ᠬᠤᠭᠤᠯᠠ ᠢᠳᠡᠬᠦ ᠳᠤ ᠡᠨᠡ 4 ᠳᠠᠳᠬᠠᠯ ᠲᠠᠢ ᠪᠤᠯ ᠥᠮᠡᠨ ᠡᠪᠡᠳᠴᠢᠨ ᠳᠤ ᠨᠡᠷᠪᠡᠭᠳᠡᠵᠦ ᠮᠡᠳᠡᠨ᠎ᠡ︕
ᠨᠡᠶᠢᠲᠡᠯᠡᠭᠰᠡᠨ ᠴᠠᠭ᠄
2024/1/16
      ᠭᠡᠳᠡᠰᠦᠨ ᠤ ᠥᠮᠡᠨ᠂ ᠤᠯᠠᠭᠠᠨ ᠬᠤᠭᠤᠯᠠᠶ ᠶᠢᠨ ᠥᠮᠡᠨ᠂ ᠡᠯᠢᠭᠡᠨ ᠤ ᠥᠮᠡᠨ ᠵᠡᠷᠭᠡ ᠨᠢ ᠬᠥᠮᠦᠰ ᠤᠨ ᠵᠠᠷᠢᠮ ᠢᠳᠡᠭᠡᠨ ᠤᠮᠳᠠᠭᠠᠨ ᠤ ᠳᠠᠳᠬᠠᠯ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ᠂ ᠪᠢᠳᠡ ᠬᠡᠷᠬᠢᠨ ᠥᠮᠡᠨ ᠠᠴᠠ ᠵᠠᠶᠢᠯᠠᠵᠤ ᠪᠡᠶ᠎ᠡ ᠮᠠᠬᠠᠪᠤᠳ ᠢᠶᠠᠨ ᠡᠷᠡᠭᠦᠯ ᠴᠢᠭᠢᠷᠠᠭ ᠪᠠᠶᠢᠯᠭᠠᠬᠤ ᠪᠣᠶ︖ ᠥᠨᠥᠳᠦᠷ ᠡᠨᠡ ᠲᠠᠪᠤᠨ ᠲᠠᠯ᠎ᠠ ᠪᠠᠷ ᠶᠠᠷᠢᠶ᠎ᠠ᠃      1. ᠵᠠᠷᠢᠮ ᠬᠥᠮᠦᠨ ᠬᠤᠭᠤᠯᠠ ᠶᠡᠭᠡ ᠭᠤᠯᠣᠳᠠᠭ      ᠵᠥᠪᠬᠡᠨ ᠮᠢᠬ᠎ᠠ ᠢᠳᠡᠬᠦ ᠳᠤᠷᠠᠲᠠᠶ᠂ ᠨᠣᠭᠤᠭ᠎ᠠ ᠢᠳᠡᠬᠦ ᠳᠤᠷ᠎ᠠ ᠦᠭᠡᠢ ᠡᠶᠢᠮᠦᠷᠬᠦ ᠬᠤᠭᠤᠯᠠ ᠭᠤᠯᠣᠬᠤ ᠳᠠᠳᠬᠠᠯ ᠨᠢ ᠰᠢᠮ᠎ᠡ ᠲᠡᠵᠢᠭᠡᠯ ᠢ ᠲᠡᠩᠴᠡᠭᠦᠷᠢ ᠦᠭᠡᠢ ᠪᠤᠯᠭᠠᠳᠠᠭ ᠢᠶᠠᠷ ᠪᠠᠷᠠᠬᠤ ᠦᠭᠡᠢ᠂ ᠪᠠᠰᠠ ᠭᠡᠳᠡᠰᠦᠨ ᠤ ᠥᠮᠡᠨ ᠣᠯᠬᠤ ᠲᠦᠭᠰᠢᠭᠦᠷᠢ ᠶᠢ ᠨᠡᠮᠡᠭᠳᠡᠭᠦᠯᠳᠡᠭ᠃ ᠣᠨᠴᠠᠭᠠᠶᠢᠯᠠᠨ ᠤᠯᠠᠭᠠᠨ ᠮᠢᠬ᠎ᠠ᠂ ᠪᠤᠯᠪᠠᠰᠤᠷᠠᠭᠤᠯᠤᠨ ᠡᠳ᠋ᠰᠢᠬᠦᠯᠦᠭᠰᠡᠨ ᠮᠢᠬᠠᠨ ᠤ ᠢᠳᠡᠭᠡᠨ ᠢᠳᠡᠬᠦ ᠳᠤᠷᠠᠲᠠᠶ ᠬᠥᠮᠦᠰ ᠨᠠᠩ ᠠᠩᠬᠠᠷᠬᠤ ᠬᠡᠷᠡᠭᠲᠡᠶ᠃         ᠥᠮᠡᠨ ᠢ ᠰᠡᠷᠭᠡᠶᠢᠯᠡᠬᠦ ᠰᠠᠨᠠᠭᠤᠯᠭ᠎ᠠ᠄      1.ᠪᠤᠷᠤ ᠪᠤᠳᠠᠭ᠎ᠠ᠂ ᠬᠠᠷ᠎ᠠ ᠪᠤᠳᠠᠭ᠎ᠠ᠂ ᠤᠯᠠᠭᠠᠨ ᠪᠤᠷᠴᠠᠭ᠂ ᠨᠣᠬᠠᠶ ᠶᠢᠨ ᠬᠤᠰᠢᠭᠤ ᠵᠡᠷᠭᠡ ᠪᠦᠳᠦᠭᠦᠯᠢᠭ ᠠᠮᠤ ᠢᠳᠡᠬᠦ ᠬᠡᠮᠵᠢᠶ᠎ᠡ ᠪᠠᠨ ᠵᠣᠬᠢᠰᠲᠠᠶ ᠪᠠᠷ ᠨᠡᠮᠡᠭᠳᠡᠭᠦᠯᠦᠭᠡᠷᠡᠢ︔      2. ᠨᠣᠭᠤᠭ᠎ᠠ ᠵᠢᠮᠢᠰ ᠢᠳᠡᠬᠦ ᠬᠡᠮᠵᠢᠶ᠎ᠡ ᠶᠢ ᠨᠡᠮᠡᠭᠳᠡᠭᠦᠯᠪᠡᠯ ᠭᠡᠳᠡᠰᠦᠨ ᠤ ᠭᠦᠷᠪᠡᠯᠵᠡᠬᠦ ᠬᠤᠷᠳᠤᠴᠠ ᠶᠢ ᠲᠦᠷᠭᠡᠳᠬᠡᠵᠦ᠂ ᠭᠡᠳᠡᠰᠦᠨ ᠤ ᠬᠠᠶᠠᠭᠳᠠᠮᠠᠯ ᠪᠤᠳᠠᠰ ᠢ ᠭᠠᠳᠠᠭᠰᠢᠯᠠᠭᠤᠯᠬᠤ ᠶᠢ ᠲᠦᠷᠭᠡᠳᠬᠡᠬᠦ ᠪᠣᠯᠤᠨ᠎ᠠ︔      3. ᠪᠤᠯᠪᠠᠰᠤᠷᠠᠭᠤᠯᠤᠨ ᠡᠳ᠋ᠰᠢᠬᠦᠯᠦᠭᠰᠡᠨ ᠮᠢᠬᠠᠨ ᠤ ᠢᠳᠡᠭᠡᠨ ᠢᠳᠡᠬᠦ ᠪᠠᠨ ᠪᠠᠭᠠᠰᠬᠠᠭᠠᠷᠠᠢ᠂ ᠡᠳᠡᠭᠡᠷ ᠢᠳᠡᠭᠡᠨ ᠢ ᠶᠡᠭᠡ ᠢᠳᠡᠪᠡᠯ ᠭᠡᠳᠡᠰᠦᠨ ᠤ ᠬᠤᠣᠷᠲᠤ ᠬᠠᠪᠤᠳᠠᠷ ᠲᠤ ᠨᠡᠷᠪᠡᠭᠳᠡᠬᠦ ᠨᠤᠷᠮ᠎ᠠ ᠲᠡᠭᠡᠭᠰᠢᠯᠡᠬᠦ ᠪᠣᠯᠤᠨ᠎ᠠ᠃      2. ︽ᠭᠡᠳᠦᠷᠡᠳᠡᠯ᠎ᠡ ᠢᠳᠡᠭᠰᠡᠨ︾ ᠠᠴᠠ ᠪᠤᠯᠵᠤ ᠤᠯᠬᠤ ᠤᠯᠠᠭᠠᠨ ᠬᠤᠭᠤᠯᠠᠶ ᠶᠢᠨ ᠥᠮᠡᠨ      ᠬᠤᠭᠤᠯᠠ ᠢᠳᠡᠬᠦ ᠳᠡᠭᠡᠨ ᠦᠷᠭᠦᠯᠵᠢ ᠭᠡᠳᠦᠷᠡᠲᠠᠯ᠎ᠠ ᠢᠳᠡᠬᠦ᠂ ᠢᠯᠠᠩᠭᠤᠶ᠎ᠠ ᠣᠷᠣᠶ ᠶᠢᠨ ᠬᠤᠭᠤᠯᠠ ᠶᠢ ᠬᠡᠲᠦ ᠴᠠᠳᠲᠠᠯ᠎ᠠ ᠢᠳᠡᠪᠡᠯ ᠠᠮᠠᠷᠬᠠᠨ ᠤᠯᠠᠭᠠᠨ ᠬᠤᠭᠤᠯᠠᠶ ᠶᠢᠨ ᠥᠮᠡᠨ ᠪᠣᠯᠵᠣ ᠬᠤᠪᠢᠷᠠᠬᠤ ᠲᠣᠬᠢᠶᠠᠯᠳᠤᠮᠵᠢ ᠶᠢ ᠨᠡᠮᠡᠭᠳᠡᠭᠦᠯᠳᠡᠭ᠃      ᠥᠮᠡᠨ ᠢ ᠰᠡᠷᠭᠡᠶᠢᠯᠡᠬᠦ ᠰᠠᠨᠠᠭᠤᠯᠭ᠎ᠠ᠄      1. ᠬᠤᠭᠤᠯᠠ ᠶᠢ ᠬᠡᠲᠦ ᠴᠠᠳᠲᠠᠯ᠎ᠠ ᠢᠳᠡᠵᠦ ᠪᠣᠯᠬᠤ ᠦᠭᠡᠢ᠂ 7~8 ᠬᠤᠪᠢ ᠢᠳᠡᠪᠡᠯ ᠨᠡᠯᠢᠶᠡᠳ ᠲᠣᠬᠢᠷᠠᠮᠵᠢᠲᠠᠢ ᠶᠤᠮ︔      2. ᠬᠤᠭᠤᠯᠠ ᠢᠳᠡᠬᠦ᠂ ᠤᠰᠤ ᠤᠤᠭᠤᠬᠤ ᠳᠠᠭᠠᠨ ᠬᠡᠲᠦᠷᠬᠡᠢ ᠬᠠᠯᠠᠭᠤᠨ ᠢᠶᠠᠷ ᠢᠳᠡᠬᠦ ᠪᠤᠶᠤ ᠤᠤᠭᠤᠵᠤ ᠪᠣᠯᠬᠤ ᠦᠭᠡᠢ᠂ 45℃ ᠠᠴᠠ ᠬᠡᠲᠦᠷᠡᠬᠦᠯᠬᠦ ᠦᠭᠡᠢ ᠪᠠᠶᠢᠪᠠᠯ ᠬᠠᠮᠤᠭ ᠤᠨ ᠰᠠᠶᠢᠨ᠃      3. ᠬᠤᠭᠤᠯᠠ ᠢᠳᠡᠬᠦ ᠳᠡᠭᠡᠨ ᠬᠡᠲᠦᠷᠬᠡᠢ ᠬᠠᠲᠠᠭᠤ ᠶᠠᠭᠤᠮ᠎ᠠ ᠶᠢ ᠪᠢᠳᠡᠭᠡᠢ ᠢᠳᠡ᠂ ᠡᠶᠢᠮᠦ ᠲᠥᠷᠥᠯ ᠤᠨ ᠢᠳᠡᠭᠡᠨ ᠨᠢ ᠤᠯᠠᠭᠠᠨ ᠬᠤᠭᠤᠯᠠᠢ ᠶᠢᠨ ᠰᠠᠯᠢᠰᠤᠲᠤ ᠪᠦᠷᠬᠦᠪᠴᠢ ᠶᠢ ᠭᠡᠮᠲᠦᠭᠡᠵᠦ ᠮᠡᠳᠡᠬᠦ ᠪᠥᠭᠡᠳ ᠪᠠᠰᠠ ᠤᠯᠠᠭᠠᠨ ᠬᠤᠭᠤᠯᠠᠢ ᠶᠢᠨ ᠬᠤᠣᠷᠲᠤ ᠬᠠᠪᠤᠳᠠᠷ ᠲᠤ ᠨᠡᠷᠪᠡᠭᠳᠡᠬᠦ ᠲᠣᠬᠢᠶᠠᠯᠳᠤᠮᠵᠢ ᠶᠢ ᠨᠡᠮᠡᠭᠳᠡᠭᠦᠯᠳᠡᠭ᠃      3. ︽ᠠᠷᠪᠢᠯᠠᠬᠰᠠᠨ︾ ᠠᠴᠠ ᠪᠤᠯᠵᠤ ᠤᠯᠬᠤ ᠡᠯᠢᠭᠡᠨ ᠥᠮᠡᠨ      ᠵᠠᠷᠢᠮ ᠬᠦᠮᠦᠨ ᠸᠠᠯᠠᠵᠤ ᠴᠢᠨᠠᠷ ᠬᠤᠪᠢᠷᠠᠭᠰᠠᠨ ᠢᠳᠡᠭᠡᠨ ᠢ ᠤᠬᠢᠶᠠᠵᠤ ᠤᠬᠢᠶᠠᠭᠠᠳ ᠢᠳᠡᠬᠦ ᠪᠤᠶᠤ ᠪᠠᠰᠠ ᠦᠷᠭᠦᠯᠵᠢᠯᠡᠨ ᠬᠡᠷᠡᠭᠯᠡᠳᠡᠭ᠂ ᠡᠳᠡᠭᠡᠷ ᠶᠠᠭᠤᠮᠠᠨ ᠤ ᠳᠣᠲᠣᠷ᠎ᠠ ᠨᠢᠭᠡᠳᠦᠭᠡᠷ ᠳᠡᠰ ᠤᠨ ᠥᠮᠡᠨ ᠡᠭᠦᠰᠭᠡᠬᠦ ᠪᠣᠳᠠᠰ ᠨᠢᠭᠤᠭᠳᠠᠵᠤ ᠪᠠᠶᠢᠵᠤ ᠮᠡᠳᠡᠨ᠎ᠡ᠃ ᠡᠩ ᠤᠨ ᠪᠠᠶᠢᠳᠠᠯ ᠳᠤᠤᠷ᠎ᠠ ᠪᠠᠺᠲ᠋ᠧᠷᠢ ᠨᠢ ᠨᠢᠳᠦᠨ ᠳᠤ ᠦᠵᠡᠭᠳᠡᠳᠡᠭ ᠦᠭᠡᠢ ᠶᠤᠮ᠃     ᠥᠮᠡᠨ ᠢ ᠰᠡᠷᠭᠡᠶᠢᠯᠡᠬᠦ ᠰᠠᠨᠠᠭᠤᠯᠭ᠎ᠠ᠄     1. ᠸᠠᠯᠠᠭᠰᠠᠨ ᠰᠠᠪᠬ᠎ᠠ ᠪᠤᠶᠤ ᠠᠮᠪᠠᠨ ᠢ ᠪᠠᠷᠢᠨ ᠲᠤᠤᠷ᠎ᠠ ᠨᠢ ᠰᠣᠯᠢᠬᠤ ᠬᠡᠷᠡᠭᠲᠡᠢ︔     2. ᠸᠠᠯᠠᠭᠰᠠᠨ ᠢᠳᠡᠭᠡᠨ ᠢ ᠬᠠᠶᠠᠬᠤ ᠬᠡᠷᠡᠭᠳᠡᠢ︔     3.ᠬᠤᠭᠤᠴᠠᠭ᠎ᠠ ᠨᠢ ᠥᠩᠭᠡᠷᠡᠭᠰᠡᠨ ᠪᠤᠶᠤ ᠴᠢᠨᠠᠷ ᠨᠢ ᠬᠤᠪᠢᠷᠬᠠᠰᠠᠨ ᠢᠳᠡᠭᠡᠨ ᠤ ᠲᠣᠰᠣ᠂ ᠠᠮᠲᠠ ᠣᠷᠣᠭᠤᠯᠬᠤ ᠡᠳ᠋ ᠢ ᠴᠦ ᠪᠠᠷᠢᠨ ᠲᠤᠤᠷ᠎ᠠ ᠨᠢ ᠬᠠᠶᠠᠬᠤ ᠬᠡᠷᠡᠭᠲᠡᠶ︔      4. ᠤᠳᠠᠭᠠᠨ ᠳᠡᠪᠲᠦᠭᠡᠭᠰᠡᠨ ᠳᠠᠯᠳᠠᠤ ᠠᠴᠠ ᠶᠡᠭᠡ ᠬᠡᠮᠵᠢᠶᠡᠨ ᠤ ᠪᠠᠺᠲ᠋ᠧᠷᠢ ᠡᠭᠦᠰᠳᠡᠭ ᠪᠤᠯᠬᠤᠷ ᠪᠠᠷᠢᠨ ᠲᠤᠤᠷ᠎ᠠ ᠨᠢ ᠬᠠᠶᠠᠬᠤ ᠬᠡᠷᠡᠭᠲᠡᠶ᠃     5. ︽ᠲᠠᠮᠠᠬᠢ ᠲᠠᠲᠠᠭᠰᠠᠨ︾ ᠠᠴᠠ ᠪᠤᠯᠵᠤ ᠤᠯᠬᠤ ᠠᠭᠤᠰᠬᠢᠨ ᠥᠮᠡᠨ     ᠬᠤᠭᠤᠯᠠᠨ ᠤ ᠳᠠᠷᠠᠭ᠎ᠠ ᠲᠠᠮᠠᠬᠢ ᠲᠠᠲᠠᠬᠤ ᠨᠢ ᠡᠩ ᠤᠨ ᠦᠶ᠎ᠡ ᠶᠢᠨ ᠠᠷᠪᠠᠨ ᠲᠠᠮᠠᠬᠢ ᠲᠠᠲᠠᠬᠤ ᠠᠴᠠ ᠪᠠᠰᠠ ᠬᠤᠣᠷ ᠬᠥᠨᠥᠭᠡᠯ ᠲᠠᠢ ᠶᠤᠮ᠃ ᠲᠠᠮᠠᠬᠢ ᠲᠠᠢ ᠬᠠᠮᠢᠶ᠎ᠠ ᠪᠦᠬᠦᠢ ᠥᠮᠡᠨ ᠨᠢ ᠣᠯᠠᠨ ᠤ ᠰᠠᠶᠢᠨ ᠮᠡᠳᠡᠳᠡᠭ ᠠᠭᠤᠰᠬᠢᠨ ᠥᠮᠡᠨ ᠪᠠᠶᠢᠬᠤ ᠠᠴᠠ ᠭᠠᠳᠠᠨ᠎ᠠ ᠪᠠᠰᠠ ᠳᠠᠪᠤᠰᠠᠩ ᠤᠨ ᠥᠮᠡᠨ᠂ ᠨᠦᠢᠷ ᠤᠨ ᠪᠤᠯᠴᠢᠷᠬᠠᠶ ᠶᠢᠨ ᠥᠮᠡᠨ᠂ ᠬᠤᠲᠣᠷᠢᠩᠬᠠᠶ ᠰᠢᠯᠤᠭᠤᠨ ᠭᠡᠳᠡᠰᠦᠨ ᠤ ᠥᠮᠡᠨ ᠵᠡᠷᠭᠡ ᠪᠠᠶᠢᠨ᠎ᠠ᠃     ᠥᠮᠡᠨ ᠢ ᠰᠡᠷᠭᠡᠶᠢᠯᠡᠬᠦ ᠰᠠᠨᠠᠭᠤᠯᠭ᠎ᠠ᠄     1. ᠬᠤᠭᠤᠯᠠᠨ ᠤ ᠳᠠᠷᠠᠭ᠎ᠠ ᠲᠠᠮᠠᠬᠢ ᠲᠠᠲᠠᠵᠤ ᠪᠣᠯᠬᠤ ᠦᠭᠡᠢ ᠮᠦᠷᠳᠡᠭᠡᠨ ᠡᠩ ᠤᠨ ᠦᠶ᠎ᠡ ᠳᠤ ᠴᠤ ᠲᠠᠮᠠᠬᠢ ᠲᠠᠲᠠᠵᠤ ᠪᠣᠯᠬᠤ ᠦᠭᠡᠢ᠂ ᠡᠷᠲᠡᠬᠡᠨ ᠲᠠᠮᠠᠬᠢ ᠪᠠᠨ ᠵᠣᠭᠰᠣᠬᠤ ᠬᠡᠷᠡᠭᠲᠡᠢ︔     2. ᠭᠠᠷ ᠳᠠᠮᠵᠢᠭᠰᠠᠨ ᠲᠡᠮᠡᠬᠢᠨ ᠤ ᠣᠷᠴᠢᠨ ᠲᠣᠭᠤᠷᠢᠨ ᠠᠴᠠ ᠵᠠᠶᠢᠯᠠᠬᠤ ᠬᠡᠷᠡᠭᠲᠡᠶ᠃     5. ᠥᠮᠡᠨ ᠤ ᠡᠰ ᠡᠨᠡ 3 ᠵᠦᠢᠯ ᠢ ᠬᠢᠬᠦ ᠠᠴᠠ ︽ᠠᠶᠤᠳᠠᠭ︾      1. ᠲᠠᠮᠢᠷ ᠤᠨ ᠬᠦᠳᠡᠯᠭᠡᠭᠡᠨ ᠬᠢᠬᠦ ᠠᠴᠠ ︽ᠠᠶᠤᠳᠠᠭ︾᠄ ᠡᠳᠦᠷ ᠪᠦᠷᠢ ᠨᠠᠭᠠᠳᠤ ᠵᠠᠬ᠎ᠠ ᠳᠠᠭᠠᠨ 30 ᠠᠴᠠ 60 ᠮᠢᠨᠦ᠋ᠲ᠂ ᠳᠤᠮᠳᠠ ᠵᠡᠷᠭᠡ ᠠᠴᠠ ᠥᠨᠳᠥᠷ ᠡᠷᠴᠢᠮ ᠪᠦᠬᠦᠢ ᠲᠠᠮᠢᠷ ᠤᠨ ᠬᠦᠳᠡᠯᠭᠡᠭᠡᠨ ᠬᠢᠪᠡᠯ ᠬᠥᠮᠦᠰ ᠤᠨ ᠬᠤᠣᠷᠲᠤ ᠬᠠᠪᠤᠳᠠᠷ ᠲᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠬᠤ ᠪᠣᠯᠤᠨ᠎ᠠ᠃     2. ᠤᠷᠮ᠎ᠠ ᠰᠡᠳᠭᠢᠯᠭᠡ ᠰᠠᠶᠢᠨ ᠪᠠᠶᠢᠬᠤ ᠠᠴᠠ ︽ᠠᠶᠤᠳᠠᠭ︾᠄ ᠤᠷᠮ᠎ᠠ ᠰᠡᠳᠭᠢᠯᠭᠡ ᠠᠨᠠᠢ ᠪᠠᠶᠢᠬᠤ ᠦᠶᠡᠰ ᠥᠮᠡᠨ ᠡᠪᠡᠳᠴᠢᠨ ᠲᠠᠢ ᠨᠢᠭᠲᠠ ᠬᠠᠷᠢᠴᠠᠭ᠎ᠠ  ᠲᠠᠢ ᠭᠠᠩᠰᠠᠷᠠᠬᠤ ᠡᠪᠡᠳᠴᠢᠨ᠂ ᠢᠯᠠᠬᠳᠠᠬᠰᠠᠨ ᠰᠡᠳᠬᠢᠯᠭᠡ᠂  ᠡᠷᠡᠮᠡᠯᠵᠡᠯ ᠦᠭᠡᠢ ᠪᠤᠶᠤ ᠲᠤᠰᠠᠯᠠᠮᠵᠢ ᠦᠭᠡᠢ ᠪᠤᠯᠬᠤ ᠪᠤᠳᠤᠯ ᠵᠡᠷᠭᠡ ᠡᠭᠦᠰᠳᠡᠭ᠃ ᠡᠭᠦᠨ ᠠᠴᠠ ᠵᠠᠶᠢᠯᠠᠬᠤ ᠶᠢᠨ ᠲᠤᠰᠠᠳᠠ‌ᠤᠷᠮ᠎ᠠ ᠰᠡᠳᠭᠢᠯᠭᠡ ᠪᠠᠨ ᠰᠠᠶᠢᠨ ᠪᠠᠶᠢᠯᠭᠠᠬᠤ ᠭᠡᠷᠡᠭᠳᠡᠢ᠃     3. ᠥᠮᠡᠨ ᠤ ᠰᠢᠭᠰᠢᠨ ᠪᠠᠶᠢᠴᠠᠭᠠᠯᠲᠠ ᠬᠢᠯᠭᠡᠬᠦ ᠠᠴᠠ ︽ᠠᠶᠤᠳᠠᠭ︾᠄ ᠣᠯᠠᠩᠬᠢ ᠬᠤᠤᠷᠲᠤ ᠬᠠᠪᠤᠳᠠᠷ ᠤᠨ ᠡᠬᠢᠨ ᠤ ᠬᠤᠭᠤᠴᠠᠭᠠᠨ ᠳᠤ ᠡᠪᠡᠳᠴᠢᠨ ᠤ ᠢᠯᠡᠷᠡᠯ ᠥᠬᠡᠶ ᠪᠤᠶᠤ ᠰᠡᠷᠡᠵᠦ ᠮᠡᠳᠡᠭᠦ ᠳᠤ ᠪᠡᠷᠭᠡᠳᠡᠢ ᠪᠠᠶᠢᠳᠠᠭ᠂ ᠡᠶᠢᠮᠦ ᠠᠴᠠ ᠥᠮᠡᠨ ᠤ ᠰᠢᠭᠰᠢᠨ ᠪᠠᠶᠢᠴᠠᠭᠠᠯᠲᠠ ᠶᠢ ᠡᠷᠲᠡᠬᠡᠨ ᠬᠢᠯᠭᠡᠬᠦ ᠬᠡᠷᠡᠭᠲᠡᠶ᠃ 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ