︽ᠵᠠᠰᠠᠭ ᠵᠠᠬᠢᠷᠭᠠᠨ ᠤ ᠬᠡᠰᠡᠭ ᠬᠠᠤᠯᠢ ᠳᠦᠷᠢᠮ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠬᠡᠰᠡᠭ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ  ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠨᠡᠶᠢᠲᠡᠯᠡᠵᠡᠢ
ᠨᠡᠶᠢᠲᠡᠯᠡᠭᠰᠡᠨ ᠴᠠᠭ᠄
2024/1/23
      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠥᠨᠥᠬᠡᠨ  ᠲᠥᠷᠥ  ᠶᠢᠨ  ᠶᠠᠪᠤᠳᠠᠯ  ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ︽ᠵᠠᠰᠠᠭ ᠵᠠᠬᠢᠷᠭᠠᠨ ᠤ ᠬᠡᠰᠡᠭ ᠬᠠᠤᠯᠢ ᠳᠦᠷᠢᠮ ᠪᠣᠯᠣᠨ ᠲᠥᠷᠥ  ᠶᠢᠨ ᠶᠠᠪᠤᠳᠠᠯ ᠤᠨ ᠬᠤᠷᠢᠶᠠᠨ ᠤ ᠬᠡᠰᠡᠭ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠨᠢ ᠬᠡᠷᠡᠭᠵᠢᠭᠦᠯᠦᠭᠰᠡᠨ ᠪᠠᠶᠢᠨ᠎ᠠ᠃      ︽ᠨᠠᠮ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠵᠦ᠂ ᠵᠠᠰᠠᠭ ᠵᠠᠬᠢᠷᠭᠠᠨ ᠤ ᠬᠠᠤᠯᠢ ᠳᠦᠷᠢᠮ  ᠤᠨ ᠰᠢᠰᠲ᠋ᠧᠮ ᠤᠨ ᠨᠢᠭᠡᠳᠦᠯᠲᠡᠢ ᠴᠢᠨᠠᠷ᠂ ᠳᠦᠷᠢᠮᠵᠢᠭᠰᠡᠨ ᠴᠢᠨᠠᠷ ᠪᠣᠯᠣᠨ ᠴᠠᠭᠴᠢ ᠴᠢᠨᠠᠷ ᠢ ᠪᠠᠲᠤᠯᠠᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠬᠢ ᠪᠠᠨ ᠲᠦᠷᠭᠡᠨ ᠬᠤᠪᠢᠷᠠᠭᠤᠯᠬᠤ ᠶᠢᠨ ᠲᠥᠯᠥᠭᠡ ᠵᠠᠰᠠᠭ ᠵᠠᠬᠢᠷᠭᠠᠨ ᠤ ᠵᠠᠷᠢᠮ ᠬᠠᠤᠯᠢ ᠳᠦᠷᠢᠮ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠷ ᠲᠣᠭᠲᠠᠭᠠᠯ ᠤᠨ ᠬᠡᠰᠡᠭ ᠵᠤᠷᠪᠤᠰ  ᠲᠤ ᠵᠠᠰᠠᠪᠤᠷᠢ ᠣᠷᠣᠭᠤᠯᠬᠤ ᠪᠠᠷ ᠲᠥᠷᠥ ᠶᠢᠨ ᠶᠠᠪᠤᠳᠠᠯ ᠤᠨ ᠬᠤᠷᠢᠶ᠎ᠠ ᠲᠣᠭᠲᠠᠭᠰᠠᠨ ᠪᠠᠶᠢᠨ᠎ᠠ᠃      ᠲᠤᠬᠠᠶᠢᠯᠠᠪᠠᠯ ᠨᠢᠭᠡ ᠳᠤ᠂ ︽ᠳᠤᠮᠳᠠᠳᠤ ᠤᠯᠤᠰ ᠤᠨ ᠠᠷᠠᠳ ᠤᠨ ᠪᠠᠩᠬᠢ  ᠶᠢᠨ ᠵᠣᠭᠤᠰᠤᠨ ᠤ ᠲᠥᠷᠥ  ᠶᠢᠨ ᠪᠣᠳᠣᠯᠭ᠎ᠠ ᠶᠢᠨ ᠺᠣᠮᠢᠰ ᠤᠨ ᠳᠦᠷᠢᠮ︾ ᠳᠤ ᠵᠠᠰᠠᠪᠤᠷᠢ ᠣᠷᠣᠭᠤᠯᠤᠨ᠎ᠠ᠂ ᠡᠭᠦᠨ ᠳᠤ ᠭᠤᠣᠯᠳᠠᠭᠤ᠄ ᠵᠣᠭᠤᠰᠤᠨ ᠤ ᠲᠥᠷᠥ  ᠶᠢᠨ ᠪᠣᠳᠣᠯᠭ᠎ᠠ ᠶᠢᠨ ᠺᠣᠮᠢᠰ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ  ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠺᠣᠮᠢᠰ ᠤᠨ ᠭᠡᠰᠢᠭᠦᠨ ᠪᠠᠶᠢᠭᠤᠯᠭ᠎ᠠ ᠪᠣᠯᠣᠨ ᠬᠥᠮᠥᠨ ᠬᠠᠷ᠎ᠠ ᠳᠤ ᠲᠣᠬᠢᠷᠠᠭᠤᠯᠤᠯᠲᠠ ᠬᠢᠬᠦ ᠵᠡᠷᠭᠡ ᠪᠠᠭᠲᠠᠵᠤ ᠪᠠᠶᠢᠭ᠎ᠠ ᠶᠤᠮ᠃      ᠬᠤᠶᠠᠷ ᠲᠤ᠂ ︽ᠪᠠᠩᠬᠢ ᠶᠢᠨ ᠺᠠᠷᠲ ᠢᠶᠠᠷ ᠲᠥᠯᠥᠪᠦᠷᠢ ᠲᠣᠭᠠᠴᠠᠭ᠎ᠠ ᠬᠢᠬᠦ ᠪᠠᠶᠢᠭᠤᠯᠤᠮᠵᠢ  ᠨᠤᠭᠤᠳ ᠲᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠣᠯᠭᠤᠬᠤ ᠬᠠᠮᠢᠶᠠᠷᠤᠯᠲᠠ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠳᠤ ᠵᠠᠰᠠᠪᠤᠷᠢ ᠣᠷᠣᠭᠤᠯᠵᠤ᠂ ᠲᠤᠰ ᠪᠢᠴᠢᠭ ᠮᠠᠲ᠋ᠧᠷᠢᠶᠠᠯ  ᠳᠠᠬᠢ ︽ᠳᠤᠮᠳᠠᠳᠤ ᠤᠯᠤᠰ ᠤᠨ ᠪᠠᠩᠬᠢ ᠶᠢᠨ ᠠᠵᠤ ᠦᠢᠯᠡᠰ ᠢ ᠬᠢᠨᠠᠵᠤ ᠬᠠᠮᠢᠶᠠᠷᠬᠤ ᠺᠣᠮᠢᠰ︾ ᠭᠡᠰᠡᠨ ᠨᠡᠷᠡᠶᠢᠳᠦᠯ ᠳᠤ ᠵᠠᠰᠠᠪᠤᠷᠢ ᠣᠷᠣᠭᠤᠯᠵᠤ ︽ᠤᠯᠤᠰ ᠤᠨ ᠮᠥᠩᠭᠦᠨ ᠭᠦᠢᠯᠭᠡᠭᠡ ᠶᠢ ᠬᠢᠨᠠᠵᠤ ᠬᠠᠮᠢᠶᠠᠷᠬᠤ ᠶᠡᠷᠦᠩᠬᠡᠢ ᠲᠣᠪᠴᠢᠶ᠎ᠠ︾ ᠪᠣᠯᠭᠠᠭᠰᠠᠨ ᠪᠠᠶᠢᠨ᠎ᠠ᠃      ᠭᠤᠷᠪᠠ ᠳᠤ᠂ ︽ᠮᠥᠩᠭᠦᠨ ᠭᠦᠢᠯᠭᠡᠭᠡᠨ ᠤ ᠬᠤᠪᠢᠴᠠᠭ᠎ᠠ ᠡᠵᠡᠮᠰᠢᠵᠦ ᠪᠠᠶᠢᠭ᠎ᠠ ᠺᠣᠮᠫᠠᠨᠢ ᠨᠤᠭᠤᠳ ᠲᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠣᠯᠭᠤᠬᠤ ᠬᠠᠮᠢᠶᠠᠷᠤᠯᠲᠠ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠳᠤ ᠵᠠᠰᠠᠪᠤᠷᠢ ᠣᠷᠣᠭᠤᠯᠵᠤ᠂ ᠮᠥᠩᠭᠦᠨ ᠭᠦᠢᠯᠭᠡᠭᠡᠨ ᠤ ᠬᠤᠪᠢᠴᠠᠭ᠎ᠠ ᠡᠵᠡᠮᠰᠢᠵᠦ ᠪᠠᠶᠢᠭ᠎ᠠ ᠺᠣᠮᠫᠠᠨᠢ ᠶᠢᠨ ᠬᠢᠨᠠᠨ ᠵᠥᠪᠰᠢᠶᠡᠷᠡᠬᠦ ᠪᠠ ᠬᠢᠨᠠᠵᠤ ᠬᠠᠮᠢᠶᠠᠷᠬᠤ ᠭᠤᠣᠯ ᠴᠣᠭᠴᠠ ᠶᠢ ︽ᠳᠤᠮᠳᠠᠳᠤ ᠤᠯᠤᠰ ᠤᠨ ᠠᠷᠠᠳ ᠤᠨ ᠪᠠᠩᠬᠢ︾ ᠪᠠᠶᠢᠭᠰᠠᠨ ᠠᠴᠠ ᠨᠢ ︽ᠤᠯᠤᠰ ᠤᠨ ᠮᠥᠩᠭᠦᠨ ᠭᠦᠢᠯᠭᠡᠭᠡ ᠶᠢ ᠬᠢᠨᠠᠵᠤ ᠬᠠᠮᠢᠶᠠᠷᠬᠤ ᠶᠡᠷᠦᠩᠬᠡᠢ ᠲᠣᠪᠴᠢᠶ᠎ᠠ︾ ᠪᠣᠯᠭᠠᠭᠰᠠᠨ ᠪᠠᠶᠢᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ