ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠶᠡᠷᠦᠩᠬᠡᠢ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠠ ᠥᠪᠥᠷ | ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ︽ | ᠬᠤᠶᠠᠷ ᠰᠠᠭᠤᠷᠢᠨ ᠭᠠᠵᠠᠷ︾ ᠪᠠ ︽ᠨᠢᠭᠡ ᠬᠦᠭᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠣᠨᠣᠪᠴᠢᠲᠠᠶ ᠰᠠᠭᠤᠷᠢᠯᠠᠵᠤ᠂ | ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤᠨ ᠶᠡᠭᠡ | ᠠᠵᠢᠯᠯᠠᠭᠠᠨ ᠤ ᠲᠥᠯᠥᠪᠯᠡᠭᠡ︾ ᠶᠢᠨ ᠲᠡᠮᠡᠴᠡᠬᠦ ᠬᠠᠷᠠᠯᠲᠠ ᠳᠤ ᠴᠢᠭᠯᠡᠭᠦᠯᠦᠨ᠂ ᠣᠷᠴᠢᠨ ᠲᠣᠭᠤᠷᠢᠨ ᠭᠤᠶᠣ ᠰᠠᠶᠢᠬᠠᠨ᠂ ᠠᠮᠢᠳᠤᠷᠠᠯ ᠪᠠᠶᠠᠨ ᠴᠢᠨᠡᠭᠡᠯᠢᠭ᠂ | ᠦᠨᠳᠦᠰᠦᠲᠡᠨ ᠨᠦᠭᠦᠳ ᠪᠦᠯᠬᠦᠮᠳᠡᠯ ᠲᠠᠢ᠂ ᠬᠢᠯᠢ ᠬᠢᠵᠠᠭᠠᠷ ᠲᠣᠭᠲᠠᠭᠤᠨ ᠵᠣᠯ ᠵᠢᠷᠭᠠᠯᠲᠤ ᠭᠡᠷ ᠣᠷᠣᠨ ᠢ ᠪᠦᠲᠦᠭᠡᠨ ᠪᠠᠶᠢᠭᠤᠯᠬᠤ ᠳᠤ ᠬᠠᠨᠳᠤᠭᠤᠯᠤᠨ᠂ ᠴᠢᠨᠠᠷ | ᠰᠠᠶᠢᠲᠠᠢ ᠴᠠᠭ ᠠᠭᠤᠷ ᠤᠨ ᠦᠢᠯᠡᠴᠢᠯᠡᠭᠡ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠢ ᠴᠠᠭ ᠠᠭᠤᠷ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠨᠠᠨ ᠬᠡᠮᠵᠢᠬᠦ ᠨᠢ ᠨᠠᠷᠢᠯᠢᠭ᠂ ᠤᠷᠢᠳᠴᠢᠯᠠᠨ ᠮᠡᠳᠡᠭᠡᠯᠡᠬᠦ ᠨᠢ ᠨᠠᠷᠢᠯᠢᠭ᠂ ᠦᠢᠯᠡᠴᠢᠯᠡᠭᠡ ᠨᠢ ᠨᠠᠷᠢᠯᠢᠭ᠂ ᠠᠷᠠᠳ | ᠲᠦᠮᠡᠨ ᠳᠤ ᠲᠠᠭᠠᠰᠢᠶᠠᠭᠳᠠᠭᠰᠠᠨ ᠣᠲᠣ ᠦᠶ᠎ᠡ ᠶᠢᠨ ᠴᠠᠭ ᠠᠭᠤᠷ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ | ᠬᠥᠭᠵᠢᠯᠲᠡ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ ᠪᠠᠶᠢᠬᠤ ᠶᠢ ᠪᠥᠬᠦ ᠲᠠᠯ᠎ᠠ ᠪᠠᠷ ᠪᠠᠲᠤᠯᠠᠵᠤ᠂ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ | ᠬᠤᠰᠢᠭᠤ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠠᠭ ᠠᠭᠤᠷ ᠤᠨ ᠦᠢᠯᠡᠴᠢᠯᠡᠭᠡᠨ ᠤ ᠪᠠᠲᠤ ᠴᠢᠩᠭ᠎ᠠ ᠪᠥᠭᠡᠳ ᠬᠦᠴᠦᠨ ᠲᠡᠭᠦᠯᠳᠡᠷ ᠪᠠᠲᠤᠯᠠᠭ᠎ᠠ | ᠬᠠᠩᠭᠠᠬᠤ ᠬᠡᠷᠡᠭᠲᠡᠢ᠃ | ︵ᠬᠤᠶᠠᠷ︶ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ ᠤ ᠣᠲᠣ | ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ᠂ ᠦᠢᠯᠡᠴᠢᠯᠡᠭᠡ᠂ ᠲᠤᠬᠠᠶᠢᠯᠠᠭᠰᠠᠨ ᠠᠵᠢᠯ ᠤᠨ ᠰᠢᠰᠲ᠋ᠧᠮ ᠪᠠ ᠴᠠᠭ ᠠᠭᠤᠷ ᠤᠨ ᠵᠠᠰᠠᠯᠲᠠ ᠶᠢᠨ | ᠰᠢᠰᠲ᠋ᠧᠮ ᠢ ᠪᠠᠶᠢᠭᠤᠯᠤᠨ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠰᠢᠨ᠎ᠡ ᠪᠠᠷᠭᠤ ᠪᠠᠷᠠᠭᠤᠨ | ᠬᠤᠰᠢᠭᠤᠨ ᠤ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠬᠥᠭᠵᠢᠯᠲᠡ ᠶᠢ ᠪᠠᠲᠤᠯᠠᠬᠤ ᠦᠷ᠎ᠡ ᠪᠦᠲᠦᠮᠵᠢ ᠶᠢ ᠢᠯᠡᠳᠲᠡ | ᠳᠡᠭᠡᠭᠰᠢᠯᠡᠭᠦᠯᠵᠦ᠂ ᠪᠥᠬᠦ ᠬᠤᠰᠢᠭᠤᠨ ᠤ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | 2035 ᠣᠨ ᠪᠣᠯᠬᠤ ᠳᠤ᠂ ᠣᠶᠤᠨᠴᠢ ᠴᠠᠭ ᠠᠭᠤᠷ ᠢᠶᠠᠷ ᠭᠤᠣᠯ ᠣᠨᠴᠠᠯᠢᠭ ᠪᠣᠯᠭᠠᠭᠰᠠᠨ ᠴᠠᠭ ᠠᠭᠤᠷ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠬᠢᠨᠠᠨ ᠬᠡᠮᠵᠢᠯᠲᠡ ᠶᠢ ᠨᠠᠩ ᠨᠠᠷᠢᠯᠢᠭ ᠪᠣᠯᠭᠠᠵᠤ᠂ ᠤᠷᠢᠳᠴᠢᠯᠠᠭᠰᠠᠨ ᠮᠡᠳᠡᠭᠡ ᠶᠢ ᠨᠠᠩ ᠣᠨᠣᠪᠴᠢᠲᠠᠶ ᠪᠣᠯᠭᠠᠵᠤ᠂ ᠦᠢᠯᠡᠴᠢᠯᠡᠭᠡ ᠶᠢ ᠨᠠᠩ ᠨᠠᠷᠢᠯᠢᠭ | ᠪᠣᠯᠭᠠᠵᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠴᠠᠭ ᠠᠭᠤᠷ ᠤᠨ ᠨᠦᠯᠦᠭᠡ᠂ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠪᠠ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠴᠠᠭ ᠠᠭᠤᠷ ᠤᠨ ᠭᠤᠣᠯᠯᠠᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | 1. ᠪᠡᠶᠡᠲᠦ ᠨᠠᠷᠢᠯᠢᠭ ᠴᠠᠭ ᠠᠭᠤᠷ ᠤᠨ ᠬᠢᠨᠠᠨ ᠬᠡᠮᠵᠢᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ | 2. ᠨᠠᠷᠢᠯᠢᠭ ᠣᠨᠣᠪᠴᠢᠲᠠᠢ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠰᠢᠰᠲ᠋ᠧᠮ ᠢ ᠪᠠᠶᠢᠭᠤᠯᠤᠨ᠎ᠠ᠃ | 3. ᠣᠶᠤᠨᠴᠢ ᠴᠠᠭ ᠠᠭᠤᠷ ᠤᠨ ᠦᠢᠯᠡᠴᠢᠯᠡᠭᠡᠨ ᠤ ᠨᠠᠷᠢᠯᠢᠭᠵᠢᠭᠤᠯᠤᠭᠰᠠᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠬᠤᠶᠠᠷ︶ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ | 4. ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | 5. ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢ ᠠᠷᠭᠠᠴᠠᠬᠤ ᠴᠢᠳᠠᠪᠤᠷᠢ ᠶᠢ ᠨᠡᠮᠡᠭᠳᠡᠭᠦᠯᠦᠨ᠎ᠡ᠃ | 6. ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | 7. ᠠᠶᠤᠩᠭ᠎ᠠ ᠠᠴᠠ ᠰᠡᠷᠭᠡᠶᠢᠯᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ︵ᠭᠤᠷᠪᠠ︶ ᠴᠠᠭ ᠠᠭᠤᠷ ᠤᠨ ᠦᠢᠯᠡᠴᠢᠯᠡᠭᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ | 8. ᠴᠠᠭ ᠠᠭᠤᠷ ᠢᠶᠠᠷ ᠮᠠᠯ ᠠᠵᠤ ᠠᠬᠤᠢ ᠳᠤ ᠦᠢᠯᠡᠴᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠥᠬᠦ ᠲᠠᠯ᠎ᠠ ᠪᠠᠷ ᠠᠬᠢᠭᠤᠯᠬᠤ ᠳᠤ ᠬᠦᠴᠦ ᠨᠡᠮᠡᠷᠢᠯᠡᠨ᠎ᠡ᠃ | 9. ᠵᠢᠭᠤᠯᠴᠢᠯᠠᠯ᠂ ᠮᠥᠰᠥ ᠴᠠᠰᠤᠨ ᠤ ᠠᠵᠤ ᠦᠢᠯᠡᠰ ᠤᠨ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ | 10. ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ | ︵ᠳᠥᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ | 11. ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠠᠭ ᠠᠭᠤᠷ ᠤᠨ ᠪᠠᠲᠤᠯᠠᠭ᠎ᠠ ᠶᠢ ᠴᠢᠩᠭᠠᠳᠬᠠᠨ᠎ᠠ᠃ | 12. ᠠᠮᠢ ᠠᠬᠤᠢ ᠶᠢ ᠰᠡᠷᠭᠦᠭᠡᠬᠦ ᠠᠶᠠᠯᠠᠯ ᠤᠨ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠴᠢᠩᠭᠠᠳᠬᠠᠨ᠎ᠠ᠃ | 13᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ ᠢᠳᠡᠪᠬᠢᠲᠡᠢ ᠳᠡᠮᠵᠢᠨ᠎ᠡ᠃ | 14. ᠠᠭᠤᠷ ᠠᠮᠢᠰᠬᠤᠯ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠷᠠᠭᠤᠯᠤᠨ᠎ᠠ᠃ | ︵ᠲᠠᠪᠤ︶ ᠴᠢᠳᠠᠪᠤᠷᠢᠲᠠᠨ ᠤ ᠡᠩᠨᠡᠭᠡ ᠪᠠ ᠥᠷᠲᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | 15. ᠴᠠᠭ ᠠᠭᠤᠷ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ | 16. ᠴᠠᠭ ᠠᠭᠤᠷ ᠤᠨ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ | 17. ᠴᠠᠭ ᠠᠭᠤᠷ ᠤᠨ ᠥᠷᠲᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠮᠠᠨ ᠤ ᠬᠤᠰᠢᠭᠤᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠬᠠᠩᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠂ ᠰᠠᠯᠠᠭ᠎ᠠ ᠮᠥᠴᠢᠷ | ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠣᠭᠲᠠᠴᠠ ᠶᠢ | ᠤᠯᠠᠮ ᠴᠢᠨᠠᠭᠰᠢᠳᠠ ᠲᠡᠭᠦᠯᠳᠡᠷᠵᠢᠭᠦᠯᠬᠦ ᠶᠢᠨ ᠲᠦᠯᠦᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠪᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠴᠠᠭ ᠠᠭᠤᠷ ᠤᠨ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠴᠠᠭ ᠠᠭᠤᠷ ᠤᠨ ᠴᠢᠨᠠᠷ | ᠰᠠᠶᠢᠲᠠᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠴᠠᠭ ᠠᠭᠤᠷ ᠤᠨ ᠦᠢᠯᠡᠰ ᠤᠨ ᠬᠥᠭᠵᠢᠯᠲᠡ ᠶᠢ ᠲᠤᠰ ᠭᠠᠵᠠᠷ ᠣᠷᠣᠨ ᠤ ᠤᠯᠤᠰ | ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠪᠠ ᠬᠢᠨᠠᠨ ᠰᠢᠯᠭᠠᠬᠤ ᠳᠤ ᠣᠷᠣᠭᠤᠯᠵᠤ᠂ ᠲᠤᠰ ᠭᠠᠵᠠᠷ ᠣᠷᠣᠨ ᠤ ᠴᠠᠭ | ᠠᠭᠤᠷ ᠤᠨ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠪᠡᠯᠡ ᠮᠥᠩᠭᠦ᠂ ᠭᠠᠵᠠᠷ ᠬᠡᠷᠡᠭᠯᠡᠬᠦ | ᠪᠠᠲᠤᠯᠠᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠨᠡᠶᠢᠯᠡᠮᠡᠯ ᠬᠦᠴᠦᠨ ᠢ ᠪᠤᠢ ᠪᠣᠯᠭᠠᠨ᠎ᠠ᠃ | | ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠶᠢᠨ | ᠣᠷᠴᠢᠨ ᠨᠥᠬᠦᠴᠡᠯ ᠢ ᠬᠠᠤᠯᠢ ᠶᠣᠰᠣᠭᠠᠷ ᠬᠠᠮᠠᠭᠠᠯᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ | ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡ ᠬᠢᠬᠦ ᠵᠡᠷᠭᠡ ᠠᠵᠢᠯᠯᠠᠭ᠎ᠠ ᠶᠢ | ᠵᠢᠷᠤᠮᠵᠢᠭᠤᠯᠵᠤ᠂ ᠠᠶᠤᠩᠭ᠎ᠠ ᠠᠴᠠ ᠰᠡᠷᠭᠡᠶᠢᠯᠡᠬᠦ ᠠᠮᠤᠷ ᠲᠦᠪᠰᠢᠨ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠤᠶᠢᠷᠦᠯ ᠤᠨ ᠥᠪᠡᠷ ᠢᠶᠠᠨ ᠪᠠᠶᠢᠭᠤᠯᠤᠭᠰᠠᠨ ᠴᠠᠭ ᠠᠭᠤᠷ ᠤᠨ ᠬᠠᠶᠢᠨ | ᠬᠡᠮᠵᠢᠯᠲᠡ ᠶᠢᠨ ᠲᠥᠬᠦᠭᠡᠷᠦᠮᠵᠢ ᠶᠢ ᠤᠯᠤᠰ ᠤᠨ ᠴᠠᠭ ᠠᠭᠤᠷ ᠢ ᠠᠵᠢᠭᠯᠠᠨ ᠬᠡᠮᠵᠢᠬᠦ ᠲᠣᠣᠷ ᠰᠦᠯᠵᠢᠶᠡᠨ ᠤ ᠱᠠᠭᠠᠷᠳᠠᠯᠭ᠎ᠠ ᠳᠤ ᠣᠷᠣᠭᠤᠯᠬᠤ ᠶᠢ | ᠨᠠᠶᠢᠳᠠᠪᠤᠷᠢᠵᠢᠭᠤᠯᠵᠤ᠂ ᠴᠠᠭ ᠠᠭᠤᠷ ᠤᠨ ᠰᠠᠯᠠᠭ᠎ᠠ ᠮᠥᠴᠢᠷ ᠠᠴᠠ ᠨᠢᠭᠡᠳᠦᠯᠲᠡᠢ ᠲᠥᠯᠥᠪᠵᠢᠭᠦᠯᠬᠦ ᠪᠠ ᠬᠢᠨᠠᠯᠲᠠ ᠲᠠᠯᠪᠢᠵᠤ ᠵᠣᠬᠢᠴᠠᠭᠤᠯᠬᠤ ᠶᠢ ᠬᠡᠷᠡᠭᠵᠢᠭᠦᠯᠦᠨ᠎ᠡ᠃ | | ︵ᠭᠤᠷᠪᠠ︶ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ᠂ ᠳᠡᠭᠡᠳᠦ ᠱᠠᠲᠤᠨ ᠤ ᠵᠠᠷᠤᠳᠠᠯ ᠤᠨ ᠣᠷᠣᠭᠤᠯᠤᠯᠲᠠ ᠶᠢ ᠢᠳᠡᠪᠬᠢᠲᠡᠢ ᠲᠡᠮᠡᠴᠡᠨ ᠣᠯᠵᠤ᠂ ᠴᠠᠭ | ᠠᠭᠤᠷ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠨ ᠳᠠᠪᠬᠤᠷ ᠲᠥᠯᠥᠪᠯᠡᠭᠡᠲᠦ ᠡᠳ᠋ ᠤᠨ | ᠶᠠᠪᠤᠳᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠴᠠᠭ ᠠᠭᠤᠷ ᠤᠨ ᠦᠢᠯᠡᠰ ᠤᠨ ᠠᠵᠢᠯᠯᠠᠭᠠᠨ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠪᠠ ᠣᠷᠣᠨ ᠨᠤᠲᠤᠭ ᠤᠨ ᠴᠢᠨᠠᠷᠲᠠᠢ ᠲᠥᠷᠥ ᠶᠢᠨ ᠪᠣᠳᠣᠯᠭ᠎ᠠ ᠠᠴᠠ ᠪᠣᠯᠵᠤ ᠨᠡᠮᠡᠭᠳᠡᠭᠰᠡᠨ ᠨᠡᠶᠢᠲᠡ ᠶᠢᠨ ᠬᠡᠷᠡᠭᠯᠡᠭᠡᠨ᠂ ᠡᠮᠴᠢᠯᠡᠭᠡ᠂ ᠨᠠᠰᠤᠵᠢᠯ ᠤᠨ ᠠᠰᠠᠷᠠᠮᠵᠢ | ᠵᠢᠴᠢ ᠨᠡᠮᠡᠭᠦᠷᠢ ᠨᠥᠬᠦᠪᠦᠷᠢ ᠵᠡᠷᠭᠡ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠠᠲᠤᠯᠠᠭ᠎ᠠ ᠳᠤ ᠣᠷᠣᠭᠤᠯᠤᠨ᠎ᠠ᠃ | ᠡᠯ᠎ᠡ ᠠᠵᠢᠯ ᠲᠦᠷᠦᠯ᠂ ᠨᠡᠶᠢᠭᠡᠮ ᠤᠨ ᠬᠦᠴᠦᠨ ᠢ ᠢᠳᠡᠪᠬᠢᠲᠡᠢ ᠬᠥᠲᠥᠯᠥᠨ ᠵᠢᠯᠤᠭᠤᠳᠴᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | | | |