ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/9/28
ᠲᠣᠪᠴᠢᠶ᠎ᠠ ᠶᠢᠨ ᠡᠯ᠎ᠡ ᠰᠠᠯᠠᠭ᠎ᠠ ᠲᠠᠰᠤᠭ᠂ ᠲᠣᠪᠴᠢᠶ᠎ᠠ ᠳᠤ ᠬᠠᠷᠢᠶᠠᠯᠠᠭᠳᠠᠬᠤ ᠡᠯ᠎ᠡ ᠭᠤᠷᠪᠠᠳᠤᠭᠠᠷ ᠳᠡᠰ ᠤᠨ ᠨᠢᠭᠡᠴᠡ᠂ ᠡᠯ᠎ᠡ ᠬᠢᠨᠠᠨ ᠬᠠᠮᠢᠶᠠᠷᠬᠤ ᠠᠵᠤ ᠠᠬᠤᠶᠢᠯᠠᠯ ᠳᠤ᠄      ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠲᠣᠭᠲᠠᠭᠠᠵᠤ᠂ ᠲᠣᠪᠴᠢᠶᠠᠨ ᠤ ᠤᠳᠤᠷᠢᠳᠬᠤ ᠠᠵᠢᠯ ᠢ ᠳᠠᠬᠢᠨ ᠪᠣᠳᠠᠲᠠᠢ ᠬᠤᠪᠢᠶᠠᠷᠢᠯᠠᠬᠤ ᠪᠠᠷ ᠲᠣᠭᠲᠠᠭᠠᠪᠠ᠂ ᠤᠳᠤ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠦᠩ ᠸᠧᠢ ᠴᠢᠶᠦ᠋ᠨ᠂ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠨᠠᠮ ᠤᠨ ᠰᠤᠷᠲᠠᠯ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠠᠵᠢᠯ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ᠂ ᠦᠨᠳᠦᠰᠦᠲᠡᠨ ᠤ ᠠᠵᠢᠯ᠂ ᠨᠢᠭᠡᠳᠦᠮᠡᠯ ᠹᠷᠣᠨᠲ ᠤᠨ ᠠᠵᠢᠯ᠂ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠣᠳᠠᠲᠠᠢ ᠬᠤᠪᠢᠳᠠᠨ ᠬᠠᠮᠢᠶᠠᠷᠤᠨ᠎ᠠ᠃       ᠬᠤᠶᠠᠷ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠰᠡᠴᠡᠨᠳᠤ ᠲᠣᠪᠴᠢᠶᠠᠨ ᠳᠠᠷᠤᠭ᠎ᠠ ᠶᠢ ᠬᠠᠮᠵᠢᠨ ᠠᠵᠢᠯ ᠥᠷᠨᠢᠭᠦᠯᠵᠦ᠂ ᠶᠡᠷᠦᠩᠬᠡᠶᠢᠯᠡᠭᠰᠡᠨ ᠠᠯᠪᠠᠨ ᠭᠡᠷ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠠᠰᠤᠭ᠂ ᠭᠡᠷ ᠭᠠᠵᠠᠷ ᠬᠥᠷᠥᠩᠭᠡ ᠶᠢᠨ ᠦᠢᠯᠡᠰ ᠤᠨ ᠦᠢᠯᠡᠴᠢᠯᠡᠭᠡᠨ ᠤ ᠲᠥᠪ᠂ ᠠᠳᠠᠯ ᠠᠬᠤᠢ ᠶᠢᠨ ᠬᠠᠮᠢᠶᠠᠷᠤᠯᠲᠠ ᠶᠢᠨ ᠲᠠᠰᠤᠭ᠂ ᠬᠤᠳᠠ ᠶᠢᠨ ᠶᠠᠪᠤᠳᠠᠯ ᠤᠨ ᠴᠡᠴᠡᠷᠯᠢᠭ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠤᠳᠠ ᠶᠢᠨ ᠪᠡᠯᠡ ᠣᠷᠣᠭᠤᠯᠤᠯᠲᠠ ᠶᠢᠨ ᠦᠢᠯᠡᠰ ᠤᠨ ᠺᠣᠮᠫᠠᠨᠢ ᠶᠢ ᠪᠣᠳᠠᠲᠠᠢ ᠬᠤᠪᠢᠳᠠᠨ ᠬᠠᠮᠢᠶᠠᠷᠤᠨ᠎ᠠ᠃       ᠭᠤᠷᠪᠠ᠂ ᠳᠡᠳ᠋ ᠲᠣᠪᠴᠢᠶᠠᠨ ᠳᠠᠷᠤᠭ᠎ᠠ ᠴᠧᠨ ᠶᠠᠨ ᠵᠢᠶᠦ᠋ᠨ ︵ᠲᠦᠷ ᠲᠤᠰᠢᠶᠠᠯ ᠡᠭᠦᠷᠭᠡᠯᠡᠬᠦ︶᠂ ᠲᠣᠪᠴᠢᠶᠠᠨ ᠳᠠᠷᠤᠭ᠎ᠠ ᠶᠢ ᠬᠠᠮᠵᠢᠨ ᠠᠵᠢᠯ ᠥᠷᠨᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠭ᠂ ᠪᠠᠷᠢᠯᠭ᠎ᠠ ᠶᠢᠨ ᠶᠠᠰᠤ ᠴᠢᠨᠠᠷ ᠤᠨ ᠠᠶᠤᠯᠭᠦᠢ ᠶᠢᠨ ᠮᠡᠷᠭᠡᠵᠢᠯ ᠤᠨ ᠦᠢᠯᠡᠴᠢᠯᠡᠭᠡᠨ ᠤ ᠲᠥᠪ᠂ ᠲᠦᠭᠡᠭᠡᠯ ᠤᠰᠤᠨ ᠤ ᠺᠣᠮᠫᠠᠨᠢ᠂ ᠠᠵᠢᠯ ᠲᠦᠷᠦᠯ ᠤᠨ ᠬᠠᠮᠵᠢᠯᠴᠠᠨ ᠬᠠᠮᠢᠶᠠᠷᠬᠤ ᠢᠯᠴᠢ ᠶᠢᠨ ᠬᠦᠴᠦᠨ ᠤ ᠺᠣᠮᠫᠠᠨᠢ᠂ ᠰᠢᠲᠠᠮᠠᠬᠠᠢ ᠬᠡᠢ ᠶᠢᠨ ᠺᠣᠮᠫᠠᠨᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠣᠳᠠᠲᠠᠢ ᠬᠤᠪᠢᠳᠠᠨ ᠬᠠᠮᠢᠶᠠᠷᠤᠨ᠎ᠠ᠃       ᠲᠣᠰ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠡᠯ᠎ᠡ ᠤᠳᠤᠷᠢᠳᠬᠤ ᠪᠠᠭ ᠤᠨ ᠪᠦᠷᠢᠯᠳᠦᠭᠦᠨ ᠠᠵᠢᠯ ᠢᠶᠠᠨ ᠲᠤᠰᠢᠶᠠᠬᠤ ᠪᠠ ᠭᠥᠯᠢᠶᠡᠨ ᠠᠪᠬᠤ ᠶᠢ ᠲᠦᠷᠭᠡᠨ ᠬᠢᠬᠦ ᠶᠢᠨ ᠬᠠᠮᠲᠤ᠂ ᠬᠤᠪᠢᠳᠠᠨ ᠬᠠᠮᠢᠶᠠᠷᠴᠤ ᠪᠠᠶᠢᠭ᠎ᠠ ᠲᠠᠰᠤᠭ ᠤᠨ ᠲᠤᠬᠠᠶᠢᠯᠠᠭᠰᠠᠨ ᠠᠵᠢᠯ ᠢ ᠡᠮᠬᠢᠯᠡᠨ ᠳᠢᠭᠯᠡᠵᠦ᠂ ᠠᠯᠢ ᠲᠦᠷᠭᠡᠨ ᠢᠶᠠᠷ ᠠᠵᠢᠯ ᠤᠨ ᠪᠠᠶᠢᠷᠢ ᠳᠠᠭᠠᠨ ᠣᠷᠣᠵᠤ᠂ ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃          ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                        2023 ᠣᠨ ᠤ 9 ᠰᠠᠷ᠎ᠠ ᠶᠢᠨ 15 ᠡᠳᠦᠷ      ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶  
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ