᠥᠷᠢᠰᠦᠯᠳᠦᠭᠡᠨ ᠠᠴᠠ ᠵᠠᠶᠢᠯᠠᠰᠬᠢᠬᠦ ᠬᠡᠷᠡᠭᠲᠡᠢ᠃ ᠲᠦᠷᠦᠭᠦᠯᠡᠬᠦ ᠰᠠᠯᠠᠭ᠎ᠠ ᠮᠥᠴᠢᠷ ︵ᠬᠠᠷᠢᠭᠤᠴᠠᠯᠭᠠᠲᠤ ᠰᠠᠯᠠᠭ᠎ᠠ ᠮᠥᠴᠢᠷ︶ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠳᠠᠯᠳᠤᠭᠠᠴᠢᠨ ᠤᠷᠢᠬᠤ ᠲᠥᠰᠥᠯ ᠢ ᠲᠣᠭᠲᠠᠭᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯᠯᠠᠭ᠎ᠠ ᠶᠢ ᠬᠠᠮᠲᠤᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃       ᠡᠯ᠎ᠡ ᠠᠵᠤ ᠦᠢᠯᠡᠰ ᠤᠨ ᠬᠡᠯᠬᠢᠶ᠎ᠡ ᠶᠢᠨ ᠲᠦᠷᠦᠭᠦᠯᠡᠬᠦ ᠰᠠᠯᠠᠭ᠎ᠠ ᠮᠥᠴᠢᠷ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ ᠠᠵᠤ ᠦᠢᠯᠡᠰ ᠤᠨ ᠪᠦᠯᠦᠭᠵᠢᠯ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠴᠠᠭ ᠲᠤᠬᠠᠢ ᠳᠤᠨᠢ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠲᠤ ᠮᠡᠳᠡᠭᠦᠯᠬᠦ ᠬᠡᠷᠡᠭᠲᠡᠢ᠃ ᠴᠠᠭᠠᠰᠤᠨ ᠬᠡᠪᠯᠡᠯ ︵ᠭᠤᠣᠯ ᠤᠳᠤᠷᠢᠳᠤᠯᠭ᠎ᠠ ᠭᠠᠷ ᠤᠨ ᠥᠰᠥᠭ ᠵᠢᠷᠤᠬᠤ ᠶᠢᠨ ᠬᠠᠮᠲᠤ ᠨᠢᠭᠡᠴᠡ ᠶᠢᠨ ᠠᠯᠪᠠᠨ ᠲᠠᠮᠠᠭ᠎ᠠ ᠳᠠᠷᠤᠨ᠎ᠠ︶ ᠪᠣᠯᠣᠨ ᠡᠯᠧᠺᠲᠷᠣᠨ ᠬᠡᠪᠯᠡᠯ ᠢ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠲᠤ ᠬᠦᠷᠭᠡᠨ᠎ᠡ᠂ ᠬᠠᠷᠢᠯᠴᠠᠬᠤ ᠬᠥᠮᠥᠨ᠄ ᠪᠠᠶᠢᠭᠠᠯᠢᠮ᠎ᠠ᠂ ᠬᠠᠷᠢᠯᠴᠠᠬᠤ ᠤᠲᠠᠰᠤ᠄ 15048092415᠂ ᠢᠮᠧᠯ᠄ xyqtzcjo163.com᠃      ᠳᠠᠭᠠᠯᠳᠤᠭᠤᠯᠤᠯ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠦᠢᠯᠡᠰ ᠤᠨ ᠪᠦᠯᠦᠭᠵᠢᠯ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠬᠠᠷᠢᠭᠤᠴᠠᠯᠭ᠎ᠠ ᠵᠢᠴᠢ ᠡᠭᠦᠷᠭᠡ ᠶᠢᠨ ᠬᠤᠪᠢᠶᠠᠷᠢᠯᠠᠯhttp://www.xbehyq.gov.cn/OpennessGazette/show/8161.html                                            2023 ᠣᠨ ᠤ 9 ᠰᠠᠷ᠎ᠠ ᠶᠢᠨ 19 ᠤ ᠡᠳᠦᠷ      ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ