ᠭᠡᠰᠢᠭᠦᠨ ᠭᠠᠸᠠᠳᠤᠨᠳᠤᠭ᠄ ᠮᠠᠯ ᠠᠵᠤ ᠠᠬᠤᠢ ᠶᠢᠨ ᠣᠨᠴᠠᠯᠢᠭᠲᠤ ᠠᠵᠤ ᠦᠢᠯᠡᠰ ᠤᠨ ᠪᠡᠯᠡ ᠤᠷᠤᠭᠤᠯᠤᠯᠳᠠ ᠶᠢ ᠨᠡᠮᠡᠭᠳᠡᠭᠦᠯᠬᠦ ᠴᠢᠬᠤᠯᠠᠲᠠᠢ
ᠨᠡᠶᠢᠲᠡᠯᠡᠭᠰᠡᠨ ᠴᠠᠭ᠄
2024/1/22
      ᠤᠯᠤᠰ ᠲᠥᠷᠤ ᠶᠢᠨ ᠵᠥᠪᠯᠡᠯᠭᠡᠨ ᠤ ᠬᠥᠯᠥᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ 1 ᠰᠠᠷ᠎ᠠ ᠶᠢᠨ 16 ᠤ ᠡᠳᠦᠷ ᠬᠠᠶᠢᠯᠠᠷ ᠲᠣᠭᠤᠷᠢᠭ ᠲᠤ ᠡᠬᠢᠯᠡᠨ ᠬᠤᠷᠠᠯᠳᠤᠪᠠ᠃ ᠦᠨᠳᠦᠰᠦᠨ ᠱᠠᠲᠤᠨ ᠠᠴᠠ ᠢᠷᠡᠭᠰᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠤᠮᠤ ᠶᠢᠨ ᠴᠡᠴᠡᠭᠯᠡᠯ ᠭᠠᠴᠠᠭ᠎ᠠ ᠶᠢᠨ ᠮᠠᠯᠴᠢᠨ ᠭᠠᠸᠠᠳᠤᠨᠳᠤᠭ ᠳᠤᠰ ᠤᠳᠠᠭᠠᠨ ᠤ ᠬᠤᠷᠠᠯ ᠳᠠᠭᠠᠨ ︽ᠮᠠᠯᠵᠢᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠠᠯ ᠠᠵᠤ ᠠᠬᠤᠢ ᠶᠢᠨ ᠣᠨᠴᠠᠯᠢᠭᠲᠤ ᠠᠵᠤ ᠦᠢᠯᠡᠰ ᠤᠨ ᠪᠡᠯᠡ ᠤᠷᠤᠭᠤᠯᠤᠯᠳᠠ ᠶᠢ ᠨᠡᠮᠡᠭᠳᠡᠭᠦᠯᠬᠦ ᠴᠢᠬᠤᠯᠠᠲᠠᠢ︾ ᠭᠡᠬᠦ ᠰᠠᠨᠠᠯ ᠳᠤᠷᠠᠳᠤᠯᠭ᠎ᠠ ᠲᠠᠢ ᠪᠠᠨ ᠢᠷᠡᠯ᠎ᠠ᠃
1.22嘎瓦.jpg
      ᠭᠠᠸᠠᠳᠤᠨᠳᠤᠭ ᠬᠠᠷᠠᠬᠠᠨ ᠪᠠᠭ᠎ᠠ ᠠᠴᠠ ᠪᠠᠨ ᠮᠠᠯᠵᠢᠬᠤ ᠣᠷᠣᠨ ᠳᠤ ᠲᠥᠷᠤᠵᠤ ᠥᠰᠤᠨ᠂ ᠭᠠᠴᠠᠭᠠᠨ ᠳᠠᠷᠤᠭ᠎ᠠ ᠶᠢᠨ ᠲᠤᠰᠢᠶᠠᠯ ᠢ ᠴᠤ ᠬᠡᠳᠦᠨ ᠵᠢᠯ ᠡᠭᠦᠷᠭᠡᠯᠡᠵᠦ ᠶᠠᠪᠤᠭᠰᠠᠨ ᠪᠣᠯᠬᠤᠷ ᠮᠠᠯᠵᠢᠬᠤ ᠦᠢᠯᠡᠳᠪᠦᠷᠢᠯᠡᠯ ᠠᠮᠢᠳᠤᠷᠠᠯ ᠤᠨ ᠲᠤᠬᠠᠢ ᠠᠯᠠᠭᠠᠨ ᠵᠢᠷᠤᠭᠠᠰᠤ ᠪᠠᠨ ᠮᠡᠲᠦ ᠲᠣᠳᠣᠷᠬᠠᠢ ᠮᠡᠳᠡᠳᠡᠭ ᠪᠢᠯᠡ᠃ ᠲᠠᠷᠠ ᠥᠩᠭᠡᠷᠡᠭᠰᠡᠨ ᠬᠤᠶᠠᠷ ᠵᠢᠯ ᠳᠤ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠮᠠᠯ ᠠᠵᠤ ᠠᠬᠤᠢ ᠳᠠᠭᠠᠨ ᠰᠠᠭᠤᠷᠢᠯᠠᠭᠰᠠᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠵᠡᠷᠭᠡ ᠲᠠᠯ᠎ᠠ ᠶᠢᠨ ᠮᠠᠯᠴᠢᠨ ᠲᠦᠮᠡᠨ ᠤ ᠪᠠᠨ ᠠᠵᠤ ᠠᠮᠢᠳᠤᠷᠠᠯ ᠳᠤ ᠰᠠᠨᠠᠭᠠᠰᠢᠷᠠᠭᠰᠠᠨ ᠰᠠᠨᠠᠯ ᠳᠤᠷᠠᠳᠤᠯᠭ᠎ᠠ ᠶᠢ ᠶᠡᠭᠡ ᠬᠤᠷᠠᠯ ᠳᠤ ᠳᠡᠪᠰᠢᠭᠦᠯᠵᠦ ᠪᠡᠶᠡᠯᠡᠯ ᠢᠶᠠᠨ ᠣᠯᠣᠭᠰᠠᠨ ᠳᠤ ᠶᠡᠬᠡᠳᠡ ᠪᠠᠶᠠᠷᠲᠠᠶᠢᠬᠠᠨ ᠪᠠᠶᠢᠵᠤ᠂ ᠨᠡᠩ ᠤᠯᠤᠰ ᠲᠥᠷᠤ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠣᠶᠢᠷ᠎ᠠ ᠶᠢᠨ ᠬᠡᠳᠦᠨ ᠵᠢᠯ ᠳᠤ ᠮᠠᠯᠴᠢᠨ ᠲᠦᠮᠡᠨ ᠤ ᠪᠠᠨ ᠦᠢᠯᠡᠳᠪᠦᠷᠢᠯᠡᠯ ᠠᠮᠢᠳᠤᠷᠠᠯ ᠢ ᠶᠡᠬᠡᠳᠡ ᠠᠩᠬᠠᠷᠤᠨ ᠬᠠᠯᠠᠮᠵᠢᠯᠠᠳᠠᠭ ᠪᠣᠯᠵᠠᠢ᠃       ᠲᠠᠷᠠ᠂ ︽ᠮᠠᠯᠵᠢᠬᠤ ᠦᠢᠯᠡᠳᠪᠦᠷᠢᠯᠡᠯ ᠪᠣᠯ ᠮᠠᠯᠵᠢᠬᠤ ᠣᠷᠣᠨ ᠤ ᠭᠡᠷ ᠪᠦᠯᠢ ᠶᠢᠨ ᠡᠵᠡᠩᠨᠡᠯᠲᠡ ᠶᠢᠨ ᠤᠷᠤᠯᠭ᠎ᠠ ᠶᠢᠨ ᠭᠤᠣᠯ ᠢᠷᠡᠯᠲᠡ ᠶᠢᠨ ᠨᠢᠭᠡ᠂ ᠥᠨᠥ ᠵᠢᠯ ᠤᠨ ᠬᠤᠪᠢ ᠳᠤ ᠮᠠᠯ ᠤᠨ ᠦᠨ᠎ᠡ ᠶᠡᠭᠡ ᠪᠠᠷ ᠪᠠᠭᠤᠷᠠᠵᠤ ᠡᠪᠡᠰᠦ ᠪᠣᠷᠳᠣᠭᠠᠨ ᠤ ᠦᠨ᠎ᠡ ᠬᠠᠩᠰᠢ ᠶᠡᠭᠡ ᠪᠠᠷ ᠥᠰᠤᠨ ᠮᠠᠯᠵᠢᠬᠤ ᠦᠢᠯᠡᠳᠪᠦᠷᠢᠯᠡᠯ ᠠᠮᠢᠳᠤᠷᠠᠯ ᠤᠨ ᠲᠡᠩᠴᠡᠭᠦᠷᠢ ᠶᠢ ᠠᠯᠳᠠᠭᠤᠯᠵᠤ᠂ ᠮᠠᠯᠴᠢᠳ ᠤᠨ ᠵᠢᠭᠡᠯᠡᠯᠭᠡ ᠴᠤ ᠶᠡᠭᠡ ᠪᠠᠷ ᠨᠡᠮᠡᠭᠳᠡᠵᠡᠢ᠃ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠲᠣᠯᠣᠭᠠᠶᠢᠯᠠᠭᠴᠢ ᠠᠵᠤ ᠠᠬᠤᠶᠢᠯᠠᠯ ᠴᠥᠭᠡᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤᠲᠠᠮᠠᠭ᠂ ᠳᠠᠭᠠᠭᠤᠯᠤᠨ ᠳᠠᠶᠢᠴᠢᠯᠠᠬᠤ ᠬᠦᠴᠦᠨ ᠬᠦᠷᠦᠯᠴᠡᠬᠦ ᠦᠭᠡᠢ ᠵᠡᠷᠭᠡ ᠰᠢᠯᠲᠠᠭᠠᠨ ᠠᠴᠠ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠶᠡᠭᠡ ᠪᠠᠷ ᠨᠥᠯᠥᠭᠡᠯᠡᠵᠦ ᠪᠠᠶᠢᠨ᠎ᠠ︾ ᠬᠡᠮᠡᠨ ᠣᠳᠣᠬᠠᠨ ᠤ ᠮᠠᠯᠵᠢᠬᠤ ᠣᠷᠣᠨ ᠤ ᠮᠠᠯ ᠠᠵᠤ ᠠᠬᠤᠢ ᠶᠢᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠯᠢᠭ ᠰᠠᠶᠢᠬᠠᠨ ᠵᠠᠳᠠᠯᠵᠤ ᠰᠤᠷᠪᠤᠯᠵᠢᠯᠠᠬᠴᠢ ᠳᠤ ᠶᠠᠷᠢᠨ᠎ᠠ᠃       ᠲᠠᠷᠠ ᠢᠷᠡᠭᠡᠳᠦᠢ ᠶᠢᠨ ᠮᠠᠯᠵᠢᠬᠤ ᠣᠷᠣᠨ ᠤ ᠬᠥᠭᠵᠢᠯᠲᠡ ᠶᠢᠨ ᠲᠤᠬᠠᠢ ᠲᠥᠰᠥᠪ ᠲᠥᠯᠥᠪᠯᠡᠭᠡ ᠪᠠᠨ ᠶᠠᠷᠢᠬᠤ ᠳᠠᠭᠠᠨ᠂ ︽ᠤᠯᠤᠰ ᠣᠷᠣᠨ ᠤ ᠲᠥᠷᠤ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠮᠠᠯ ᠠᠵᠤ ᠠᠬᠤᠢ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠯ ᠠᠵᠤ ᠠᠬᠤᠢ ᠶᠢᠨ ᠬᠤᠷᠸ᠎ᠠ ᠡᠵᠡᠮᠳᠡᠯ ᠲᠣᠬᠢᠷᠠᠭᠤᠯᠤᠯᠲᠠ᠂ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠪᠠᠷ ᠴᠢᠩᠭᠠᠳᠬᠠᠨ᠂ ᠮᠠᠯ ᠤᠨ ᠠᠰᠢᠭ ᠰᠢᠮ᠎ᠡ ᠶᠢᠨ ᠴᠢᠨᠠᠷ ᠢ ᠪᠠᠲᠤᠯᠠᠵᠤ᠂ ᠦᠢᠯᠡᠳᠪᠦᠷᠢᠯᠡᠨ ᠪᠣᠷᠣᠯᠠᠭᠤᠯᠬᠤ ᠠᠵᠤ ᠦᠢᠯᠡᠰ ᠤᠨ ᠬᠡᠯᠬᠢᠶᠡᠵᠢᠯ ᠢ ᠪᠤᠢ ᠪᠣᠯᠭᠠᠨ᠂ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠵᠠᠰᠠᠭ ᠪᠠᠨᠬᠭᠢ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠮᠥᠩᠭᠦᠨ ᠭᠦᠢᠯᠭᠡᠭᠡ ᠪᠠᠷ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠲᠡᠵᠢᠭᠡᠯ ᠪᠣᠷᠳᠣᠭᠠᠨ ᠤ ᠦᠨ᠎ᠡ ᠬᠠᠩᠰᠢ ᠶᠢ ᠵᠣᠬᠢᠰᠲᠠᠢ ᠪᠠᠶᠢᠯᠭᠠᠬᠤ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠡᠭᠦᠯᠳᠡᠷ ᠰᠠᠶᠢᠵᠢᠷᠠᠭᠤᠯᠬᠤ ᠠᠵᠢᠯ ᠢ ᠲᠦᠭᠡᠮᠡᠯᠵᠢᠭᠦᠯᠦᠨ᠂ ᠲᠡᠵᠢᠭᠡᠨ ᠦᠷᠡᠵᠢᠭᠦᠯᠬᠦ ᠠᠵᠤ ᠦᠢᠯᠡᠰ ᠢ ᠰᠢᠰᠲ᠋ᠧᠮᠵᠢᠭᠦᠯᠵᠦ᠂ ᠬᠡᠪᠴᠢᠶᠡᠵᠢᠭᠰᠡᠨ ᠪᠠᠷᠢᠮᠵᠢᠶᠠᠵᠢᠭᠰᠠᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠵᠡᠷᠭᠡ ᠤᠯᠠᠨ ᠲᠠᠯ᠎ᠠ ᠶᠢᠨ ᠠᠷᠭ᠎ᠠ ᠬᠡᠮᠵᠢᠶ᠎ᠡ ᠠᠪᠴᠤ ᠮᠠᠯᠴᠢᠨ ᠲᠦᠮᠡᠨ ᠤ ᠤᠷᠤᠯᠭ᠎ᠠ ᠶᠢᠨ ᠨᠡᠮᠡᠭᠳᠡᠯ ᠢ ᠪᠠᠲᠤᠯᠠᠵᠤ᠂ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠰᠢᠨ᠎ᠡ ᠶᠢ ᠡᠭᠦᠳᠴᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ︾ ᠭᠡᠯ᠎ᠡ᠃                         ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠬᠴᠢ ᠰᠡᠩᠭᠡᠭᠠᠷᠪᠤᠤ
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ