ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠮᠠᠨ ᠤ ᠬᠤᠰᠢᠭᠤᠨ ᠳᠤ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2024/1/11
      1 ᠰᠠᠷ᠎ᠠ ᠶᠢᠨ 5 ᠤ ᠡᠳᠦᠷ ᠬᠤᠷᠠᠯᠳᠤᠭᠰᠠᠨ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠨᠢ ᠮᠠᠨ ᠤ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠪᠠ᠃ ᠤᠯᠠᠨ ᠢᠶᠠᠷ ᠢᠶᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠬᠤᠳᠠ ᠶᠢᠨ ᠨᠠᠮ ᠤᠨ ᠬᠤᠷᠢᠶᠠᠨ ᠤ ᠪᠦᠬᠦᠳᠠ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ︽ᠲᠣᠭᠲᠠᠭᠤᠨ︾ ᠪᠠᠶᠢᠬᠤ ᠲᠣᠭᠲᠠᠯ ᠬᠦᠴᠦᠨ ᠢ ᠪᠠᠲᠤᠯᠠᠨ᠂ ︽ᠲᠡᠮᠡᠴᠡᠬᠦ︾ ᠡᠷᠴᠢ ᠵᠣᠷᠢᠭ ᠢᠶᠠᠨ ᠪᠠᠳᠠᠷᠠᠭᠤᠯᠵᠤ ᠂ ︽ᠰᠦᠪᠡᠭᠴᠢᠯᠡᠬᠦ︾ ᠪᠣᠳᠠᠲᠠᠢ ᠠᠷᠭ᠎ᠠ ᠶᠢ ᠠᠪᠴᠤ᠂ ᠪᠦᠬᠦ ᠵᠢᠯ ᠤᠨ ᠬᠠᠷᠠᠯᠲᠠ ᠪᠠᠨ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠪᠣᠳᠠᠲᠠᠢ ᠠᠵᠢᠯᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
1.11反响1.jpg
      ᠠᠯᠳ᠋ᠬᠠᠮᠡᠭᠡᠯ ᠪᠠᠯᠭᠠᠰᠤ ᠶᠢᠨ ᠪᠣᠭᠳᠠᠠᠭᠤᠯᠠ ᠨᠡᠶᠢᠭᠡᠮ ᠲᠣᠭᠤᠷᠢᠭ ᠤᠨ ᠬᠤᠷᠠᠯ ᠤᠨ ᠭᠡᠷ ᠲᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠪᠦᠦ ᠮᠢᠩ ᠶᠠᠨ ᠨᠡᠶᠢᠭᠡᠮ ᠲᠣᠭᠤᠷᠢᠭ ᠤᠨ ᠠᠵᠢᠯᠲᠠᠨ ᠪᠠ ᠰᠠᠭᠤᠭᠠᠯᠢ ᠠᠷᠠᠳ ᠲᠤ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠪᠠᠶᠢᠨ᠎ᠠ᠃ ᠪᠦᠦ ᠮᠢᠩ ᠶᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠣᠯᠤᠭᠰᠠᠨ ᠤ ᠬᠤᠪᠢ ᠳᠤ ᠲᠡᠷᠡ ᠲᠤᠶᠢᠯ ᠢᠶᠠᠷ ᠤᠷᠮᠠᠰᠢᠨ ᠵᠣᠷᠢᠭᠵᠢᠵᠤ᠂ ᠮᠠᠰᠢ ᠶᠡᠭᠡ ᠪᠠᠷ ᠵᠣᠷᠢᠭᠵᠢᠵᠤ ᠪᠠᠶᠢᠨ᠎ᠠ᠂ ᠢᠷᠡᠭᠡᠳᠦᠢ ᠳᠤ ᠲᠡᠷᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠠᠵᠢᠯ ᠤᠨ ᠪᠣᠳᠠᠲᠤ ᠪᠠᠶᠢᠳᠠᠯ ᠳᠤ ᠠᠭᠤᠰᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠨ ᠭᠦᠢᠴᠡᠳᠬᠡᠵᠦ᠂ ᠠᠷᠠᠳ ᠲᠦᠮᠡᠨ ᠳᠤ ᠨᠠᠩ ᠰᠠᠶᠢᠨ ᠦᠢᠯᠡᠴᠢᠯᠡᠨ᠎ᠡ ᠭᠡᠪᠡ᠃
1.11反响2.jpg
      ᠲᠤᠰ ᠡᠳᠦᠷ ᠲᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷ ᠠᠵᠢᠯᠲᠠᠳ ᠰᠤᠷᠤᠯᠴᠠᠯᠭ᠎ᠠ ᠶᠢᠨ ᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ ᠲᠡᠮᠳᠡᠭᠯᠡᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠣ ᠷᠦᠨ ᠰᠢ ᠶᠢᠨ ᠪᠥᠬᠦᠳᠡ ᠬᠤᠷᠠᠯ ᠳᠡᠭᠡᠷᠡᠬᠢ ᠶᠠᠷᠢᠶ᠎ᠠ  ᠨᠢ ᠰᠡᠳᠬᠢᠯ ᠳᠤ ᠭᠦᠨ ᠰᠠᠭᠤᠭᠳᠠᠵᠤ᠂ ᠬᠦᠴᠦᠨ ᠴᠢᠳᠠᠯ ᠲᠡᠭᠦᠯᠳᠡᠷ ᠪᠠᠶᠢᠨ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠣᠶᠢᠷ᠎ᠠ ᠬᠠᠪᠢ ᠳᠠᠭᠠᠨ ᠭᠦᠢᠴᠡᠳᠬᠡᠬᠦ᠂ ᠳᠠᠷᠤᠶᠢᠬᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ ᠭᠡᠪᠡ᠃
1.11反响3.jpg
      ᠰᠢᠨ᠎ᠡ ᠴᠠᠭ ᠦᠶ᠎ᠡ ᠰᠢᠨ᠎ᠡ ᠠᠶᠠᠨ ᠵᠠᠮ ᠬᠥᠮᠥᠰ ᠢ ᠡᠷᠡᠯᠬᠡᠭᠯᠡᠨ ᠤᠷᠤᠭᠰᠢᠯᠠᠭᠤᠯᠵᠤ᠂ ᠰᠢᠨ᠎ᠡ ᠵᠢᠷᠤᠭ ᠲᠥᠯᠥᠪᠯᠡᠭᠡ ᠰᠢᠨ᠎ᠡ ᠬᠠᠭᠤᠳᠠᠰᠤ ᠶᠢᠨ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠬᠤᠶᠢᠰᠢᠳᠠ᠂ ᠰᠢᠨ᠎ᠡ ᠪᠠᠷᠭᠤ ᠪᠠᠷᠠᠭᠤᠨ ᠬᠤᠰᠢᠭᠤ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠯᠬᠤᠭ᠎ᠠ ᠪᠠᠨ ᠨᠢᠭᠡᠳᠬᠡᠵᠦ᠂ ᠬᠥᠯᠥᠨ ᠪᠤᠶᠢᠷ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠠᠷ ᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠣᠳᠣᠬᠢᠴᠢᠯᠠᠭᠰᠠᠨ ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ