ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄ | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠥᠪᠥᠷ ᠨᠠᠮ ᠲᠠᠷᠬᠠᠭᠠᠭᠰᠠᠨ ︹2020︺ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢᠨ ᠲᠥᠯᠥᠭᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ ᠲᠢᠭᠯᠡᠬᠦ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ | ᠥᠪᠥᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ ᠲᠢᠭᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ | ᠮᠠᠨ ᠤ ᠬᠤᠰᠢᠭᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠲᠠᠢ ᠤᠶᠠᠯᠳᠤᠭᠤᠯᠤᠨ᠂ ᠣᠳᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠵᠦᠢᠯᠡᠰ ᠢ ᠡᠮᠬᠢᠯᠡᠨ ᠲᠢᠭᠯᠡᠬᠦ ᠠᠵᠢᠯ ᠢ ᠥᠷᠨᠢᠭᠦᠯᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠶᠡᠷᠦᠩᠬᠡᠶ ᠲᠣᠬᠢᠷᠠᠭᠤᠯᠤᠯᠲᠠ | ︵ᠨᠢᠭᠡ︶ ᠭᠤᠤᠯ ᠴᠤᠭᠴᠠ ᠶᠢ ᠡᠮᠬᠢᠯᠡᠨ ᠲᠢᠭᠯᠡᠬᠦ | ᠬᠤᠰᠢᠭᠤᠨ ᠤ ᠲᠣᠰ ᠱᠠᠲᠤᠨ ᠤ ᠡᠯ᠎ᠡ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ᠂ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ᠲᠣᠰ ᠨᠢᠭᠡᠴᠡ ᠶᠢᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ | ᠲᠢᠭᠯᠡᠬᠦ ᠠᠵᠢᠯ ᠢ ᠬᠠᠷᠢᠭᠤᠴᠠᠨ᠎ᠠ᠃ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ | ᠲᠢᠭᠯᠡᠬᠦ ᠠᠵᠢᠯ ᠢ ᠨᠠᠶᠢᠳᠠᠭᠰᠠᠨ ᠨᠢᠭᠡᠴᠡ ᠠᠴᠠ ᠬᠠᠷᠢᠭᠤᠴᠠᠨ᠎ᠠ᠃ | ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠵᠦᠢᠯᠡᠰ ᠤᠨ ᠠᠭᠤᠯᠭ᠎ᠠ | ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠲᠠᠢ ᠬᠠᠷᠢᠴᠠᠭᠤᠯᠤᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ᠂ ᠵᠠᠰᠠᠭ | ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠵᠠᠰᠠᠭ ᠵᠠᠬᠢᠷᠭᠠᠨ ᠤ ᠠᠯᠪᠠᠳᠠᠯᠭ᠎ᠠ ᠪᠠᠷ ᠬᠡᠷᠡᠭᠵᠢᠭᠦᠯᠬᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ | ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠣᠯᠭᠤᠯᠲᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ᠂ ᠵᠠᠰᠠᠭ ᠵᠠᠬᠢᠷᠭᠠᠨ ᠤ ᠲᠠᠰᠤᠯᠤᠯᠲᠠ ᠵᠢᠴᠢ ᠪᠤᠰᠤᠳ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠲᠥᠷᠥᠯ ᠬᠤᠪᠢᠶᠠᠨ ᠡᠮᠬᠢᠯᠡᠨ ᠲᠢᠭᠯᠡᠵᠦ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠭᠠᠷᠴᠠᠭ ᠤᠨ | ᠨᠠᠷᠢᠨ ᠳᠠᠩᠰᠠ︾ ︵ᠳᠠᠭᠠᠯᠳᠤᠭᠤᠯᠤᠯ 1︶ ᠶᠢ ᠪᠣᠶ ᠪᠣᠯᠭᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠳᠠᠩᠰᠠ ᠳᠤ ᠵᠦᠢᠯᠡᠰ ᠤᠨ | ᠨᠡᠷᠡᠶᠢᠳᠦᠯ᠂ ᠲᠦᠷᠦᠯ ᠬᠡᠯᠪᠡᠷᠢ᠂ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠤᠨ ᠦᠨᠳᠦᠰᠦᠯᠡᠯ᠂ ᠬᠠᠷᠢᠭᠤᠴᠠᠯᠭ᠎ᠠ ᠶᠢᠨ ᠭᠤᠣᠯ ᠴᠣᠭᠴᠠ ᠪᠠ ᠬᠡᠷᠡᠭᠵᠢᠭᠦᠯᠬᠦ | ᠭᠤᠣᠯ ᠴᠣᠭᠴᠠ ᠵᠡᠷᠭᠡ ᠠᠭᠤᠯᠭ᠎ᠠ ᠶᠢ ᠪᠠᠭᠲᠠᠭᠠᠨ᠎ᠠ᠃ | ︵ᠭᠤᠷᠪᠠ︶ ᠡᠮᠬᠢᠯᠡᠨ ᠲᠢᠭᠯᠡᠬᠦ ᠪᠠᠷᠢᠮᠵᠢᠶ᠎ᠠ | ᠬᠤᠰᠢᠭᠤᠨ ᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠳᠣᠤᠷᠠᠬᠢ ᠪᠠᠷᠢᠮᠵᠢᠶ᠎ᠠ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ ᠲᠢᠭᠯᠡᠬᠦ ᠠᠵᠢᠯ ᠢ ᠥᠷᠨᠢᠭᠦᠯᠬᠦ ᠶᠢᠨ ᠬᠠᠮᠲᠤ ᠬᠦᠴᠦᠨ | ᠥᠬᠡᠶ ᠪᠣᠯᠭᠠᠬᠤ᠂ ᠲᠣᠬᠢᠷᠠᠭᠤᠯᠤᠯᠲᠠ ᠬᠢᠬᠦ ᠪᠤᠶᠤ ᠬᠡᠷᠡᠭᠵᠢᠭᠦᠯᠬᠦ ᠶᠢ ᠲᠦᠷ ᠵᠣᠭᠰᠣᠭᠠᠬᠤ ᠰᠠᠨᠠᠯ ᠳᠤᠷᠠᠳᠴᠤ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ | ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | 1. ᠰᠢᠨ᠎ᠡ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠨᠡᠶᠢᠲᠡᠯᠡᠭᠡᠳ ᠲᠣᠬᠢᠷᠠᠭᠤᠯᠤᠯᠲᠠ ᠬᠢᠬᠦ ᠴᠢᠬᠤᠯᠠᠲᠠᠢ ᠡᠰᠡᠬᠦ᠃ | 2. ᠦᠨᠳᠦᠰᠦ ᠪᠠᠷᠢᠮᠲᠠ ᠪᠣᠯᠭᠠᠵᠤ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠪᠤᠶᠤ ᠬᠦᠴᠦᠨ | ᠦᠭᠡᠢ ᠪᠣᠯᠭᠠᠭᠰᠠᠨ᠃ | 3. ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠵᠤ ᠬᠠᠤᠯᠢ ᠬᠡᠷᠡᠭᠵᠢᠭᠦᠯᠬᠦ ᠭᠤᠣᠯ ᠴᠣᠭᠴᠠ ᠪᠤᠶᠤ ᠬᠠᠤᠯᠢ | ᠬᠡᠷᠡᠭᠵᠢᠭᠦᠯᠬᠦ ᠡᠭᠦᠷᠭᠡ ᠴᠢᠳᠠᠪᠬᠢ ᠳᠤ ᠬᠤᠪᠢᠷᠠᠯᠲᠠ ᠭᠠᠷᠤᠭᠰᠠᠨ᠃ | 4. ᠥᠪᠡᠷᠲᠡᠭᠡᠨ ᠵᠠᠰᠠᠬᠤ ᠣᠷᠣᠨ᠂ ᠣᠷᠣᠨ ᠪᠠᠶᠢᠭᠤᠯᠤᠭᠰᠠᠨ ᠬᠤᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠲᠦᠷᠢᠮ ᠲᠣᠭᠲᠠᠭᠠᠯ ᠠᠴᠠ ᠵᠥᠷᠢᠴᠡᠨ ᠲᠣᠭᠲᠠᠭᠠᠭᠰᠠᠨ᠂ ᠬᠡᠳᠦ᠋ᠢᠪᠡᠷ ᠬᠠᠤᠯᠢ ᠳᠤ ᠲᠣᠭᠲᠠᠭᠠᠭᠰᠠᠨ ᠦᠨᠳᠦᠰᠦᠯᠡᠯ ᠲᠠᠢ ᠪᠣᠯᠪᠠᠴᠤ ᠣᠶᠢᠷ᠎ᠠ ᠶᠢᠨ ᠲᠠᠪᠤᠨ ᠵᠢᠯ ᠳᠤ | ᠡᠭᠦᠰᠦᠭᠰᠡᠨ ᠥᠬᠡᠶ᠂ ᠲᠦᠢᠯ ᠤᠨ ᠴᠥᠭᠡᠨ ᠡᠭᠦᠰᠦᠭᠰᠡᠨ ᠮᠥᠷᠲᠡᠭᠡᠨ ᠴᠢᠬᠤᠯᠠ ᠪᠥᠬᠦᠶ ᠪᠠ ᠰᠣᠯᠪᠢᠴᠠᠨ ᠳᠠᠪᠬᠤᠷᠳᠠᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠵᠦᠢᠯᠡᠰ ᠢ ᠬᠡᠷᠡᠭᠵᠢᠭᠦᠯᠦᠭᠰᠡᠨ ᠥᠬᠡᠶ᠃ | ᠬᠤᠶᠠᠷ᠂ ᠠᠷᠭ᠎ᠠ ᠮᠠᠶ᠋ᠢᠭ ᠠᠯᠬᠤᠮ ᠳᠠᠷᠠᠭ᠎ᠠ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠥᠰᠦᠯ ᠤᠨ ᠱᠠᠭᠠᠷᠳᠠᠯᠭ᠎ᠠ ᠶᠣᠰᠣᠭᠠᠷ | ᠂ ᠲᠣᠰ ᠨᠢᠭᠡᠴᠡ ᠶᠢᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ ᠲᠢᠭᠯᠡᠬᠦ ᠶᠢᠨ ᠬᠠᠮᠲᠤ ᠡᠮᠬᠢᠯᠡᠨ ᠲᠢᠭᠯᠡᠬᠦ ᠠᠵᠢᠯ ᠤᠨ ᠪᠠᠷᠢᠮᠵᠢᠶ᠎ᠠ | ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ ᠲᠢᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠨᠢᠭᠡ᠂ ᠵᠦᠢᠯᠡᠰ ᠤᠨ ᠨᠠᠷᠢᠨ ᠲᠠᠩᠰᠠ ᠶᠢ ᠡᠮᠬᠢᠯᠡᠨ ᠲᠢᠭᠯᠡᠬᠦ ᠱᠠᠲᠤ ︵2024 ᠣᠨ ᠤ 1 ᠰᠠᠷ᠎ᠠ ᠶᠢᠨ 18 ᠤ ᠡᠳᠦᠷ - 1 ᠰᠠᠷ᠎ᠠ ᠶᠢᠨ 25 ᠤ ᠡᠳᠦᠷ︶᠃ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠡᠷᠬᠡ ᠬᠠᠷᠢᠭᠤᠴᠠᠯᠭ᠎ᠠ ᠶᠢᠨ ᠨᠠᠷᠢᠨ | ᠳᠠᠩᠰᠠ ᠲᠠᠢ ᠬᠠᠷᠢᠴᠠᠭᠤᠯᠤᠨ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠪᠠ ᠬᠦᠴᠦᠨ ᠥᠬᠡᠶ ᠪᠣᠯᠭᠠᠬᠤ᠂ | ᠲᠣᠬᠢᠷᠠᠭᠤᠯᠤᠯᠲᠠ ᠬᠢᠬᠦ᠂ ᠲᠦᠷ ᠵᠣᠭᠰᠣᠭᠠᠬᠤ ᠪᠠᠷ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠲᠥᠷᠥᠯ ᠬᠤᠪᠢᠶᠠᠨ ᠡᠮᠬᠢᠯᠡᠵᠦ᠂ ᠣᠷᠣᠨ | ᠲᠤᠭ᠎ᠠ ᠶᠢᠨ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠥᠷᠭᠡᠨ ᠢᠶᠠᠷ ᠰᠠᠨᠠᠯ ᠬᠤᠷᠢᠶᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠲᠣᠰ ᠰᠠᠯᠠᠭ᠎ᠠ ᠮᠥᠴᠢᠷ ᠤᠨ ᠢᠶᠠᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠲᠠᠩᠰᠠ︾ ᠪᠠ ︽ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠳᠣᠭᠢᠷᠠᠭᠤᠯᠬᠤ ᠨᠠᠷᠢᠨ ᠲᠠᠩᠰᠠ︾ ︵ᠳᠣᠷᠣᠭᠰᠢ ︽ᠬᠤᠶᠠᠷ ᠨᠠᠷᠢᠨ ᠲᠠᠩᠰᠠ︾ ᠭᠡᠵᠦ ᠲᠣᠪᠴᠢᠯᠠᠨ᠎ᠠ︶ ᠶᠢ | ᠡᠮᠬᠢᠯᠡᠨ ᠪᠦᠷᠢᠯᠳᠦᠭᠦᠯᠦᠭᠰᠡᠨ ᠤ ᠳᠠᠷᠠᠭ᠎ᠠ᠂ ᠲᠣᠰ ᠰᠠᠯᠠᠭ᠎ᠠ ᠮᠥᠴᠢᠷ ᠤᠨ ᠬᠠᠤᠯᠢ ᠲᠦᠷᠢᠮ ᠤᠨ ᠠᠵᠢᠯ ᠤᠨ ᠪᠠᠶᠢᠭᠤᠯᠤᠮᠵᠢ ᠪᠠᠷ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠯᠲᠠ ᠬᠢᠯᠭᠡᠵᠦ᠂ ᠲᠣᠰ ᠨᠢᠭᠡᠴᠡ ᠶᠢᠨ ᠢᠶᠠᠨ ᠬᠠᠮᠲᠤ ᠶᠢᠨ ᠬᠤᠷᠠᠯ ᠳᠤ ᠳᠡᠪᠰᠢᠭᠦᠯᠵᠦ ᠰᠤᠳᠤᠯᠤᠨ ᠶᠠᠷᠢᠯᠴᠠᠭᠤᠯᠵᠤ ᠭᠤᠤᠯ ᠤᠳᠤᠷᠢᠳᠤᠯᠭ᠎ᠠ ᠪᠠᠷ ᠭᠠᠷ ᠤᠨ | ᠥᠰᠥᠭ ᠵᠢᠷᠤᠭᠤᠯᠤᠭᠰᠠᠨ ᠤ ᠳᠠᠷᠠᠭ᠎ᠠ ᠡᠷᠬᠡᠪᠰᠢ 1 ᠰᠠᠷ᠎ᠠ ᠶᠢᠨ 25 ᠤ ᠡᠳᠦᠷ ᠠᠴᠠ ᠡᠮᠦᠨ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ | ᠲᠦᠷᠢᠮ ᠤᠨ ᠠᠵᠢᠯ ᠤᠨ ᠲᠠᠰᠤᠭ ︵305 ᠲᠠᠰᠤᠭ︶ ᠲᠤ ᠮᠡᠳᠡᠭᠦᠯᠦᠨ ᠬᠦᠷᠭᠡᠨ᠎ᠡ︶᠃ | ᠬᠤᠶᠠᠷ᠂ ᠲᠥᠪᠯᠡᠷᠡᠭᠦᠯᠦᠨ ᠨᠡᠶᠢᠲᠡᠯᠡᠬᠦ ᠱᠠᠲᠤ ︵2024 ᠣᠨ ᠤ 1 ᠰᠠᠷ᠎ᠠ ᠶᠢᠨ 26 ᠤ ᠡᠳᠦᠷ - 2 ᠰᠠᠷ᠎ᠠ ᠶᠢᠨ 1 ᠤ ᠡᠳᠦᠷ︶ ᠬᠤᠰᠢᠭᠤᠨ ᠤ ᠬᠠᠤᠯᠢ | ᠴᠠᠭᠠᠵᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ︽ᠬᠤᠶᠠᠷ ᠨᠠᠷᠢᠨ ᠲᠠᠩᠰᠠ︾ ᠶᠢ ᠬᠢᠨᠠᠨ ᠬᠠᠷᠭᠤᠭᠤᠯᠤᠭᠰᠠᠨ ᠤ | ᠳᠠᠷᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠣᠷᠣᠨ ᠲᠤᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠠᠨᠠᠯ ᠬᠤᠷᠢᠶᠠᠵᠤ᠂ | ᠠᠯᠳᠠᠭ᠎ᠠ ᠥᠬᠡᠶ ᠭᠡᠵᠦ ᠲᠣᠭᠲᠠᠭᠠᠭᠰᠠᠨ ᠤ ᠳᠠᠷᠠᠭ᠎ᠠ᠂ ᠡᠷᠬᠡᠪᠰᠢ 2 ᠰᠠᠷ᠎ᠠ ᠶᠢᠨ 1 ᠤ ᠡᠳᠦᠷ ᠠᠴᠠ ᠡᠮᠦᠨ᠎ᠡ ᠲᠣᠰ ᠱᠠᠲᠤᠨ ᠤ ᠵᠠᠰᠠᠭ ᠤᠨ ᠣᠷᠳᠣᠨ ᠤ ᠰᠦᠯᠵᠢᠶᠡᠨ | ᠥᠷᠲᠡᠭᠡ ᠪᠤᠶᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠨᠡᠶᠢᠲᠡᠯᠡᠬᠦ ᠲᠠᠪᠴᠠᠩ ᠳᠤ ᠲᠣᠰ ᠭᠠᠵᠠᠷ ᠣᠷᠣᠨ ᠤ ᠪᠠᠨ | ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠲᠠᠩᠰᠠ︾ ᠶᠢ ᠨᠡᠶᠢᠲᠡᠯᠡᠬᠦ ᠬᠡᠷᠡᠭᠲᠡᠶ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠣᠰ ᠰᠠᠯᠠᠭ᠎ᠠ ᠮᠥᠴᠢᠷ ᠤᠨ ᠢᠶᠠᠨ ᠠᠯᠪᠠᠨ ᠲᠠᠯ᠎ᠠ ᠶᠢᠨ ᠤᠬᠠᠭᠤᠯᠭ᠎ᠠ ᠶᠢ ᠵᠠᠷᠯᠠᠨ ᠨᠡᠶᠢᠲᠡᠯᠡᠬᠦ | ᠲᠠᠪᠴᠠᠩ ᠢᠶᠠᠷ ᠳᠠᠮᠵᠢᠭᠤᠯᠤᠨ ᠲᠣᠰ ᠰᠠᠯᠠᠭ᠎ᠠ ᠮᠥᠴᠢᠷ ᠤᠨ ᠢᠶᠠᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠲᠠᠩᠰᠠ︾ ᠶᠢ ᠵᠡᠷᠭᠡ ᠪᠠᠷ | ᠵᠠᠷᠯᠠᠨ ᠨᠡᠶᠢᠲᠡᠯᠡᠵᠦ ᠪᠣᠯᠤᠨ᠎ᠠ᠃ | ᠭᠤᠷᠪᠠ᠂ ᠵᠦᠢᠯᠡᠰ ᠢ ᠲᠣᠬᠢᠷᠠᠭᠤᠯᠬᠤ ᠱᠠᠲᠤ ︵2024 ᠣᠨ ᠤ 2 ᠰᠠᠷ᠎ᠠ ᠶᠢᠨ 2 ᠤᠨ ᠡᠳᠦᠷ - 4 ᠰᠠᠷ᠎ᠠ ᠶᠢᠨ 1 ᠤ ᠡᠳᠦᠷ︶ ᠲᠥᠪᠯᠡᠷᠡᠭᠦᠯᠦᠨ ᠡᠮᠬᠢᠯᠡᠬᠦ | ᠪᠠ ᠨᠤᠲᠠᠯᠠᠵᠤ ᠰᠤᠳᠤᠯᠤᠭᠰᠠᠨ ᠰᠠᠭᠤᠷᠢᠨ ᠳᠡᠭᠡᠷ᠎ᠡ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠲᠤ ᠬᠦᠴᠦᠨ ᠥᠬᠡᠶ ᠪᠣᠯᠭᠠᠬᠤ᠂ ᠲᠣᠬᠢᠷᠠᠭᠤᠯᠤᠯᠲᠠ ᠬᠢᠬᠦ ᠪᠠ ᠲᠦᠷ ᠵᠣᠭᠰᠣᠭᠠᠬᠤ ᠰᠠᠨᠠᠯ ᠢᠶᠠᠨ ᠳᠤᠷᠠᠳᠴᠤ ᠪᠣᠯᠬᠤ | ᠪᠥᠭᠡᠳ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠱᠠᠲᠤ ᠱᠠᠲᠤ ᠪᠠᠷ | ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠰ ᠳᠠᠷᠠᠭᠠᠯᠠᠯ ᠶᠣᠰᠣᠭᠠᠷ ᠰᠤᠳᠤᠯᠤᠨ | ᠰᠢᠢᠳᠪᠦᠷᠢᠯᠡᠨ᠎ᠡ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ ᠳᠢᠭᠯᠡᠭᠰᠡᠨ ᠪᠠ ᠲᠣᠬᠢᠷᠠᠭᠤᠯᠤᠯᠲᠠ ᠬᠢᠭᠰᠡᠨ ᠪᠠᠶᠢᠳᠠᠯ ᠲᠠᠢ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠲᠠᠪᠴᠠᠩ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠡᠷᠬᠡ ᠬᠠᠷᠢᠭᠤᠴᠠᠯᠭ᠎ᠠ ᠶᠢᠨ ᠵᠦᠢᠯᠡᠰ ᠢ ᠰᠢᠨᠡᠳᠬᠡᠨ ᠲᠡᠭᠦᠯᠳᠡᠷᠵᠢᠭᠦᠯᠬᠦ ᠬᠡᠷᠡᠭᠲᠡᠢ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ | ᠲᠢᠭᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢᠨ ᠲᠤᠯᠭᠠᠮ᠎ᠠ ᠬᠡᠷᠡᠭᠴᠡᠭᠡ ᠪᠣᠯᠤᠨ᠎ᠠ᠃ ᠡᠯ᠎ᠡ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠮᠬᠢᠯᠡᠨ ᠲᠢᠭᠯᠡᠬᠦ ᠠᠵᠢᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠲᠦᠷᠭᠡᠳᠬᠡᠨ ᠠᠬᠢᠭᠤᠯᠵᠤ᠂ ᠨᠠᠶᠢᠷᠠᠭᠤᠯᠤᠨ ᠵᠣᠬᠢᠶᠠᠬᠤ ᠠᠵᠢᠯ ᠢ ᠴᠠᠭ ᠲᠤᠬᠠᠶ ᠳᠤᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢᠨ | ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠢᠴᠢᠭ | ᠮᠠᠲ᠋ᠧᠷᠢᠶᠠᠯ ᠪᠠ ᠲᠤᠰ ᠲᠥᠰᠦᠯ ᠤᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠪᠦᠬᠦ ᠲᠠᠯ᠎ᠠ ᠪᠠᠷ | ᠡᠮᠬᠢᠯᠡᠵᠦ᠂ ᠵᠢᠷᠤᠮᠵᠢᠭᠤᠯᠬᠤ ᠪᠠ ᠴᠣᠮᠬᠠᠳᠬᠠᠵᠤ᠂ ᠬᠠᠤᠯᠢ ᠬᠡᠷᠡᠭᠵᠢᠭᠦᠯᠬᠦ ᠵᠦᠢᠯᠡᠰ ᠢ ᠡᠬᠢ ᠡᠭᠦᠰᠦᠯ ᠠᠴᠠ ᠨᠢ ᠵᠠᠰᠠᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ | ᠃ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠬᠢᠷᠠᠭᠤᠯᠬᠤ ᠠᠵᠢᠯ ᠯᠤᠭ᠎ᠠ ᠬᠠᠷᠢᠯᠴᠠᠨ ᠵᠣᠯᠭᠠᠭᠤᠯᠬᠤ ᠶᠢ ᠴᠢᠬᠤᠯᠠᠴᠢᠯᠠᠵᠤ᠂ ︽ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠵᠦᠢᠯᠡᠰ ᠤᠨ ᠨᠠᠷᠢᠨ ᠳᠠᠩᠰᠠ︾ ᠪᠠᠷ ᠰᠠᠭᠤᠷᠢ ᠪᠣᠯᠭᠠᠵᠤ᠂ ᠬᠠᠤᠯᠢ ᠴᠠᠭᠠᠵᠠ ᠬᠠᠤᠯᠢ ᠳᠦᠷᠢᠮ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ | ᠦᠭᠡᠢ ᠪᠣᠯᠭᠠᠬᠤ ᠲᠠᠶᠢᠯᠪᠤᠷᠢ ᠵᠡᠷᠭᠡ ᠪᠠᠶᠢᠳᠠᠯ ᠢ ᠦᠨᠳᠦᠰᠦᠯᠡᠨ᠂ ᠬᠥᠳᠡᠯᠦᠩᠭᠦᠶ ᠲᠣᠬᠢᠷᠠᠭᠤᠯᠤᠯᠲᠠ ᠬᠢᠬᠦ ᠪᠠ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠳᠠᠩᠰᠠ ᠬᠢᠭᠡᠳ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠳᠠᠩᠰᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠬᠢᠭᠡᠳ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠠᠭᠠᠭ ᠢ ᠲᠣᠳᠣᠷᠬᠠᠶ ᠪᠣᠯᠭᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ | ᠨᠢᠭᠡᠨᠲᠡ ᠪᠤᠰᠤᠳ ᠬᠦᠷᠢᠶᠡᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠳᠤ ᠣᠷᠣᠭᠤᠯᠤᠭᠰᠠᠨ ᠪᠠᠶᠢᠪᠠᠯ᠂ ᠬᠠᠷᠢᠭᠤᠴᠠᠯᠭᠠᠲᠤ ᠰᠠᠯᠠᠭ᠎ᠠ ᠮᠥᠴᠢᠷ ᠤᠳ ᠨᠠᠷᠢᠨ | ᠳᠠᠩᠰᠠ ᠶᠢ ᠡᠮᠬᠢᠯᠡᠨ ᠳᠢᠭᠯᠡᠬᠦ ᠬᠠᠮᠢᠶ᠎ᠠ ᠪᠥᠬᠦᠶ ᠠᠵᠢᠯ ᠢ ᠦᠨᠡᠨᠬᠦ ᠡᠭᠦᠷᠭᠡᠯᠡᠬᠦ ᠬᠡᠷᠡᠭᠲᠡᠶ᠃ | ︵ᠭᠤᠷᠪᠠ︶ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ ᠳᠢᠭᠯᠡᠬᠦ | ᠠᠵᠢᠯ ᠢ ᠬᠤᠰᠢᠭᠤᠨ ᠤ ᠨᠠᠮ ᠤᠨ ᠬᠤᠷᠢᠶ᠎ᠠ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ ᠨᠢᠭᠡᠳᠦᠯᠲᠡᠶ ᠲᠥᠯᠥᠪᠯᠡᠨ ᠠᠬᠢᠭᠤᠯᠬᠤ | ᠬᠡᠷᠡᠭᠲᠡᠢ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠲᠣᠰ ᠤᠳᠠᠭᠠᠨ ᠤ ᠡᠮᠬᠢᠯᠡᠨ ᠳᠢᠭᠯᠡᠬᠦ ᠠᠵᠢᠯ ᠤᠨ ᠲᠦᠷᠦᠭᠦᠯᠡᠬᠦ ᠨᠢᠭᠡᠴᠡ᠂ ᠬᠤᠰᠢᠭᠤᠨ ᠤ | ᠰᠢᠭᠤᠳ ᠬᠠᠷᠢᠶ᠎ᠠ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠬᠢᠨᠠᠯᠲᠠ ᠲᠠᠯᠪᠢᠵᠤ ᠱᠠᠭᠠᠷᠳᠠᠯᠭ᠎ᠠ | ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠳᠠᠩᠰᠠ ᠶᠢ ᠲᠥᠪᠯᠡᠷᠡᠭᠦᠯᠦᠨ ᠡᠮᠬᠢᠯᠡᠵᠦ᠂ ᠮᠡᠳᠡᠭᠦᠯᠦᠨ ᠬᠦᠷᠭᠡᠬᠦ ᠪᠠ ᠡᠮᠬᠢᠯᠡᠨ | ᠳᠣᠭᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠪᠣᠳᠠᠲᠠᠶ ᠡᠮᠬᠢᠯᠡᠨ ᠳᠢᠭᠯᠡᠬᠦ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠬᠦ ᠬᠡᠷᠡᠭᠲᠡᠶ᠃ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠪᠠ | ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠲᠣᠰ ᠰᠢᠰᠲ᠋ᠧᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠪᠴᠠᠩ ᠳᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ︽ᠢᠨᠲ᠋ᠧᠷ ᠰᠦᠯᠵᠢᠶ᠎ᠡ ᠪᠠᠷ ᠬᠠᠤᠯᠢ ᠬᠡᠷᠡᠭᠵᠢᠭᠦᠯᠬᠦ︾ ᠶᠢ | ᠢᠳᠡᠪᠬᠢᠲᠡᠶ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ᠂ ᠭᠤᠭᠴᠤᠭ᠎ᠠ᠂ ᠦᠷ᠎ᠡ ᠳ᠋ᠦᠩ ᠵᠡᠷᠭᠡ ᠪᠥᠬᠦ ᠶᠠᠪᠤᠴᠠ ᠳᠤ | ᠰᠦᠯᠵᠢᠶᠡᠨ ᠳᠡᠭᠡᠷ᠎ᠡ ᠣᠷᠣ ᠮᠥᠷ ᠦᠯᠡᠳᠡᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠠᠵᠢᠯᠯᠠᠭᠠᠨ ᠳᠤ | ᠬᠢᠨᠠᠯᠲᠠ ᠲᠠᠯᠪᠢᠬᠤ ᠶᠢ ᠴᠢᠩᠭᠠᠷᠠᠭᠤᠯᠬᠤ ᠬᠡᠷᠡᠭᠲᠡᠶ᠃ | ︵ᠲᠦᠷᠪᠡ︶ ᠢᠵᠢ ᠪᠦᠷᠢᠳᠦᠭᠦᠯᠦᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠢᠵᠢ ᠪᠦᠷᠢᠳᠦᠭᠦᠯᠬᠦ | ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠬᠤ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ᠃ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠨᠡᠷ᠎ᠡ ᠪᠠᠷ ᠲᠤᠰ ᠱᠠᠲᠤᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠦᠨᠳᠦᠰᠦᠨ | ᠱᠠᠲᠤᠨ ᠳᠤ ᠰᠢᠯᠵᠢᠭᠦᠯᠦᠨ ᠥᠭᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯ ᠤᠨ ᠨᠠᠷᠢᠨ ᠳᠠᠩᠰᠠ ᠶᠢᠨ | ᠬᠡᠷᠡᠭᠵᠢᠭᠦᠯᠦᠯᠲᠡ ᠶᠢ ᠪᠠᠲᠤᠯᠠᠬᠤ ᠬᠡᠷᠡᠭᠲᠡᠶ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ | ᠵᠢᠴᠢ ᠬᠠᠤᠯᠢ ᠴᠠᠭᠠᠵᠠ ᠬᠠᠤᠯᠢ ᠲᠦᠷᠢᠮ ᠢ ᠰᠢᠨᠡᠳᠬᠡᠭᠰᠡᠨ ᠪᠠᠶᠢᠳᠠᠯ ᠢ ᠦᠨᠳᠦᠰᠦᠯᠡᠨ ᠲᠣᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠵᠦᠢᠯᠡᠰ ᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠶᠢᠨ ᠬᠠᠮᠲᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ 10 ᠡᠳᠦᠷ ᠤᠨ ᠳᠣᠲᠣᠷ᠎ᠠ ᠬᠤᠰᠢᠭᠤᠨ ᠤ | ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠵᠥᠪ ᠪᠤᠷᠤᠭᠤ ᠶᠢ ᠬᠢᠨᠠᠨ ᠬᠠᠷᠭᠤᠭᠤᠯᠤᠭᠰᠠᠨ ᠤ | ᠳᠠᠷᠠᠭ᠎ᠠ᠂ ᠬᠤᠰᠢᠭᠤᠨ ᠤ ᠲᠣᠰ ᠱᠠᠲᠤᠨ ᠤ ᠵᠠᠰᠠᠭ ᠤᠨ ᠣᠷᠳᠣᠨ ᠤ ᠰᠦᠯᠵᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ | ᠨᠡᠶᠢᠲᠡᠯᠡᠬᠦ ᠲᠠᠪᠴᠠᠩ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠵᠠᠷᠯᠠᠨ ᠨᠡᠶᠢᠲᠡᠯᠡᠬᠦ ᠬᠡᠷᠡᠭᠲᠡᠶ᠃ | ᠬᠤᠰᠢᠭᠤᠨ ᠤ ᠰᠢᠭᠤᠳ ᠬᠠᠷᠢᠶ᠎ᠠ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠰ | ᠰᠠᠯᠠᠭ᠎ᠠ ᠮᠥᠴᠢᠷ᠂ ᠲᠣᠰ ᠭᠠᠵᠠᠷ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ ᠬᠤᠷᠢᠶᠠᠩᠭᠤᠶᠢᠯᠠᠭᠰᠠᠨ ᠤ ᠳᠠᠷᠠᠭ᠎ᠠ᠂ | ᠥᠷᠨᠢᠭᠦᠯᠦᠭᠰᠡᠨ ᠪᠠᠶᠢᠳᠠᠯ ᠢᠶᠠᠨ ᠠᠯᠪᠠᠨ ᠪᠢᠴᠢᠭ ᠮᠠᠲ᠋ᠧᠷᠢᠶᠠᠯ ᠤᠨ ᠬᠡᠯᠪᠡᠷᠢ ︵ᠭᠤᠤᠯ ᠤᠳᠤᠷᠢᠳᠤᠯᠭ᠎ᠠ ᠪᠠᠷ ᠭᠠᠷ ᠤᠨ ᠥᠰᠥᠭ ᠵᠢᠷᠤᠵᠤ ᠲᠠᠮᠠᠭ᠎ᠠ ᠳᠠᠷᠤᠨ᠎ᠠ︶ ᠶᠢ | ᠳᠠᠭᠠᠯᠳᠤᠭᠤᠯᠤᠯ 1᠂ ᠳᠠᠭᠠᠯᠳᠤᠭᠤᠯᠤᠯ 2᠂ ᠳᠠᠭᠠᠯᠳᠤᠭᠤᠯᠤᠯ 3᠂ ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯᠲ᠋ᠠᠢ ᠬᠠᠮᠲᠤ ᠳᠤᠨᠢ 1 ᠰᠠᠷ᠎ᠠ ᠶᠢᠨ 25 ᠤ | ᠡᠳᠦᠷ ᠠᠴᠠ ᠡᠮᠦᠨ᠎ᠡ᠂ ᠡᠷᠬᠡᠪᠰᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠲᠦᠷᠢᠮ ᠤᠨ ᠠᠵᠢᠯᠯᠠᠬᠤ ᠲᠠᠰᠤᠭ ︵305 ᠲᠠᠰᠤᠭ︶ ᠲᠤ | ᠮᠡᠳᠡᠭᠦᠯᠬᠦ ᠬᠡᠷᠡᠭᠲᠡᠶ᠃ | | |