ᠭᠡᠰᠢᠭᠦᠨ ᠬᠦᠰᠡᠬᠦ᠄ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠪᠠᠯ ᠵᠣᠬᠢᠨ᠎ᠠ
ᠨᠡᠶᠢᠲᠡᠯᠡᠭᠰᠡᠨ ᠴᠠᠭ᠄
2024/1/22
      ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭᠳᠠᠭᠰᠠᠨ ᠬᠤᠳᠠ ᠶᠢᠨ ︽ᠬᠤᠶᠠᠷ ᠬᠤᠷᠠᠯ︾ 1 ᠰᠠᠷ᠎ᠠ ᠶᠢᠨ 16᠎ ᠤ ᠡᠳᠦᠷ ᠬᠠᠶᠢᠯᠠᠷ ᠲᠤ ᠡᠬᠢᠯᠡᠨ ᠬᠤᠷᠠᠯᠳᠤᠵᠠᠢ᠃ ᠥᠨᠥᠳᠥᠷ ᠤᠯᠤᠰ ᠲᠥᠷᠤ ᠶᠢᠨ ᠵᠥᠪᠯᠡᠯᠭᠡᠨ ᠤ ᠬᠥᠯᠥᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ᠂ ᠬᠥᠯᠥᠨ ᠪᠤᠶᠢᠷ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠥᠪᠡᠷ ᠤᠨ ᠥᠷᠳᠡᠭ ᠢ ᠬᠢᠨᠠᠨ ᠪᠠᠶᠢᠴᠠᠭᠠᠬᠤ ᠰᠠᠯᠠᠭᠠᠨ ᠤ ᠳᠠᠷᠤᠭ᠎ᠠ ᠬᠦᠰᠡᠬᠦ ᠶᠢ ᠰᠣᠨᠢᠨ ᠤ ᠬᠤᠶᠢᠮᠤᠷ ᠲᠠᠭᠠᠨ ᠤᠷᠢᠵᠤ᠂ ᠲᠡᠭᠦᠨ ᠤ ᠰᠠᠨᠠᠯ ᠳᠤᠷᠠᠳᠤᠯᠭ᠎ᠠ ᠶᠢ ᠲᠠ ᠪᠦᠭᠦᠨ ᠲᠠᠢ ᠪᠠᠨ ᠬᠤᠪᠢᠶᠠᠯᠴᠠᠶ᠎ᠠ
1.22呼斯呼.jpg
      ᠬᠦᠰᠡᠬᠦ ᠡᠨᠡ ᠵᠢᠯ᠂ ︽ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ︾ ᠰᠠᠨᠠᠯ ᠳᠤᠷᠠᠳᠤᠯᠭ᠎ᠠ ᠪᠠᠨ ᠶᠡᠭᠡ ᠬᠤᠷᠠᠯ ᠳᠤ ᠳᠡᠪᠰᠢᠭᠦᠯᠦᠭᠰᠡᠨ ᠪᠠᠶᠢᠳᠠᠭ᠃       ︽ᠬᠥᠮᠥᠨ ᠠᠮᠠ ᠶᠢᠨ ᠨᠠᠰᠤᠵᠢᠯᠲᠠ ᠶᠢᠨ ᠰᠢᠷᠦᠭᠦᠰᠬᠦ ᠶᠢ ᠳᠠᠭᠠᠯᠳᠤᠨ᠂ ᠨᠠᠰᠤᠲᠠᠶᠢᠴᠤᠳ ᠤᠨ ᠬᠤᠭᠤᠯᠠ ᠤᠮᠳᠠᠭᠠᠨ ᠤ ᠠᠰᠠᠭᠤᠳᠠᠯ ᠨᠢ ᠲᠦᠭ ᠲᠦᠮᠡᠨ ᠠᠶᠢᠯ ᠡᠷᠦᠭᠡ ᠳᠤ ᠬᠤᠯᠪᠣᠭᠳᠠᠬᠤ ︿ᠠᠷᠠᠳ ᠤᠨ ᠠᠮᠢᠳᠤᠷᠠᠯ ᠤᠨ ᠶᠡᠭᠡ ᠶᠠᠪᠤᠳᠠᠯ﹀ ᠪᠣᠯᠤᠭᠰᠠᠨ ᠪᠠᠶᠢᠨ᠎ᠠ᠃ ᠬᠤᠭᠤᠯᠨ ᠤᠮᠳᠠᠭᠠᠨ ᠤ ᠦᠢᠯᠡᠴᠢᠯᠡᠭᠡ ᠶᠢ ᠬᠥᠭᠵᠢᠭᠦᠯᠬᠦ ᠪᠣᠯ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠥᠭᠡᠳ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠠᠶᠢᠵᠤ᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢ ᠳᠡᠮᠵᠢᠬᠦ᠂ ᠨᠠᠰᠤᠲᠠᠶᠢᠴᠤᠳ ᠤᠨ ᠪᠤᠶᠠᠨ ᠵᠢᠷᠭᠠᠯ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠤᠯᠤᠰ ᠠᠴᠠ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠯᠭᠠᠪᠠᠷ ᠨᠡᠶᠢᠲᠡᠯᠡᠨ ᠨᠠᠰᠤᠲᠠᠶᠢᠴᠤᠳ ᠤᠨ ᠬᠤᠭᠤᠯᠠ ᠤᠮᠳᠠᠭᠠᠨ ᠤ ᠦᠢᠯᠡᠴᠢᠯᠡᠭᠡ ᠶᠢᠨ ᠲᠦᠷᠭᠡᠨ ᠬᠥᠭᠵᠢᠯᠲᠡ ᠳᠤ ᠴᠢᠭᠯᠡᠯ ᠪᠠ ᠠᠷᠭ᠎ᠠ ᠵᠠᠮ ᠢ ᠲᠣᠳᠣᠷᠬᠠᠢ ᠵᠢᠭᠠᠵᠤ ᠥᠭᠴᠡᠢ᠂ ᠵᠢᠱᠢᠶᠡᠯᠡᠪᠡᠯ 2022 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ ᠨᠠᠰᠤᠵᠢᠯ ᠤᠨ ᠦᠢᠯᠡᠰ ᠤᠨ ᠬᠥᠭᠵᠢᠯᠲᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠲᠥᠯᠦᠪᠵᠢᠭᠦᠯᠭᠡ ᠶᠢ ᠨᠡᠶᠢᠲᠡᠯᠡᠵᠦ᠂ 2023 ᠣᠨ ᠳᠤ ᠠᠷᠠᠳ ᠤᠨ ᠶᠠᠪᠤᠳᠠᠯ ᠤᠨ ᠶᠠᠮᠤᠨ ᠵᠡᠷᠭᠡ 11 ᠰᠠᠯᠠᠭ᠎ᠠ ᠮᠥᠴᠢᠷ ︿ᠨᠠᠰᠤᠲᠠᠶᠢᠴᠤᠳ ᠤᠨ ᠬᠤᠭᠤᠯᠠ ᠤᠮᠳᠠᠭᠠᠨ ᠤ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠬᠦ ᠠᠵᠢᠯᠯᠠᠭ᠎ᠠ ᠶᠢᠨ ᠲᠥᠰᠥᠯ﹀ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ ᠨᠠᠰᠤᠲᠠᠶᠢᠴᠤᠳ ᠤᠨ ᠬᠤᠭᠤᠯᠠ ᠤᠮᠳᠠᠭᠠᠨ ᠤ ᠦᠢᠯᠡᠴᠢᠯᠡᠭᠡ ᠳᠤ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠶᠢᠨ ᠣᠯᠠᠨ ᠭᠠᠵᠠᠷ ᠤᠨ ᠬᠢᠨ ︿ᠨᠡᠶᠢᠭᠡᠮ ᠲᠣᠭᠤᠷᠢᠭ + ᠬᠤᠭᠤᠯᠠᠨ ᠤᠮᠳᠠᠭᠠᠨ ᠤ ᠭᠠᠵᠠᠷ﹀᠎ ᠤᠨ ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ᠬᠠᠷᠢᠶ᠎ᠠ ᠣᠷᠣᠨ ᠤ ᠪᠠᠨ ᠨᠠᠰᠤᠲᠠᠶᠢᠴᠤᠳ ᠲᠤ ᠬᠤᠭᠤᠯᠠ ᠤᠮᠳᠠᠭᠠᠨ ᠤ ᠦᠢᠯᠡᠴᠢᠯᠡᠭᠡ ᠬᠠᠩᠭᠠᠵᠤ ᠪᠠᠶᠢᠨ᠎ᠠ᠂ ᠭᠡᠪᠡᠴᠦ ᠡᠮᠦᠨᠡᠬᠢ ᠬᠤᠭᠤᠴᠠᠭᠠᠨ ᠤ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢ ᠭᠦᠢᠴᠡᠳ ᠬᠢᠭᠰᠡᠨ ᠦᠭᠡᠢ ᠠᠴᠠ ᠪᠣᠯᠵᠤ᠂ ᠨᠠᠰᠤᠲᠠᠶᠢᠴᠤᠳ ᠤᠨ ᠬᠤᠭᠤᠯᠠ ᠤᠮᠳᠠᠭᠠᠨ ᠤ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠡᠷᠡᠭᠯᠡᠯᠲᠡ ᠶᠢᠨ ᠦᠷ᠎ᠡ ᠪᠦᠲᠦᠮᠵᠢ ᠥᠨᠳᠥᠷ ᠪᠢᠰᠢ᠂ ᠡᠵᠡᠩᠨᠡᠯᠲᠡ ᠶᠢᠨ ᠪᠠᠶᠢᠳᠠᠯ ᠰᠠᠨᠠᠭᠠᠨ ᠳᠤ ᠬᠦᠷᠬᠦ ᠦᠭᠡᠢ᠂ ᠬᠤᠭᠤᠯᠠ ᠵᠠᠬᠢᠶᠠᠯᠠᠬᠤ ᠬᠥᠮᠥᠨ ᠤ ᠲᠤᠭ᠎ᠠ ᠴᠥᠭᠡᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠥᠨᠳᠥᠷ ᠪᠢᠰᠢ ᠵᠡᠷᠭᠡ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ︾ ᠭᠡᠵᠦ ᠭᠡᠰᠢᠭᠦᠨ ᠬᠦᠰᠡᠬᠦ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠪᠤᠳᠤᠯ ᠰᠠᠨᠠᠯ ᠢᠶᠠᠨ ᠰᠤᠷᠪᠤᠯᠵᠢᠯᠠᠬᠴᠢ ᠳᠤ ᠨᠠᠷᠢᠯᠢᠭ ᠲᠠᠶᠢᠯᠪᠤᠷᠢᠯᠠᠨ ᠶᠠᠷᠢᠭᠰᠠᠨ ᠪᠠᠶᠢᠨ᠎ᠠ᠃       ᠲᠠᠷᠠᠭᠠᠴᠢ ᠶᠢᠨ ᠠᠯᠬᠤᠮ ᠳᠤ ᠳᠥᠭᠦᠮ ᠳᠥᠲᠡ᠂ ᠬᠢᠮᠳᠠ ᠪᠥᠭᠡᠳ ᠠᠰᠢᠭᠲᠠᠢ᠂ ᠠᠮᠤᠷ ᠲᠦᠪᠰᠢᠨ᠂ ᠨᠠᠶᠢᠳᠠᠪᠤᠷᠢᠲᠠᠢ ᠨᠠᠰᠤᠲᠠᠶᠢᠴᠤᠳ ᠤᠨ ᠬᠤᠭᠤᠯᠠ ᠤᠮᠳᠠᠭᠠᠨ ᠤ ᠭᠠᠵᠠᠷ ᠢ ᠢᠳᠡᠪᠬᠢᠲᠡᠢ ᠪᠠᠶᠢᠭᠤᠯᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠠᠵᠢᠯ ᠢ ᠰᠠᠶᠢᠲᠤᠷ ᠬᠢᠬᠦ ᠲᠤᠬᠠᠢ ᠬᠦᠰᠡᠬᠦ ᠳᠣᠣᠷᠠᠬᠢ ᠮᠡᠲᠦ ᠬᠡᠳᠦᠨ ᠲᠠᠯ᠎ᠠ ᠶᠢᠨ ᠰᠠᠨᠠᠭᠤᠯᠭ᠎ᠠ ᠳᠤᠷᠠᠳᠤᠭᠰᠠᠨ ᠪᠠᠶᠢᠯ᠎ᠠ᠄ ᠨᠢᠭᠡ ᠳᠤ᠂ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠦᠢᠯᠡᠳᠦᠯ ᠢ ᠴᠢᠩᠭᠠᠳᠬᠠᠵᠤ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ᠃ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠳᠠᠯᠢ ᠪᠤᠰᠤ ᠡᠵᠡᠩᠨᠡᠯᠲᠡ ᠶᠢᠨ ᠵᠠᠭᠪᠤᠷ ᠲᠠᠢ ᠨᠠᠰᠤᠲᠠᠶᠢᠴᠤᠳ ᠤᠨ ᠬᠤᠭᠤᠯᠠ ᠤᠮᠳᠠᠭᠠᠨ ᠤ ᠭᠠᠵᠠᠷ ᠪᠠ ᠠᠳᠠᠯᠢ ᠪᠤᠰᠤ ᠬᠤᠭᠤᠯᠠ ᠬᠡᠷᠡᠭᠰᠡᠬᠦ ᠡᠲᠡᠭᠡᠳ ᠲᠤ ᠨᠥᠬᠦᠪᠦᠷᠢ ᠶᠢᠨ ᠠᠷᠭ᠎ᠠ ᠮᠠᠶ᠋ᠢᠭ ᠪᠠ ᠨᠥᠬᠦᠪᠦᠷᠢ ᠶᠢᠨ ᠪᠠᠷᠢᠮᠵᠢᠶ᠎ᠠ ᠶᠢ ᠲᠥᠷᠥᠯ ᠵᠦᠢᠯ ᠬᠤᠪᠢᠶᠠᠨ ᠨᠠᠷᠢᠯᠢᠭᠵᠢᠭᠤᠯᠤᠨ᠎ᠠ᠃ ᠨᠠᠰᠤᠲᠠᠶᠢᠴᠤᠳ ᠤᠨ ᠬᠤᠭᠤᠯᠠ ᠤᠮᠳᠠᠭᠠᠨ ᠳᠤ ᠴᠢᠭᠯᠡᠭᠦᠯᠦᠨ᠂ ᠬᠤᠭᠤᠯᠠ ᠤᠮᠳᠠᠭᠠᠨ ᠤ ᠦᠢᠯᠡᠴᠢᠯᠡᠭᠡᠨ ᠤ ᠬᠥᠮᠥᠨ ᠤᠳᠠᠭ᠎ᠠ ᠪᠠ ᠶᠠᠰᠤ ᠴᠢᠨᠠᠷ᠂ ᠨᠠᠰᠤᠲᠠᠶᠢᠴᠤᠳ ᠤᠨ ᠬᠠᠨᠤᠮᠵᠢ ᠶᠢᠨ ᠬᠡᠮᠵᠢᠶ᠎ᠡ ᠵᠡᠷᠭᠡ ᠲᠠᠯ᠎ᠠ ᠪᠠᠷ ᠶᠡᠷᠦᠩᠬᠡᠶᠢᠯᠡᠨ ᠪᠣᠳᠣᠯᠬᠢᠯᠠᠵᠤ᠂ ᠡᠵᠡᠩᠨᠡᠯᠲᠡ ᠶᠢᠨ ᠨᠥᠬᠦᠪᠦᠷᠢ ᠪᠤᠶᠤ ᠶᠡᠷᠦᠩᠬᠡᠶᠢᠯᠡᠭᠰᠡᠨ ᠴᠢᠨᠠᠷᠲᠠᠢ ᠱᠠᠩᠨᠠᠯ ᠤᠨ ᠨᠥᠬᠦᠪᠦᠷᠢ ᠲᠣᠭᠲᠠᠭᠠᠵᠤ᠂ ᠲᠥᠷᠥᠯ ᠬᠤᠪᠢᠶᠠᠨ ᠨᠥᠬᠦᠪᠦᠷᠢᠯᠡᠬᠦ ᠶᠢ ᠬᠡᠷᠡᠭᠵᠢᠭᠦᠯᠦᠨ᠂ ᠨᠠᠰᠤᠲᠠᠶᠢᠴᠤᠳ ᠤᠨ ᠬᠤᠭᠤᠯᠠ ᠤᠮᠳᠠᠭᠠᠨ ᠤ ᠭᠠᠵᠠᠷ ᠤᠨ ᠦᠷᠭᠦᠯᠵᠢᠯᠡᠨ ᠬᠥᠭᠵᠢᠬᠦ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ︽ᠬᠥᠯᠥᠨ ᠪᠤᠶᠢᠷ ᠬᠤᠲᠠ ᠶᠢᠨ ᠬᠤᠲᠠ ᠶᠢᠨ ᠠᠷᠠᠳ ᠲᠤ ᠲᠥᠭᠦᠮ ᠦᠵᠡᠭᠦᠯᠭᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾᠎ ᠲᠠᠢ ᠤᠶᠠᠯᠳᠤᠭᠤᠯᠤᠨ᠂ ᠨᠠᠰᠤᠲᠠᠶᠢᠴᠤᠳ ᠤᠨ ᠬᠤᠭᠤᠯᠠ ᠤᠮᠳᠠᠭᠠᠨ ᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠤᠲᠠ ᠶᠢᠨ ᠠᠷᠠᠳ ᠲᠤ ᠲᠥᠭᠦᠮ ᠦᠵᠡᠭᠦᠯᠭᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠳᠤ ᠣᠷᠣᠭᠤᠯᠵᠤ᠂ ᠨᠠᠰᠤᠲᠠᠶᠢᠴᠤᠳ ᠤᠨ ᠬᠤᠭᠤᠯᠠ ᠤᠮᠳᠠᠭᠠᠨ ᠤ ᠭᠠᠵᠠᠷ ᠤᠨ ᠲᠤᠨᠤᠭ ᠲᠥᠬᠦᠭᠡᠷᠦᠮᠵᠢ ᠶᠢᠨ ᠰᠠᠶᠢᠵᠢᠷᠠᠯᠲᠠ ᠶᠢ ᠲᠦᠷᠭᠡᠳᠬᠡᠨ᠂ ᠭᠠᠵᠠᠷ ᠰᠣᠩᠭᠤᠬᠤ ᠳᠠᠭᠠᠨ ᠳᠣᠣᠷ᠎ᠠ ᠳᠠᠪᠬᠤᠷᠭ᠎ᠠ ᠶᠢᠨ ᠪᠤᠶᠤ ᠨᠢᠭᠡᠳᠦᠭᠡᠷ ᠳᠠᠪᠬᠤᠷᠭ᠎ᠠ ᠶᠢᠨ ᠵᠡᠭᠡᠯᠢ ᠳᠠᠭᠠᠬᠰᠠᠨ ᠳᠡᠯᠭᠡᠭᠦᠷ ᠫᠦᠰᠡ ᠶᠢ ᠰᠣᠩᠭᠤᠪᠠᠯ ᠨᠡᠩ ᠰᠠᠶᠢᠨ᠃ ᠭᠤᠷᠪᠠ ᠳᠤ᠂ ᠬᠤᠭᠤᠯᠠ ᠤᠮᠳᠠᠭᠠᠨ ᠤ ᠦᠢᠯᠡᠴᠢᠯᠡᠭᠡ ᠶᠢ ᠬᠥᠯᠥᠨ ᠪᠤᠶᠢᠷ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠᠨ ᠳᠤ ᠣᠷᠣᠭᠤᠯᠬᠤ ᠶᠢᠨ ᠬᠠᠮᠲᠤ᠂ ᠦᠢᠯᠡᠴᠢᠯᠡᠭᠡᠨ ᠤ ᠪᠠᠷᠢᠮᠵᠢᠶ᠎ᠠ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠵᠢᠷᠤᠮᠵᠢᠯ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠢᠭᠡᠳ ᠨᠢᠭᠡ ᠪᠠᠷ ᠨᠠᠷᠢᠯᠢᠭᠵᠢᠭᠤᠯᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃ ᠳᠥᠷᠪᠡ ᠳᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ᠂ ︽ᠠᠯᠪᠠᠨ ᠠᠴᠠ ᠪᠠᠶᠢᠭᠤᠯᠵᠤ ᠠᠯᠪᠠᠨ ᠠᠴᠠ ᠲᠤᠰᠠᠯᠠᠬᠤ + ᠨᠠᠰᠤᠲᠠᠶᠢᠴᠤᠳ ᠤᠨ ᠬᠤᠭᠤᠯᠠ ᠤᠮᠳᠠᠭᠠᠨ ᠤ ᠭᠠᠵᠠᠷ︾᠂ ︽ᠢᠳᠡᠭᠡᠨ ᠤᠮᠳᠠᠭᠠᠨ ᠤ ᠠᠵᠤ ᠠᠬᠤᠶᠢᠯᠠᠯ + ᠨᠠᠰᠤᠲᠠᠶᠢᠴᠤᠳ ᠤᠨ ᠬᠤᠭᠤᠯᠠ ᠤᠮᠳᠠᠭᠠᠨ ᠤ ᠭᠠᠵᠠᠷ︾᠂ ︽ᠨᠢᠭᠡ ᠴᠣᠭᠴᠠᠵᠢᠭᠤᠯᠤᠭᠰᠠᠨ ᠲᠣᠭᠤᠭᠠᠨ ᠭᠡᠷ + ᠬᠤᠭᠤᠯᠠ ᠤᠮᠳᠠᠭᠠᠨ ᠢ ᠲᠣᠬᠢᠷᠠᠭᠤᠯᠤᠨ ᠬᠦᠷᠭᠡᠬᠦ︾ ᠵᠡᠷᠭᠡ ᠣᠯᠠᠨ ᠲᠠᠰ ᠳᠠᠪᠬᠤᠷᠭ᠎ᠠ ᠶᠢᠨ ᠦᠢᠯᠡᠴᠢᠯᠡᠭᠡᠨ ᠤ ᠲᠣᠭᠲᠠᠴᠠ ᠶᠢ ᠬᠠᠶᠢᠨ ᠰᠦᠪᠡᠭᠴᠢᠯᠡᠵᠦ᠂ ᠬᠤᠭᠤᠯᠠ ᠤᠮᠳᠠᠭᠠᠨ ᠤ ᠭᠠᠵᠠᠷ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠂ ᠨᠠᠰᠤᠲᠠᠶᠢᠴᠤᠳ ᠤᠨ ᠬᠤᠭᠤᠯᠠ ᠤᠮᠳᠠᠭᠠᠨ ᠤ ᠭᠠᠵᠠᠷ ᠤᠨ ᠡᠵᠡᠩᠨᠡᠯᠲᠡ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ