ᠪᠦᠬᠦ ᠤᠯᠤᠰ ᠤᠨ ᠡᠯ᠎ᠡ ᠭᠠᠵᠠᠷ ᠤᠨ ᠬᠢᠨ ᠪᠦᠷ ᠬᠤᠭᠤᠯᠠᠶ ᠶᠢᠨ ᠦᠷᠪᠢᠰᠦᠯ  ᠲᠠᠢ ᠪᠤᠯᠵᠤ ᠪᠠᠶᠢᠨ᠎ᠠ ᠭᠡᠨ᠎ᠡ ᠤᠤ︖
ᠨᠡᠶᠢᠲᠡᠯᠡᠭᠰᠡᠨ ᠴᠠᠭ᠄
2023/9/29
      ᠪᠥᠬᠦ ᠤᠯᠤᠰ ᠢᠶᠠᠷ ᠢᠶᠠᠨ ᠴᠥᠮ ᠬᠤᠭᠤᠯᠠᠶ ᠶᠢᠨ ᠦᠷᠪᠢᠰᠦᠯ ᠲᠠᠢ ᠪᠣᠯᠵᠣ ᠪᠠᠶᠢᠨ᠎ᠠ ᠭᠡᠨ᠎ᠡ ᠦᠦ ᠨᠡᠶᠢᠭᠡᠮ ᠤᠨ ᠬᠠᠷᠢᠯᠴᠠᠭᠠᠨ ᠤ ᠣᠯᠠᠨ ᠲᠠᠪᠴᠠᠩ ᠳᠡᠭᠡᠷ᠎ᠡ ᠡᠨᠡ ᠲᠤᠬᠠᠢ ᠬᠠᠶᠢᠯᠳᠠ ᠪᠤᠯᠵᠤ ᠣᠯᠠᠨ ᠤ ᠠᠩᠬᠠᠷᠤᠯ ᠢ ᠲᠠᠲᠠᠵᠤ ᠶᠠᠷᠢᠶ᠎ᠠ ᠬᠡᠯᠡᠯᠴᠡᠭᠡ ᠪᠤᠯᠵᠤ ᠪᠠᠶᠢᠨ᠎ᠠ᠃ ᠰᠦᠯᠵᠢᠶᠡᠨ ᠤ ᠨᠠᠶᠢᠵᠠ ᠨᠠᠷ᠄ ᠬᠤᠭᠤᠯᠠᠶ ᠬᠠᠲᠠᠩᠭᠢᠷᠠᠬᠤ᠂ ᠬᠤᠭᠤᠯᠠᠶ ᠡᠪᠡᠳᠬᠦ᠂ ᠠᠯᠪᠠᠨ ᠭᠡᠷ ᠲᠤ ᠬᠠᠨᠢᠶᠠᠬᠤ ᠳᠠᠭᠤᠨ ᠲᠠᠰᠤᠷᠠᠯᠲᠠ ᠦᠭᠡᠢ ᠦᠷᠬᠦᠯᠵᠢᠯᠡᠬᠦ ᠡᠶᠢᠮᠦ ᠢᠯᠡᠷᠡᠯ ᠰᠢᠨᠵᠢ ᠨᠠᠳᠠ ᠪᠠᠷ ᠵᠣᠭᠰᠣᠬᠤ ᠦᠭᠡᠢ ᠪᠢᠰᠢ ᠬᠠᠶᠠ ᠦᠭᠡᠢ ᠭᠠᠷᠴᠤ ᠪᠠᠶᠢᠨ᠎ᠠ ᠬᠡᠵᠡᠭᠡᠨ᠎ᠡ ᠁      ᠣᠯᠠᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠰᠠᠯᠠᠭ᠎ᠠ᠂ ᠬᠡᠦᠬᠡᠳ ᠤᠨ ᠰᠠᠯᠠᠭᠠᠨ ᠤ ᠲᠤᠰᠬᠠᠶ ᠮᠡᠷᠭᠡᠵᠢᠯᠲᠡᠨ ᠬᠡᠯᠡᠬᠦ ᠳᠡᠭᠡᠨ᠂ ᠣᠶᠢᠷ᠎ᠠ ᠳᠤ ᠬᠠᠯᠠᠭᠤᠷᠠᠯ ᠤᠨ ᠡᠭᠦᠳᠡᠨ ᠡᠮᠨᠡᠯᠭᠡ ᠳᠤ ᠡᠪᠡᠳᠴᠢᠨ ᠦᠵᠡᠭᠦᠯᠬᠦ ᠬᠥᠮᠦᠨ ᠤ ᠲᠤᠭ᠎ᠠ ᠨᠡᠮᠡᠭᠳᠡᠬᠦ ᠬᠠᠨᠳᠤᠰᠢ ᠲᠠᠢ ᠪᠠᠶᠢᠭ᠎ᠠ ᠡᠪᠡᠳᠴᠢᠲᠡᠨ ᠨᠢ ᠭᠤᠤᠯᠳᠠᠭᠤ ᠬᠡᠦᠬᠡᠳ ᠪᠠ ᠵᠠᠯᠠᠭᠤᠴᠤᠳ ᠪᠤᠯᠤᠨ᠎ᠡ᠂ ᠲᠡᠳᠡᠨ ᠤ ᠣᠯᠠᠩᠬᠢ ᠨᠢ ᠡᠪᠡᠳᠴᠢᠨ ᠤ ᠢᠯᠡᠷᠡᠯ ᠢᠶᠠᠷ ᠨᠡᠯᠢᠶᠡᠳ ᠬᠥᠩᠭᠡᠨ ᠪᠠᠶᠢᠨ᠎ᠠ ᠬᠡᠪᠡ᠃      ᠶᠠᠭᠤ ᠶᠢ ᠵᠠᠯᠭᠢᠭᠤᠷ ᠬᠤᠭᠤᠯᠠᠶ ᠶᠢᠨ ᠦᠷᠪᠢᠰᠦᠯ ᠬᠡᠬᠦ ᠪᠤᠢ︖      ᠵᠠᠯᠭᠢᠭᠤᠷ ᠬᠤᠭᠤᠯᠠᠶ ᠶᠢᠨ ᠦᠷᠪᠢᠰᠦᠯ ᠪᠣᠯ ᠨᠢᠭᠡ ᠵᠦᠢᠯ ᠤᠨ ᠦᠷᠭᠦᠯᠵᠢ ᠲᠣᠬᠢᠶᠠᠯᠳᠤᠳᠠᠭ ᠵᠠᠯᠭᠢᠭᠤᠷ ᠬᠤᠭᠤᠯᠠᠶ ᠶᠢᠨ ᠬᠡᠰᠡᠭ ᠤᠨ ᠡᠪᠡᠳᠴᠢᠨ ᠪᠤᠯᠤᠨ᠎ᠠ᠂ ᠲᠡᠷᠡ ᠨᠢ ᠵᠠᠯᠭᠢᠭᠤᠷ ᠬᠤᠭᠤᠯᠠᠶ ᠶᠢᠨ ᠰᠠᠯᠢᠰᠤᠲᠤ ᠪᠦᠷᠬᠦᠪᠴᠢ ᠵᠢᠴᠢ ᠣᠷᠴᠢᠨ ᠲᠣᠭᠤᠷᠢᠨ ᠤ ᠯᠢᠮᠹᠠ ᠶᠢᠨ ᠨᠡᠬᠡᠳᠡᠰᠦ ᠶᠢᠨ ᠦᠷᠪᠢᠰᠦᠯ ᠤᠨ ᠲᠤᠰᠬᠠᠯ ᠢ ᠵᠢᠭᠠᠵᠤ ᠪᠠᠶᠢᠨ᠎ᠠ᠃      70% - 80% ᠶᠢᠨ ᠵᠠᠯᠭᠢᠭᠤᠷ ᠬᠤᠭᠤᠯᠠᠶ ᠶᠢᠨ ᠦᠷᠪᠢᠰᠦᠯ ᠨᠢ ᠸᠢᠷᠦ᠋ᠰ ᠠᠴᠠ ᠡᠭᠦᠰᠳᠡᠭ᠂ ᠵᠢᠱᠢᠶᠡᠯᠡᠪᠡᠯ ᠬᠠᠯᠳᠠᠪᠤᠷᠢᠲᠤ ᠲᠠᠭᠰᠢᠭᠤᠷ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ᠂ EB ᠸᠢᠷᠦ᠋ᠰ ᠤᠨ ᠬᠠᠯᠳᠠᠪᠤᠷᠢᠯᠠᠯ᠂ ᠬᠡᠯᠬᠢᠶ᠎ᠡ ᠪᠥᠮᠪᠥᠭᠡᠨ ᠪᠠᠺᠲ᠋ᠧᠷᠢ ᠶᠢᠨ ᠬᠠᠯᠳᠠᠪᠤᠷᠢᠯᠠᠯ ᠵᠡᠷᠭᠡ ᠨᠢ ᠴᠥᠮ ᠦᠷᠭᠦᠯᠵᠢ ᠲᠣᠬᠢᠶᠠᠯᠳᠤᠳᠠᠭ ᠵᠠᠯᠭᠢᠭᠤᠷ ᠡᠪᠡᠳᠬᠦ ᠶᠢᠨ ᠰᠢᠯᠲᠠᠭᠠᠨ ᠪᠣᠯᠤᠨ᠎ᠠ᠃      ᠸᠢᠷᠦ᠋ᠰ ᠠᠴᠠ ᠭᠠᠳᠠᠨ᠎ᠠ᠂ ᠵᠠᠯᠭᠢᠭᠤᠷ ᠬᠤᠭᠤᠯᠠᠶ ᠶᠢᠨ ᠦᠷᠪᠢᠰᠦᠯ ᠨᠢ ᠪᠠᠰᠠ ᠪᠠᠺᠲ᠋ᠧᠷᠢ ᠪᠤᠶᠤ ᠲᠣᠭᠤᠰᠣ᠂ ᠤᠲᠤᠭ᠎ᠠ ᠤᠨᠢᠶᠠᠷ ᠵᠡᠷᠭᠡ ᠪᠣᠳᠠᠰ ᠤᠨ ᠰᠡᠳᠦᠯᠲᠡ ᠪᠤᠶᠤ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ᠂ ᠡᠰᠡᠬᠦᠯ᠎ᠡ ᠰᠠᠮᠠᠯᠳᠠᠭ ᠤᠨ ᠦᠷᠪᠢᠰᠦᠯ᠂ ᠭᠡᠳᠡᠷᠭᠦ ᠤᠷᠤᠰᠬᠤ ᠴᠢᠨᠠᠷᠳᠠᠢ ᠬᠤᠳᠣᠭᠤᠳᠣ ᠤᠯᠠᠭᠠᠨ ᠬᠤᠭᠤᠯᠠᠶ ᠶᠢᠨ ᠡᠪᠡᠳᠴᠢᠨ ᠵᠡᠷᠭᠡ ᠠᠴᠠ ᠡᠭᠦᠰᠳᠡᠭ᠃      6 ᠵᠦᠢᠯ ᠤᠨ ᠠᠷᠭ᠎ᠠ ᠪᠠᠷ ᠬᠤᠭᠤᠯᠠᠢ ᠡᠪᠡᠳᠬᠦ ᠶᠢ ᠨᠠᠮᠳᠠᠭᠤᠯᠵᠦ ᠪᠤᠯᠤᠨ᠎ᠠ      ᠮᠠᠰᠢ ᠣᠯᠠᠨ ᠵᠠᠯᠭᠢᠭᠤᠷ ᠬᠤᠭᠤᠯᠠᠶ ᠶᠢᠨ ᠦᠷᠪᠢᠰᠦᠯ ᠲᠠᠢ ᠡᠪᠡᠳᠴᠢᠲᠡᠨ ᠤ ᠬᠤᠭᠤᠯᠠᠶ ᠨᠢ ᠨᠡᠯᠢᠶᠡᠳ ᠬᠦᠨᠳᠦ ᠰᠦᠷᠡᠬᠡᠶ ᠡᠪᠡᠳᠴᠦ᠂ ᠰᠢᠯᠦᠰᠦ ᠪᠠᠨ ᠵᠠᠯᠭᠢᠭᠰᠠᠨ ᠴᠤ ᠲᠡᠰᠬᠦ ᠶᠢᠨ ᠠᠷᠭ᠎ᠠ ᠦᠭᠡᠢ ᠪᠤᠯᠳᠠᠭ᠃ ᠡᠭᠦᠨ ᠢ ᠨᠠᠮᠳᠠᠭᠤᠯᠬᠤ ᠠᠷᠭ᠎ᠠ ᠭᠡᠪᠡᠯ᠄      1. ᠡᠪᠡᠳᠬᠦ ᠶᠢ ᠵᠣᠭᠰᠣᠭᠠᠬᠤ ᠡᠮ ᠤᠤᠭᠤᠭᠠᠷᠠᠢ᠃      2.ᠮᠥᠰᠥ᠂ ᠮᠥᠰᠥᠯᠡᠮᠵᠢ᠂ ᠬᠥᠯᠳᠡᠭᠡᠭᠰᠡᠨ ᠡᠭᠡᠳᠡᠭᠰᠡᠨ ᠰᠦ ᠵᠡᠷᠭᠡ ᠬᠦᠢᠳᠡᠨ ᠢᠳᠡᠭᠡᠨ ᠵᠤᠬᠢᠬᠤ ᠬᠡᠮᠵᠢᠶ᠎ᠡ ᠪᠠᠷ ᠢᠳᠡᠭᠡᠷᠡᠶ᠃      3. ᠴᠢᠳᠠᠬᠤ ᠶᠢᠨ ᠬᠢᠷᠢ ᠪᠠᠷ ᠪᠦᠯᠢᠶᠡᠨ ᠶᠠᠭᠤᠮ᠎ᠠ᠂ ᠵᠢᠱᠢᠶᠡᠯᠡᠪᠡᠯ ᠪᠦᠯᠢᠶᠡᠨ ᠤᠰᠤ᠂ ᠴᠠᠢ᠂ ᠲᠠᠬᠢᠶᠠᠨ ᠱᠥᠯᠥ᠂ ᠰᠢᠩᠭᠡᠨ ᠪᠤᠳᠠᠭ᠎ᠠ ᠵᠡᠷᠭᠡ ᠶᠢ ᠢᠳᠡᠭᠡᠷᠡᠶ᠃      4. ᠬᠤᠭᠤᠯᠠᠶ ᠵᠥᠭᠡᠯᠡᠷᠡᠭᠦᠯᠬᠦ ᠢᠳᠡᠭᠡᠨ᠂ ᠵᠢᠱᠢᠶᠡᠯᠡᠪᠡᠯ ᠵᠥᠭᠡᠶ ᠶᠢᠨ ᠪᠠᠯ᠂ ᠬᠠᠲᠠᠭᠤ ᠰᠢᠬᠢᠷ ᠣᠨᠴᠠᠭᠠᠶᠢᠯᠠᠨ ᠪᠠᠳᠷᠠᠰᠢ ᠶᠢᠨ ᠪᠦᠷᠢᠯᠳᠦᠬᠦᠨ ᠲᠠᠢ ᠬᠤᠭᠤᠯᠠᠶ ᠵᠥᠭᠡᠯᠡᠷᠡᠭᠦᠯᠬᠦ ᠰᠢᠬᠢᠷ ᠢᠳᠡᠭᠡᠷᠡᠶ᠃      ᠭᠡᠪᠡᠴᠦ ᠡᠨᠡ ᠵᠦᠢᠯ ᠤᠨ ᠪᠠᠳᠷᠠᠰᠢ ᠶᠢᠨ ᠰᠢᠬᠢᠷ ᠢ 6 ᠨᠠᠰᠤᠨ ᠠᠴᠠ ᠳᠣᠷᠣᠭᠰᠢᠬᠢ ᠬᠡᠦᠬᠡᠳ ᠲᠤ ᠢᠳᠡᠭᠦᠯᠭᠦ ᠶᠢ ᠪᠣᠯᠭᠤᠮᠵᠢᠯᠠᠭᠠᠷᠠᠢ᠂ ᠮᠡᠳᠡᠷᠡᠯ ᠳᠤ ᠰᠠᠭᠠᠳ ᠪᠤᠯᠵᠤ ᠮᠡᠳᠡᠨ᠎ᠡ᠃      5. ᠢᠯᠡᠭᠦᠦ ᠤᠰᠤ ᠤᠤᠭᠤᠭᠠᠷᠠᠢ᠃ ᠡᠩ ᠤᠨ ᠪᠦᠯᠢᠶᠡᠨ ᠤᠰᠤ᠂ ᠬᠦᠢᠲᠡᠨ ᠤᠰᠤ᠂ ᠪᠦᠯᠢᠶᠡᠨ ᠤᠰᠤ ᠶᠢ ᠪᠦᠷ ᠰᠣᠩᠭᠤᠵᠤ ᠪᠣᠯᠤᠨ᠎ᠠ᠃ ᠵᠥᠪᠬᠡᠨ ᠬᠡᠲᠦᠷᠬᠡᠶ ᠬᠠᠯᠠᠭᠠᠬᠤ ᠠᠴᠠ ᠵᠠᠶᠢᠯᠠᠰᠬᠢᠪᠡᠯ ᠪᠣᠯᠴᠢᠬᠠᠨ᠎ᠠ᠃      6. ᠠᠭᠠᠷ ᠤᠨ ᠴᠢᠭᠢᠭᠲᠦᠴᠡ ᠶᠢ ᠰᠠᠶᠢᠵᠢᠷᠠᠭᠤᠯᠵᠤ᠂ ᠠᠭᠠᠷ ᠤᠨ ᠪᠣᠬᠢᠷᠲᠤᠯ ᠢ ᠰᠡᠷᠭᠡᠶᠢᠯᠡᠭᠡᠷᠡᠢ᠃ ᠠᠭᠠᠷ ᠬᠡᠲᠦᠷᠬᠡᠶ ᠬᠠᠭᠤᠷᠠᠶ ᠪᠣᠯ ᠠᠭᠠᠷ ᠤᠨ ᠪᠣᠬᠢᠷᠲᠤᠯ ᠨᠢ ᠬᠤᠭᠤᠯᠠᠶ ᠡᠪᠡᠳᠬᠦ ᠶᠢ ᠬᠦᠨᠳᠦᠷᠡᠭᠦᠯᠳᠡᠭ ᠪᠤᠯᠬᠤᠷ ᠴᠢᠭᠢᠭᠲᠦᠭᠦᠯᠦᠭᠴᠢ ᠪᠠᠷ ᠣᠷᠴᠢᠨ ᠲᠣᠭᠤᠷᠢᠨ ᠤ ᠴᠢᠭᠢᠭᠲᠦᠴᠡ ᠶᠢ ᠰᠠᠶᠢᠵᠢᠷᠠᠭᠤᠯᠵᠤ ᠪᠠᠶᠢᠭᠠᠷᠠᠢ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ