ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/1/13
      ︵2024 ᠣᠨ ᠤ 1 ᠰᠠᠷ᠎ᠠ ᠶᠢᠨ 11᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠠᠴᠠ ᠪᠠᠲᠤᠯᠠᠪᠠ︶     ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ 2024 ᠣᠨ ᠤ 1 ᠰᠠᠷ᠎ᠠ ᠶᠢᠨ 11᠎ ᠤ ᠡᠳᠦᠷ ᠠᠯᠳ᠋ᠬᠠᠮᠡᠭᠡᠯ ᠪᠠᠯᠭᠠᠰᠤᠨ ᠳᠤ ᠬᠤᠷᠠᠯᠳᠤᠪᠠ᠃     ᠪᠦᠭᠦᠳᠡ ᠬᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 27 ᠬᠥᠮᠥᠨ᠂ ᠣᠷᠣᠯᠠᠭᠴᠢ ᠭᠡᠰᠢᠭᠦᠨ 6 ᠬᠥᠮᠥᠨ ᠣᠷᠣᠯᠴᠠᠪᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠡᠯ᠎ᠡ ᠰᠤᠮᠤ ᠪᠠᠯᠭᠠᠰᠤ ᠰᠠᠯᠠᠭ᠎ᠠ ᠮᠥᠴᠢᠷ ᠨᠢᠭᠡᠴᠡ ᠶᠢᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃     ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠥᠬᠡᠪᠠᠶᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠲᠤᠰ ᠲᠤᠰ ᠶᠠᠷᠢᠶ᠎ᠠ ᠲᠠᠯᠪᠢᠪᠠ᠃      ᠪᠦᠭᠦᠳᠡ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠡᠪᠠᠶᠠᠷ ᠨᠥᠬᠦᠷ ᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2023 ᠣᠨ ᠤ ᠠᠵᠢᠯ ᠢᠶᠠᠨ ᠳ᠋ᠦᠩᠨᠡᠵᠦ᠂ 2024 ᠣᠨ ᠤ ᠡᠭᠦᠷᠭᠡ ᠪᠠᠨ ᠪᠠᠶᠢᠷᠢᠯᠠᠭᠤᠯᠪᠠ᠃      ᠪᠦᠭᠦᠳᠡ ᠬᠤᠷᠠᠯ ᠠᠴᠠ᠂ ᠥᠩᠭᠡᠷᠡᠭᠰᠡᠨ ᠨᠢᠭᠡ ᠵᠢᠯ ᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭ᠎ᠠ ᠬᠤᠪᠢᠷᠠᠭᠰᠠᠨ ᠤ ᠳᠠᠷᠠᠭᠠᠬᠢ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠵᠠᠩᠭᠢᠯᠠᠭ᠎ᠠ ᠶᠢᠨ ᠵᠢᠯ ᠮᠥᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ︽ᠬᠥᠭᠵᠢᠯᠲᠡ︾᠎ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠰᠢᠨ᠂ ᠣᠷᠭᠢᠯ ᠳᠤᠨᠢ ᠲᠤᠯᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠦᠬᠦ ᠬᠤᠷᠳᠤᠴᠠ ᠪᠠᠷ ᠰᠢᠪᠲᠤᠯᠤᠯᠲᠠ ᠬᠢᠵᠦ᠂ ᠢᠯᠡᠳᠲᠡ ᠠᠮᠵᠢᠯᠲᠠ ᠣᠯᠣᠭᠰᠠᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ︽ᠬᠤᠶᠠᠷ ᠶᠡᠭᠡ ᠶᠠᠪᠤᠳᠠᠯ︾᠎ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠵᠢᠭᠦᠯᠦᠨ ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠡᠯ᠎ᠡ ᠲᠦᠷᠦᠯ ᠤᠨ ᠠᠵᠢᠯ ᠦᠢᠯᠡᠰ ᠲᠦᠷᠭᠡᠨ ᠲᠠᠪᠰᠢᠯᠳᠠ ᠲᠠᠢ ᠪᠣᠯᠵᠤ᠂ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠡᠰᠢ ᠯᠠᠪᠳᠠᠭᠤᠨ ᠪᠠᠲᠤᠲᠠᠢ ᠰᠢᠨ᠎ᠡ ᠠᠯᠬᠤᠮ ᠢ ᠠᠯᠬᠤᠪᠠ ᠭᠡᠵᠦ ᠰᠠᠨᠠᠯ ᠨᠢᠭᠡᠲᠡᠢ ᠦᠵᠡᠪᠡ᠃      ᠪᠦᠭᠦᠳᠡ ᠬᠤᠷᠠᠯ ᠠᠴᠠ᠂ ᠥᠩᠭᠡᠷᠡᠭᠰᠡᠨ ᠨᠢᠭᠡ ᠵᠢᠯ ᠤᠨ ᠦᠢᠯᠡᠳᠦᠯᠭᠡ ᠭᠦᠢᠴᠡᠳ ᠭᠡᠷᠡᠴᠢᠯᠡᠭᠰᠡᠨ ᠨᠢ᠂ ᠬᠤᠰᠢᠭᠤᠨ ᠤ ᠨᠠᠮ ᠤᠨ ᠬᠤᠷᠢᠶ᠎ᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠷᠤᠭᠯᠠᠵᠤ ᠥᠭᠭᠦᠭᠰᠡᠨ ᠵᠢᠷᠤᠭ ᠲᠥᠯᠥᠪᠯᠡᠭᠡ ᠶᠢ ᠭᠤᠶᠢᠪᠢᠰᠢ ᠦᠭᠡᠢ ᠪᠠᠷᠢᠮᠲᠠᠯᠠᠨ᠂ ᠠᠴᠢ ᠡᠨᠡᠷᠢᠯ ᠳᠤ ᠲᠠᠯᠠᠷᠬᠠᠨ᠂ ᠰᠢᠨ᠎ᠡ ᠵᠠᠮ ᠢᠶᠠᠷ ᠡᠷᠡᠯᠬᠡᠭᠯᠡᠨ ᠤᠷᠤᠭᠰᠢᠯᠠᠵᠤ᠂ ᠵᠢᠱᠢᠶᠡᠴᠢ ᠪᠣᠯᠬᠤ ᠪᠠᠷ ᠴᠢᠷᠮᠠᠶᠢᠨ᠂ ᠴᠤᠭ ᠪᠠᠳᠠᠷᠠᠩᠭᠤᠢ ᠪᠠᠷ ᠤᠷᠤᠭᠰᠢᠯᠠᠨ ᠳᠠᠪᠰᠢᠪᠠ᠃ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠠᠷᠠᠳ ᠤᠨ ᠰᠡᠳᠬᠢᠯ ᠢ ᠤᠮᠳᠠᠯᠠᠵᠤ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠠᠷᠠᠳ ᠤᠨ ᠰᠡᠳᠬᠢᠯ ᠢ ᠵᠤᠵᠠᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠠᠷᠠᠳ ᠤᠨ ᠰᠡᠳᠬᠢᠯ ᠢ ᠪᠠᠲᠤᠳᠬᠠᠵᠤ᠂ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠠᠷᠠᠳ ᠤᠨ ᠰᠡᠳᠬᠢᠯ ᠢ ᠵᠣᠷᠢᠭᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠠᠷᠠᠳ ᠤᠨ ᠰᠡᠳᠬᠢᠯ ᠢ ᠬᠥᠭᠵᠢᠭᠡᠵᠦ᠂ ᠥᠭᠡᠷᠡᠴᠢᠯᠡᠯᠲᠡ ᠨᠡᠭᠡᠭᠡᠯᠲᠡ ᠶᠢᠨ ᠬᠠᠨᠳᠤᠰᠢ ᠠᠷᠠᠳ ᠤᠨ ᠰᠡᠳᠬᠢᠯ ᠢ ᠤᠷᠮᠠᠰᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠦᠨᠡᠨᠴᠢ ᠰᠢᠳᠤᠷᠭᠤ ᠪᠠᠷ ᠠᠷᠠᠳ ᠤᠨ ᠰᠡᠳᠬᠢᠯ ᠢ ᠣᠯᠵᠤ᠂ ᠡᠯ᠎ᠡ ᠱᠠᠲᠤ ᠳᠠᠪᠬᠤᠷᠭ᠎ᠠ᠂ ᠹᠷᠣᠨᠲ᠂ ᠬᠦᠷᠢᠶ᠎ᠡ ᠴᠠᠷᠠᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠠᠶᠠᠨ ᠳᠠᠬᠢ ᠰᠦᠷ ᠳᠠᠯᠠᠶᠢᠴᠠᠲᠠᠢ ᠬᠦᠴᠦᠨ ᠢ ᠦᠨᠡᠨᠬᠦ ᠨᠢᠭᠲᠠᠷᠠᠭᠤᠯᠪᠠ ᠭᠡᠵᠦ ᠦᠵᠡᠪᠡ᠃      ᠪᠥᠬᠦᠳᠡ ᠬᠤᠷᠠᠯ ᠠᠴᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠨᠢ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ᠂ ᠥᠨᠥ ᠵᠢᠯ ᠤᠨ ᠠᠵᠤ ᠠᠬᠤᠢ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠨ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠤᠷᠤᠭᠰᠢᠯᠠᠯᠲᠠ ᠶᠢᠨ ᠢᠲᠡᠭᠡᠯ ᠢ ᠪᠠᠲᠤᠳᠬᠠᠨ᠂ ᠪᠥᠬᠦ ᠲᠠᠯ᠎ᠠ ᠶᠢᠨ ᠬᠠᠷᠠᠭᠠᠰᠤ ᠶᠢ ᠪᠣᠶ ᠪᠣᠯᠭᠠᠪᠠ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢᠨ ᠴᠢᠭᠯᠡᠯ ᠢ ᠴᠢᠩᠭ᠎ᠠ ᠳᠠᠭᠠᠵᠤ᠂ ᠬᠠᠷᠠᠯᠲᠠ ᠪᠠᠨ ᠡᠷᠡᠰ ᠪᠠᠷᠢᠮᠲᠠᠯᠠᠨ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠵᠣᠷᠢᠯᠲᠠ ᠳᠤ ᠨᠡᠶᠢᠴᠡᠭᠰᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠯᠲᠡ ᠶᠢᠨ ᠪᠣᠳᠠᠲᠠᠢ ᠳᠤ ᠨᠡᠶᠢᠴᠡᠭᠰᠡᠨ ᠣᠳᠣᠬᠢᠴᠢᠯᠠᠯᠲᠠ ᠶᠢᠨ ᠰᠢᠨ᠎ᠡ ᠵᠠᠮ ᠢ ᠨᠡᠭᠡᠭᠡᠪᠡ ᠭᠡᠵᠦ ᠵᠢᠭᠠᠵᠤ ᠭᠠᠷᠭᠠᠪᠠ᠃      ᠪᠥᠬᠦᠳᠡ ᠬᠤᠷᠠᠯ ᠠᠴᠠ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠨᠥ ᠵᠢᠯ ᠤᠨ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ︽ᠲᠠᠪᠤᠨ ᠡᠷᠬᠡᠪᠰᠢ︾᠎ ᠶᠢᠨ ᠵᠢᠮ᠎ᠡ ᠶᠣᠰᠣᠴᠢ ᠴᠢᠨᠠᠷ ᠤᠨ ︽ᠭᠤᠷᠪᠠ ᠶᠢ ᠨᠢᠭᠡᠳᠦᠯᠲᠡᠢ ᠲᠥᠯᠥᠪᠯᠡᠬᠦ︾ ᠴᠢᠬᠤᠯᠠ ᠵᠠᠷᠴᠢᠮ ᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠲᠤᠯᠭᠠᠭᠤᠷᠢᠯᠠᠬᠤ ᠪᠠ ᠳᠠᠶᠢᠴᠢᠯᠠᠬᠤ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠵᠦ᠂ ︽ᠲᠠᠪᠤ ᠶᠢ ᠪᠠᠷᠢᠮᠲᠠᠯᠠᠬᠤ︾ ︽ᠲᠠᠪᠤ ᠶᠢ ᠬᠠᠮᠵᠢᠯᠴᠠᠭᠤᠯᠬᠤ︾ ᠰᠡᠳᠬᠢᠬᠦᠢ ᠶᠢ ᠦᠨᠡᠨᠬᠦ ᠴᠢᠩᠭᠠᠳᠬᠠᠵᠤ᠂ ︽ᠭᠤᠣᠯ ᠱᠤᠭᠤᠮ︾᠎ ᠤᠨ ᠤᠬᠠᠮᠰᠠᠷ ᠢ ᠪᠦᠬᠦ ᠲᠠᠯ᠎ᠠ ᠪᠠᠷ ᠪᠠᠲᠤ ᠪᠤᠶ ᠪᠣᠯᠭᠠᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠬᠤ ᠪᠠ ᠲᠡᠭᠦᠨ ᠳᠤ ᠦᠢᠯᠡᠴᠢᠯᠡᠵᠦ᠂ ︽ᠲᠠᠪᠤᠨ ᠶᠡᠭᠡ ᠡᠭᠦᠷᠭᠡ︾᠎ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦ ᠪᠠᠨ ᠲᠥᠪᠯᠡᠷᠡᠭᠦᠯᠦᠨ ᠪᠦᠬᠦ ᠬᠤᠰᠢᠭᠤᠨ ᠤ ︽ᠰᠢᠨ᠎ᠡ ᠵᠠᠮ ᠨᠡᠭᠡᠭᠡᠵᠦ᠂ ᠲᠣᠭᠲᠠᠭᠤᠨ ᠤ ᠳᠤᠮᠳᠠ ᠤᠷᠤᠭᠰᠢᠯᠠᠵᠤ᠂ ᠣᠷᠭᠢᠯ ᠳᠤᠨᠢ ᠭᠠᠷᠬᠤ ᠪᠠᠷ ᠴᠢᠷᠮᠠᠶᠢᠬᠤ︾ ᠬᠠᠷᠠᠯᠲᠠ ᠡᠭᠦᠷᠭᠡ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠲᠠᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾᠎ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠵᠤ ᠠᠬᠤᠢ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠪᠥᠬᠦᠳᠡ ᠬᠤᠷᠠᠯ ᠠᠴᠠ᠂ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠲᠡᠷᠢᠭᠦᠯᠡᠨ ᠤᠷᠤᠭᠰᠢᠯᠠᠵᠤ᠂ ᠵᠢᠱᠢᠶᠡᠴᠢ ᠪᠣᠯᠬᠤ ᠪᠠᠷ ᠮᠡᠷᠡᠶᠢᠨ ᠴᠢᠷᠮᠠᠶᠢᠵᠤ᠂ ᠤᠯᠤᠰ ᠲᠥᠷᠥ ᠶᠢ ᠡᠷᠬᠢᠮᠯᠡᠬᠦ ᠬᠠᠮᠤᠭ ᠤᠨ ᠥᠨᠳᠥᠷ ᠪᠠᠷᠢᠮᠵᠢᠶ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠬᠤ ᠬᠡᠷᠡᠭᠲᠡᠢ︔ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠠᠳᠬᠤᠬᠤ ᠶᠢ ᠪᠠᠷᠢᠮᠲᠠᠯᠠᠨ᠂ ᠤᠨᠤᠯ ᠢᠶᠠᠷ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ ᠶᠢ ᠪᠠᠷᠢᠮᠲᠠᠯᠠᠵᠤ᠂ ᠠᠵᠢᠯ ᠤᠨ ᠬᠦᠴᠦᠨ ᠢᠶᠠᠨ ᠳᠣᠷᠣᠭᠰᠢ ᠪᠠᠭᠤᠯᠭᠠᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠶᠢ ᠭᠦᠨᠵᠡᠭᠡᠢ ᠣᠶᠢᠯᠠᠭᠠᠬᠤ ᠬᠡᠷᠡᠭᠲᠡᠢ︔ ᠳᠦᠷᠢᠮ ᠤᠨ ᠲᠣᠭᠲᠠᠴᠠ ᠶᠢ ᠪᠦᠬᠦ ᠲᠠᠯ᠎ᠠ ᠪᠠᠷ ᠲᠡᠭᠦᠯᠳᠡᠷᠵᠢᠭᠦᠯᠦᠨ᠂ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ︔ ︽ᠬᠥᠭᠵᠢᠯᠲᠡ ᠶᠢ ᠰᠦᠪᠡᠭᠴᠢᠯᠡᠬᠦ︾᠎ ᠪᠠᠷ ᠠᠷᠠᠳ ᠤᠨ ᠠᠮᠢᠳᠤᠷᠠᠯ ᠢ ᠠᠬᠢᠭᠤᠯᠬᠤ ᠶᠢ ᠪᠠᠷᠢᠮᠲᠠᠯᠠᠵᠤ᠂ ︽ᠰᠠᠶᠢᠨ ᠦᠯᠢᠭᠡᠷ︾᠎ ᠢ ᠶᠠᠷᠢᠵᠤ ᠰᠣᠶᠣᠯ ᠢᠶᠠᠨ ᠮᠠᠨᠳᠤᠭᠤᠯᠤᠨ᠂ ︽ᠤᠷᠠᠨ ᠠᠷᠭ᠎ᠠ︾᠎ ᠪᠠᠷ ᠰᠢᠨ᠎ᠡ ᠬᠥᠮᠥᠨ ᠢ ᠬᠥᠮᠥᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠲᠥᠪᠯᠡᠩᠭᠦᠢ ᠨᠢᠭᠲᠠᠷᠠᠯ ᠤᠨ ᠬᠦᠴᠦᠨ ᠢ ᠦᠨᠡᠨᠬᠦ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠵᠣᠭᠰᠣᠴᠠ ᠪᠠᠨ ᠳᠡᠭᠡᠭᠰᠢᠯᠡᠭᠦᠯᠦᠨ᠂ ᠣᠨᠣᠪᠴᠢᠲᠠᠶ ᠪᠠᠶᠢᠷᠢ ᠲᠣᠭᠲᠠᠭᠠᠯᠲᠠ ᠬᠢᠵᠦ᠂ ᠬᠤᠷᠳᠤᠴᠠ ᠨᠡᠮᠡᠬᠦ ᠲᠡᠮᠡᠴᠡᠯ ᠤᠨ ᠳᠦᠷᠢ ᠲᠥᠷᠬᠦ ᠪᠠᠷ ᠠᠵᠤ ᠠᠬᠤᠢ ᠨᠡᠶᠢᠭᠡᠮ ᠤᠨ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ᠂ ᠪᠣᠬᠢᠷᠲᠤᠯ ᠦᠭᠡᠢ ᠬᠦᠭᠵᠢᠭᠦᠯᠬᠦ ᠪᠠ ᠴᠢᠨᠠᠷ ᠰᠠᠶᠢᠲᠠᠢ ᠬᠦᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ ︽ᠴᠠᠭ ᠬᠥᠮᠥᠨ ᠢ ᠥᠯᠥ ᠬᠦᠯᠢᠶᠡᠬᠦ᠂ ᠬᠥᠭᠵᠢᠯᠲᠡ ᠬᠥᠮᠥᠨ ᠢ ᠥᠯᠥ ᠬᠦᠯᠢᠶᠡᠬᠦ᠂ ᠠᠵᠠ ᠲᠣᠬᠢᠶᠠᠯ ᠬᠥᠮᠥᠨ ᠢ ᠥᠯᠥ ᠬᠦᠯᠢᠶᠡᠬᠦ︾ ᠤᠷᠤᠭᠰᠢᠯᠠᠨ ᠳᠠᠪᠰᠢᠭᠴᠢᠳ ᠤᠨ ᠰᠡᠳᠬᠢᠬᠦᠢ ᠶᠢ ᠪᠠᠲᠤ ᠪᠠᠬᠢ ᠪᠤᠶ ᠪᠣᠯᠭᠠᠵᠤ᠂ ᠲᠥᠷᠥ ᠶᠢᠨ ᠪᠣᠳᠣᠯᠭ᠎ᠠ ᠶᠢ ᠬᠡᠷᠡᠭᠯᠡᠬᠦ ᠴᠢᠬᠤᠯᠠ ᠶᠡᠭᠡ ᠠᠵᠠ ᠲᠣᠬᠢᠶᠠᠯ ᠢ ᠰᠠᠨᠠᠭᠠᠴᠢᠯᠠᠭ᠎ᠠ ᠠᠴᠠ ᠪᠠᠨ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠠᠴᠠ ᠬᠥᠭᠵᠢᠯᠲᠡ ᠶᠢᠨ ᠰᠤᠷᠠᠭ ᠴᠢᠮᠡᠭᠡ ᠶᠢ ᠴᠢᠳᠠᠮᠠᠭᠠᠢ ᠰᠦᠪᠡᠭᠴᠢᠯᠡᠨ᠂ ᠳᠡᠮᠵᠢᠯᠭᠡ ᠶᠢᠨ ᠳᠣᠬᠢᠶ᠎ᠠ ᠶᠢ ᠣᠯᠵᠤ᠂ ᠣᠭᠲᠤᠯᠣᠭᠠᠰᠤ ᠶᠢ ᠣᠨᠣᠪᠴᠢᠲᠠᠶ ᠡᠷᠢᠨ᠂ ᠪᠠᠶᠢᠳᠠᠯ ᠢ ᠲᠣᠭᠲᠠᠪᠤᠷᠢᠵᠢᠭᠤᠯᠵᠤ᠂ ᠤᠷᠤᠭᠰᠢᠯᠠᠨ ᠳᠠᠪᠰᠢᠵᠤ ᠪᠦᠰᠡᠯᠡᠯᠲᠡ ᠶᠢ ᠰᠢᠪᠲᠤᠯᠤᠨ᠂ ︽ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠪᠠᠲᠤ ᠶᠣᠰᠣ︾᠎ ᠶᠢ ᠪᠣᠳᠠᠲᠠᠢ ᠦᠢᠯᠡᠳᠦᠯᠭᠡᠵᠢᠭᠦᠯᠦᠨ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠶᠡᠷᠦᠩᠬᠡᠢ ᠲᠣᠬᠢᠷᠠᠭᠤᠯᠤᠯᠲᠠ ᠶᠢ ᠢᠮᠠᠭᠲᠠ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠶᠢᠨ ᠬᠠᠨᠳᠤᠰᠢ ᠶᠢ ᠰᠠᠨᠠᠭᠠᠴᠢᠯᠠᠭ᠎ᠠ ᠠᠴᠠ ᠪᠠᠨ ᠰᠢᠯᠢᠳᠡᠭᠵᠢᠭᠦᠯᠦᠨ᠂ ᠳᠠᠯᠳᠠ ᠬᠦᠴᠦᠨ ᠪᠠ ᠰᠢᠨ᠎ᠡ ᠵᠦᠢᠯ ᠢ ᠢᠯᠡᠷᠡᠭᠦᠯᠵᠦ᠂ ᠲᠤᠭ᠎ᠠ ᠬᠡᠮᠵᠢᠶ᠎ᠡ ᠶᠢ ᠶᠡᠬᠡᠰᠬᠡᠨ ᠶᠠᠰᠤ ᠴᠢᠨᠠᠷ ᠢ ᠨᠡᠮᠡᠭᠳᠡᠭᠦᠯᠵᠦ᠂ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠠᠭᠤᠰᠤᠯᠴᠠᠬᠤ ᠪᠠ ᠲᠡᠭᠦᠨ ᠳᠤ ᠦᠢᠯᠡᠴᠢᠯᠡᠵᠦ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾᠎ ᠪᠠᠷ ᠬᠥᠳᠡᠯᠭᠡᠭᠦᠷ ᠪᠣᠯᠭᠠᠵᠤ᠂ ᠥᠨᠳᠥᠷ ᠪᠠᠷᠢᠮᠵᠢᠶᠠᠲᠤ ᠲᠦᠷᠦᠯ ᠵᠦᠢᠯ ᠢᠶᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠢ ᠪᠣᠯᠭᠠᠬᠤ ᠪᠠᠷ ᠲᠥᠯᠥᠪᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠡᠳᠬᠡᠨ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠲᠤ ᠪᠠᠬᠢ ᠪᠠᠶᠢᠭᠤᠯᠵᠤ᠂ ᠳᠡᠭᠡᠳᠦ ᠱᠠᠲᠤ ᠯᠤᠭ᠎ᠠ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠪᠠᠷ ᠴᠢᠷᠮᠠᠶᠢᠵᠤ᠂ ᠰᠢᠯᠢᠳᠡᠭ ᠲᠦᠷᠦᠯ ᠵᠦᠢᠯ ᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠬᠦᠭᠵᠢᠯᠲᠡ ᠶᠢ ᠠᠬᠢᠭᠤᠯᠬᠤ ᠰᠢᠨ᠎ᠡ ᠬᠦᠴᠦᠨ ᠵᠦᠢᠯ ᠪᠣᠯᠭᠠᠬᠤ ᠪᠠᠷ ᠴᠢᠷᠮᠠᠶᠢᠬᠤ ᠬᠡᠷᠡᠭᠲᠡᠢ︔ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠪᠣᠷᠤᠯᠠᠭᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠡᠷᠡᠭᠯᠡᠭᠡᠨ ᠤ ᠪᠠᠶᠢᠳᠠᠯ ᠢ ᠰᠢᠨ᠎ᠡ ᠪᠠᠷ ᠡᠭᠦᠳᠴᠦ᠂ ᠬᠡᠷᠡᠭᠯᠡᠭᠡᠨ ᠤ ᠨᠥᠬᠦᠪᠦᠷᠢ ᠬᠠᠩᠭᠠᠵᠤ᠂ ᠣᠯᠠᠨ ᠲᠠᠯ᠎ᠠ ᠠᠴᠠ ᠬᠡᠷᠡᠭᠯᠡᠭᠡ ᠶᠢ ᠰᠡᠷᠭᠦᠭᠡᠨ ᠤᠷᠮᠠᠰᠢᠭᠤᠯᠵᠤ᠂ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠳᠡᠭᠡᠭᠰᠢᠯᠡᠭᠦᠯᠬᠦ ᠳᠠᠰᠢ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠡᠷᠡᠭᠯᠡᠭᠡ ᠶᠢᠨ ᠳᠠᠯᠳᠠ ᠬᠦᠴᠦᠨ ᠢ ᠨᠡᠮᠡᠭᠳᠡᠭᠦᠯᠬᠦ ᠶᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠲᠦᠷᠭᠡᠳᠬᠡᠭᠦᠷ ᠪᠣᠯᠭᠠᠬᠤ ᠪᠠᠷ ᠴᠢᠷᠮᠠᠶᠢᠬᠤ ᠬᠡᠷᠡᠭᠲᠡᠢ︔ ᠨᠡᠩ ᠥᠨᠳᠥᠷ ᠲᠦᠪᠰᠢᠨ ᠪᠦᠬᠦᠢ ᠳᠣᠲᠣᠭᠠᠳᠤ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ︽ᠬᠤᠶᠠᠷ ᠵᠦᠢᠯ ᠤᠨ ᠡᠬᠢ ᠪᠠᠶᠠᠯᠢᠭ︾ ︽ᠬᠤᠶᠠᠷ ᠵᠠᠬ᠎ᠠ ᠳᠡᠯᠭᠡᠭᠦᠷ︾᠎ ᠢ ᠭᠦᠢᠴᠡᠳ ᠪᠦᠭᠡᠳ ᠰᠠᠶᠢᠲᠤᠷ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠨ ᠪᠣᠭᠤᠮᠲᠠ ᠶᠢᠨ ᠠᠵᠤ ᠠᠬᠤᠢ ᠶᠢ ᠠᠮᠢᠳᠤᠯᠢᠭᠵᠢᠭᠤᠯᠵᠤ᠂ ᠪᠣᠭᠤᠮᠲᠠ ᠶᠢᠨ ᠳᠠᠭᠠᠭᠠᠴᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠴᠢᠳᠠᠪᠬᠢ ᠶᠢ ᠬᠦᠴᠦᠯᠡᠨ ᠰᠢᠯᠢᠳᠡᠭᠵᠢᠭᠦᠯᠵᠦ᠂ ᠬᠢᠯᠢ ᠬᠢᠵᠠᠭᠠᠷ ᠤᠨ ᠥᠷᠥᠴᠡ ᠭᠠᠵᠠᠷ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠳᠤᠮᠳᠠ ᠨᠡᠩ ᠶᠡᠭᠡ ᠦᠢᠯᠡᠳᠦᠯ ᠦᠵᠡᠭᠦᠯᠵᠦ᠂ ᠬᠤᠣᠰ ᠴᠢᠭᠯᠡᠯ ᠤᠨ ᠨᠡᠭᠡᠭᠡᠯᠲᠡ ᠶᠢ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯ ᠪᠠᠳᠠᠷᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠰᠢᠨ᠎ᠡ ᠬᠥᠳᠡᠯᠭᠡᠭᠦᠷ ᠪᠣᠯᠭᠠᠬᠤ ᠪᠠᠷ ᠴᠢᠷᠮᠠᠶᠢᠬᠤ ᠬᠡᠷᠡᠭᠲᠡᠢ︔ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠰᠠᠨᠠᠭᠠᠴᠢᠯᠠᠭ᠎ᠠ ᠠᠴᠠ ᠪᠠᠨ ᠠᠬᠢᠭᠤᠯᠵᠤ᠂ ᠭᠠᠶᠢᠯᠢ ᠬᠦᠩᠭᠡᠯᠡᠨ ᠰᠦᠢᠳᠬᠡᠯ ᠢ ᠪᠠᠭᠤᠷᠠᠭᠤᠯᠵᠤ᠂ ᠰᠠᠨᠠᠭᠠᠴᠢᠯᠠᠭ᠎ᠠ ᠎ ᠠᠴᠠ ᠪᠠᠨ ᠦᠢᠯᠡᠴᠢᠯᠡᠨ᠂ ᠳᠠᠷᠤᠭᠠᠰᠤ ᠦᠭᠡᠢ ᠠᠵᠢᠯᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠭᠤᠣᠯ ᠴᠣᠭᠴᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠬᠥᠭᠵᠢᠭᠡᠵᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠳᠤ ᠪᠡᠯᠡ ᠣᠷᠣᠭᠤᠯᠤᠨ ᠦᠢᠯᠡᠰ ᠮᠠᠨᠳᠤᠭᠤᠯᠬᠤ ᠥᠩ ᠰᠢᠮᠡᠯᠢᠭ ᠬᠥᠷᠥᠰᠥ ᠰᠢᠷᠣᠢ ᠶᠢ ᠨᠡᠮᠡᠷᠢᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠷ ᠢᠶᠠᠨ ᠡᠯ᠎ᠡ ᠵᠦᠢᠯ ᠤᠨ ᠭᠤᠣᠯᠳᠠᠯᠭ᠎ᠠ ᠲᠠᠢ ᠬᠦᠷᠢᠶᠡᠨ ᠳᠠᠬᠢ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠬᠡᠷᠡᠭᠲᠡᠢ︔ ︽ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠠᠷᠢᠮᠲᠠᠯᠠᠬᠤ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ︽ᠬᠤᠶᠠᠷ ᠬᠠᠯᠬᠠᠪᠴᠢ︾᠎ ᠶᠢ ᠪᠦᠲᠦᠭᠡᠨ ᠪᠠᠶᠢᠭᠤᠯᠬᠤ ᠪᠠᠷ ᠲᠦᠰᠢᠭ ᠪᠣᠯᠭᠠᠨ᠂ ᠠᠶᠤᠯ ᠲᠦᠭᠰᠢᠭᠦᠷᠢ ᠶᠢ ᠠᠮᠤᠷ ᠲᠦᠪᠰᠢᠨ ᠪᠣᠯᠭᠠᠨ ᠬᠤᠪᠢᠷᠠᠭᠤᠯᠬᠤ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠲᠡᠶᠢᠨ ᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠥᠬᠦᠴᠡᠯ ᠢ ᠬᠠᠩᠭᠠᠬᠤ ᠬᠡᠷᠡᠭᠲᠡᠢ᠃ ᠬᠡᠬᠦᠳᠡᠭ ᠴᠡᠭᠡᠵᠢᠨ ᠳᠤ ᠪᠠᠨ ︽ᠤᠯᠤᠰ ᠤᠨ ᠶᠡᠭᠡ ᠶᠠᠪᠤᠳᠠᠯ︾᠎ ᠢ ᠪᠠᠭᠲᠠᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠡᠯᠮᠡᠭ ᠲᠡᠭᠷᠢ᠂ ᠴᠡᠩᠬᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠵᠠᠭᠪᠤᠷ ᠤᠨ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ︔ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠬᠤᠪᠢᠷᠠᠭᠤᠯᠬᠤ ᠲᠣᠭᠲᠠᠴᠠ ᠶᠢ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠠᠷᠠᠭᠠᠯᠵᠠᠯ ᠤᠨ ᠭᠦᠢᠴᠡᠳᠬᠡᠯ ᠲᠤᠭ᠎ᠠ ᠶᠢᠨ ᠴᠢᠬᠤᠯᠠ ᠶᠡᠭᠡ ᠠᠵᠠ ᠲᠣᠬᠢᠶᠠᠯ ᠢ ᠣᠨᠣᠪᠴᠢᠲᠠᠢ ᠡᠵᠡᠮᠳᠡᠨ᠂ ᠲᠠᠪᠴᠠᠩ ᠪᠠᠶᠢᠭᠤᠯᠬᠤ᠂ ᠲᠣᠭᠲᠠᠴᠠ ᠪᠠᠶᠢᠭᠤᠯᠬᠤ ᠪᠠ ᠳᠦᠷᠢᠮ ᠢ ᠲᠣᠳᠣᠷᠬᠠᠶᠢᠯᠠᠬᠤ ᠲᠠᠯ᠎ᠠ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ︽ᠨᠤᠲᠤᠭ ᠪᠡᠯᠴᠢᠭᠡᠷ ᠲᠤ ᠨᠡᠭᠦᠷᠡᠰᠦᠲᠥ᠋ᠷᠥᠭᠴᠢ ᠬᠤᠷᠠᠮᠳᠤᠭᠤᠯᠬᠤ︾᠎ ᠪᠠᠷ ᠬᠦᠬᠡ ᠠᠭᠤᠯᠠ ᠬᠦᠬᠡᠮᠳᠦᠭ ᠤᠰᠤ ᠪᠣᠯ ᠳᠠᠷᠤᠢ ᠠᠯᠳᠠ ᠮᠥᠩᠭᠦᠨ ᠠᠭᠤᠯᠠ ᠭᠡᠬᠦ ᠬᠥᠭᠵᠢᠯᠲᠡ ᠶᠢᠨ ᠠᠷᠭ᠎ᠠ ᠵᠠᠮ ᠢ ᠦᠷᠭᠡᠳᠬᠡᠬᠦ ᠬᠡᠷᠡᠭᠲᠡᠢ︔ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠦᠨ᠎ᠡ ᠦᠷᠳᠡᠭ ᠲᠠᠢ ᠠᠮᠢ ᠠᠬᠤᠢ ᠶᠢ ᠬᠠᠷᠢᠯᠴᠠᠨ ᠲᠤᠪᠤᠶᠢᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠲᠤ ᠴᠣᠭᠴᠠᠯᠠᠬᠤ ᠬᠡᠷᠡᠭᠲᠡᠢ᠃ ︽ᠢᠷᠠᠭᠤ ᠠᠯᠳᠠᠷᠲᠤ ᠡᠭᠦᠷᠭᠡ︾᠎ ᠶᠢ ᠡᠭᠦᠷᠭᠡᠯᠡᠵᠦ᠂ ᠲᠦᠷᠥ ᠶᠢᠨ ᠵᠠᠰᠠᠭ ᠤᠨ ᠡᠷᠬᠡ ᠶᠢᠨ ᠠᠮᠤᠷ ᠲᠦᠪᠰᠢᠨ᠂ ᠳᠦᠷᠢᠮ ᠲᠣᠭᠲᠠᠭᠠᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠢ ᠡᠷᠡᠰ ᠬᠠᠮᠠᠭᠠᠯᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ︔ ᠣᠳᠣᠬᠢᠴᠢᠯᠠᠭᠰᠠᠨ ᠬᠢᠯᠢ ᠶᠢᠨ ᠬᠠᠮᠠᠭᠠᠯᠠᠯᠲᠠ ᠶᠢᠨ ᠵᠠᠰᠠᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠢᠯᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ ᠦᠢᠯᠡᠳᠦᠯ ᠴᠢᠳᠠᠪᠤᠷᠢ ᠶᠢ ᠴᠢᠩᠭᠠᠳᠬᠠᠨ᠂ ᠠᠷᠠᠳ ᠢ ᠪᠠᠶᠠᠵᠢᠭᠤᠯᠵᠤ ᠬᠢᠯᠢ ᠶᠢ ᠮᠠᠨᠳᠤᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠢᠯᠢ ᠶᠢ ᠪᠠᠶᠠᠵᠢᠭᠤᠯᠬᠤ ᠦᠯᠢᠭᠡᠷ ᠳᠠᠭᠤᠷᠢᠶᠠᠯ᠂ ᠬᠢᠯᠢ ᠶᠢ ᠲᠣᠭᠲᠠᠪᠤᠷᠢᠵᠢᠭᠤᠯᠵᠤ ᠵᠢᠱᠢᠶ᠎ᠡ ᠦᠵᠡᠭᠦᠯᠦᠭᠴᠢ ᠪᠠ ᠬᠢᠯᠢ ᠶᠢ ᠰᠠᠬᠢᠬᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠨ ︽ᠨᠠᠳᠠ ᠪᠠᠷ ᠬᠢᠯᠢ ᠰᠠᠬᠢᠭᠤᠯᠬᠤ︾᠎ ᠠᠴᠠ ︽ᠪᠢ ᠬᠢᠯᠢ ᠶᠢ ᠰᠠᠬᠢᠬᠤ︾ ᠪᠣᠯᠬᠤ ᠬᠤᠪᠢᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ︔ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠶᠡᠭᠡ ᠠᠮᠤᠷ ᠲᠦᠪᠰᠢᠨ ᠶᠡᠭᠡ ᠪᠠᠴᠢᠮ ᠪᠠᠶᠢᠳᠠᠯ ᠢ ᠠᠷᠭᠠᠴᠠᠬᠤ ᠪᠣᠷᠣ ᠲᠥᠯᠥᠪ ᠢ ᠲᠦᠷᠭᠡᠳᠬᠡᠨ ᠪᠠᠶᠢᠭᠤᠯᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠣᠯᠠᠨ ᠨᠡᠶᠢᠲᠡ ᠶᠢᠨ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠢ ᠡᠷᠡᠰ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠮᠤᠷ ᠠᠮᠤᠭᠤᠯᠠᠩ ᠰᠢᠨ᠎ᠡ ᠪᠠᠷᠭᠤ ᠪᠠᠷᠠᠭᠤᠨ ᠬᠤᠰᠢᠭᠤ︾ ︽ᠬᠠᠤᠯᠢ ᠪᠠᠷ ᠵᠠᠰᠠᠬᠤ ᠰᠢᠨ᠎ᠡ ᠪᠠᠷᠭᠤ ᠪᠠᠷᠠᠭᠤᠨ ᠬᠤᠰᠢᠭᠤ︾᠎ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ᠂ ᠵᠠᠰᠠᠭ ᠤᠨ ᠣᠷᠳᠣᠨ ᠠᠵᠢᠯᠯᠠᠭ᠎ᠠ ᠲᠠᠢ ᠪᠠᠶᠢᠬᠤ ᠶᠢ ᠪᠡᠶᠡᠯᠡᠭᠦᠯᠵᠦ᠂ ᠤᠭ ᠰᠠᠨᠠᠭ᠎ᠠ ᠪᠠᠨ ᠪᠠᠷᠢᠮᠲᠠᠯᠠᠬᠤ ᠬᠠᠷᠢᠴᠠᠯᠠᠰᠢᠭᠦᠢ ᠦᠨᠡᠨᠴᠢ ᠰᠢᠳᠤᠷᠭᠤ ᠪᠠᠷ ᠠᠷᠠᠳ ᠲᠦᠮᠡᠨ ᠳᠤ ᠦᠢᠯᠡᠴᠢᠯᠡᠬᠦ ᠨᠠᠷᠢᠯᠢᠭᠵᠢᠭᠰᠠᠨ ᠬᠡᠮᠵᠢᠶ᠎ᠡ ᠪᠠ ᠳᠤᠯᠠᠭᠠᠨ ᠤ ᠬᠡᠮᠵᠢᠶ᠎ᠡ ᠶᠢ ᠢᠯᠡᠷᠡᠭᠦᠯᠵᠦ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠢ︔ ᠶᠡᠷᠦᠩᠬᠡᠢ ᠱᠦᠵᠢ ᠰᠢ ᠶᠢᠨ ᠫᠢᠩ ᠤᠨ ︽ᠬᠠᠮᠲᠤ ᠪᠠᠷ ᠴᠢᠨᠡᠭᠡᠯᠢᠭᠵᠢᠬᠦ ᠵᠠᠮ ᠳᠡᠭᠡᠷ᠎ᠡ ᠴᠥᠮ ᠡᠩᠨᠡᠭᠡ ᠠᠴᠠ ᠪᠠᠨ ᠬᠤᠴᠣᠷᠴᠤ ᠪᠣᠯᠬᠤ ᠦᠭᠡᠢ︾ ᠭᠡᠰᠡᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠦᠨ᠂ ᠬᠥᠭᠵᠢᠯᠲᠡ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠩ ᠴᠢᠬᠤᠯᠠᠴᠢᠯᠠᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠪᠦᠷᠢᠨᠰᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠶᠡᠬᠡᠪᠡᠷ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢᠨ ᠵᠠᠰᠠᠯᠲᠠ ᠶᠢᠨ ᠨᠠᠷᠢᠯᠢᠭᠵᠢᠭᠤᠯᠤᠯᠲᠠ ᠶᠢ ᠬᠦᠴᠦᠯᠡᠨ ᠳᠡᠭᠡᠭᠰᠢᠯᠡᠭᠦᠯᠵᠦ᠂ ︽ᠠᠷᠬᠠᠭ ᠡᠪᠡᠳᠴᠢᠨ ᠢ ᠡᠷᠲᠡ ᠠᠴᠠ ᠵᠠᠰᠠᠬᠤ︾᠎ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠯᠠᠭᠤᠨ ᠳᠤᠯᠠᠭᠠᠨ ᠢᠨᠵᠧᠨᠧᠷᠢᠩ ᠢᠶᠠᠷ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠶᠡᠭᠡ ᠬᠤᠪᠢᠷᠠᠯᠲᠠ ᠶᠢ ᠢᠯᠡᠷᠡᠭᠦᠯᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠨᠢ ᠶᠠᠭ ᠳᠡᠷᠭᠡᠳᠡ ᠨᠢ ᠪᠠᠶᠢᠵᠤ᠂ ᠶᠠᠭ ᠬᠦᠳᠡᠯᠦᠯᠴᠡᠵᠦ ᠪᠠᠶᠢᠬᠤ ᠶᠢ ᠦᠨᠡᠨᠬᠦ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠠᠵᠢᠯ ᠤᠨ ᠰᠤᠷᠲᠠᠯ ᠢᠶᠠᠨ ᠬᠤᠪᠢᠷᠠᠭᠤᠯᠤᠨ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠥᠭᠡᠷᠡᠴᠢᠯᠡᠯᠲᠡ ᠶᠢ ᠠᠬᠢᠭᠤᠯᠬᠤ ᠰᠡᠳᠬᠢᠬᠦᠢ ᠪᠠᠷ ᠣᠨᠣᠯ ᠤᠨ ᠦᠢᠯᠡᠳᠦᠯᠭᠡ ᠶᠢᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠶᠡᠭᠡ ᠪᠠᠷ ᠪᠠᠳᠠᠷᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ︽ᠠᠮᠵᠢᠯᠲᠠ ᠳᠤ ᠬᠦᠷᠬᠦ ᠠᠷᠭ᠎ᠠ ᠰᠦᠪᠡᠭᠴᠢᠯᠡᠬᠦ︾ ᠪᠣᠳᠠᠲᠠᠢ ᠠᠵᠢᠯᠯᠠᠬᠤ ᠴᠢᠳᠠᠪᠤᠷᠢ ᠶᠢ ᠴᠢᠩᠭᠠᠳᠬᠠᠵᠤ᠂ ︽ᠴᠤᠴᠠᠯᠲᠠ ᠦᠭᠡᠢ ᠤᠷᠤᠭᠰᠢᠯᠠᠬᠤ︾ ᠪᠣᠳᠠᠲᠠᠢ ᠠᠵᠢᠯᠯᠠᠬᠤ ᠬᠠᠷᠠᠯᠲᠠ ᠶᠢ ᠪᠠᠲᠤ ᠪᠠᠬᠢ ᠪᠤᠢ ᠪᠣᠯᠭᠠᠵᠤ᠂ ︽ᠬᠠᠨᠴᠤᠢ ᠰᠢᠮᠠᠯᠠᠨ ᠴᠢᠷᠮᠠᠶᠢᠨ ᠠᠵᠢᠯᠯᠠᠬᠤ︾ ᠪᠣᠳᠠᠲᠠᠢ ᠠᠵᠢᠯᠯᠠᠬᠤ ᠣᠪᠣᠷ ᠰᠤᠷᠲᠠᠯ ᠢ ᠰᠠᠨᠠᠭᠠᠴᠢᠯᠠᠨ᠂ ︽ᠠᠷᠢᠭᠤᠨ ᠴᠢᠭᠡᠴᠢ ᠠᠵᠢᠯᠯᠠᠬᠤ︾ ᠪᠣᠳᠠᠲᠠᠢ ᠠᠵᠢᠯᠯᠠᠬᠤ ᠣᠷᠴᠢᠨ ᠲᠣᠭᠤᠷᠢᠨ ᠢ ᠪᠤᠢ ᠪᠣᠯᠭᠠᠵᠤ᠂ ᠡᠯ᠎ᠡ ᠲᠦᠷᠦᠯ ᠤᠨ ᠠᠵᠢᠯ ᠢ ᠡᠯ᠎ᠡ ᠱᠠᠲᠤᠨ ᠤ ᠬᠢᠨᠠᠨ ᠰᠢᠯᠭᠠᠯᠲᠠ ᠳᠤ ᠳᠡᠰ ᠳ᠋ᠤᠭᠠᠷ ᠲᠤ ᠣᠷᠣᠵᠤ᠂ ᠲᠠᠬᠢᠨ ᠰᠢᠯᠢᠳᠡᠭ ᠠᠮᠵᠢᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃       ᠪᠥᠬᠦᠳᠡ ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠬᠠᠪᠤᠷ ᠤᠨ ᠨᠢᠯᠬ᠎ᠠ ᠰᠣᠶᠤᠭ᠎ᠠ ᠪᠠ ᠨᠠᠮᠤᠷ ᠤᠨ ᠡᠯᠪᠡᠭ ᠬᠤᠷᠢᠶᠠᠯᠲᠠ ᠶᠢ ᠪᠡᠶᠡᠯᠡᠭᠦᠯᠵᠦ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠰᠢᠨ᠎ᠡ ᠦᠷ᠎ᠡ ᠪᠦᠲᠦᠮᠵᠢ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠡᠬᠡ ᠤᠯᠤᠰ ᠤᠨ ᠢᠶᠠᠨ 75 ᠵᠢᠯ ᠤᠨ ᠤᠢ ᠶᠢᠨ ᠪᠠᠶᠠᠷ ᠲᠤ ᠪᠡᠯᠡᠭ ᠪᠠᠷᠢᠶ᠎ᠠ ᠭᠡᠵᠦ ᠤᠷᠢᠶᠠᠯᠠᠪᠠ︕
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ