ᠣᠨᠴᠠ ᠶᠡᠭᠡ ᠴᠠᠰᠤ ᠣᠷᠤᠨ᠎ᠠ
ᠨᠡᠶᠢᠲᠡᠯᠡᠭᠰᠡᠨ ᠴᠠᠭ᠄
2024/1/23
      ᠣᠨᠴᠠ ᠶᠡᠭᠡ ᠴᠠᠰᠤ ᠣᠷᠤᠬᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠥᠪᠤᠷ ᠮᠣᠩᠭᠤᠯ ᠤᠨ ᠴᠠᠭ ᠠᠭᠤᠷ ᠤᠨ ᠰᠲ᠋ᠠᠨᠼ 19 ᠤ ᠡᠳᠦᠷ ᠤᠨ 10 ᠴᠠᠭ 20 ᠮᠢᠨᠦ᠋ᠲ ᠲᠤ ᠨᠡᠶᠢᠲᠡᠯᠡᠭᠰᠡᠨ ᠪᠠᠶᠢᠨ᠎ᠠ᠃      ᠮᠠᠷᠭᠠᠰᠢ ᠳᠤᠮᠳᠠ ᠪᠠᠷᠠᠭᠤᠨ ᠪᠡᠶ᠎ᠡ ᠶᠢᠨ ᠭᠤᠣᠯ ᠬᠤᠲᠠ ᠤᠳ ᠢᠶᠠᠷ ᠬᠠᠰᠤᠬᠤ 7℃ ᠠᠴᠠ ᠬᠠᠰᠤᠬᠤ 9℃ ᠬᠦᠷᠲᠡᠯ᠎ᠡ ᠳᠣᠷᠤᠭᠰᠢᠯᠠᠵᠤ᠂ ᠥᠪᠤᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ᠂ ᠤᠯᠠᠭᠠᠨᠬᠠᠳᠠ ᠬᠤᠲᠠ ᠶᠢᠨ ᠬᠤᠶᠢᠲᠦ ᠪᠡᠶ᠎ᠡ᠂ ᠲᠦᠩᠯᠢᠶᠤᠤ ᠬᠤᠲᠠ ᠶᠢᠨ ᠪᠠᠷᠠᠭᠤᠨ ᠬᠤᠶᠢᠲᠦ ᠪᠡᠶ᠎ᠡ᠂ ᠬᠢᠩᠭᠠᠨ ᠠᠶᠢᠮᠠᠭ ᠤᠨ ᠪᠠᠷᠠᠭᠤᠨ ᠪᠡᠶ᠎ᠡ ᠳᠤ ᠳᠤᠮᠳᠠ ᠵᠡᠷᠭᠡ ᠶᠢᠨ ᠴᠠᠰᠤ ᠣᠷᠤᠨ᠎ᠠ᠃ ᠥᠪᠤᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠦ ᠪᠡᠶ᠎ᠡ ᠶᠢᠨ ᠵᠠᠷᠢᠮ ᠭᠠᠵᠠᠷ ᠲᠤ ᠶᠡᠭᠡ ᠴᠠᠰᠤ ᠲᠠᠢ᠃      ᠢᠷᠡᠬᠦ ᠭᠤᠷᠪᠠᠨ ᠬᠤᠨᠤᠭ ᠲᠤ ᠬᠦᠢᠲᠡᠨ ᠠᠭᠤᠷ ᠠᠮᠢᠰᠬᠤᠯ ᠤᠨ ᠨᠥᠯᠦᠭᠡ ᠪᠠᠷ ᠪᠠᠷᠠᠭᠤᠨ ᠪᠡᠶ᠎ᠡ ᠶᠢᠨ ᠵᠡᠭᠦᠨ ᠬᠡᠰᠡᠭ ᠪᠠ ᠳᠤᠮᠳᠠ ᠪᠡᠶ᠎ᠡ ᠶᠢᠨ ᠶᠡᠬᠡᠩᠬᠢ ᠨᠤᠲᠤᠭ ᠢᠶᠠᠷ ᠠᠭᠠᠷ ᠤᠨ ᠳᠤᠯᠠᠭᠠᠨ ᠨᠡᠶᠢᠳᠡᠮ ᠳᠡᠭᠡᠨ 10℃ ᠠᠴᠠ 14℃ ᠳᠣᠷᠤᠭᠰᠢᠯᠠᠨ᠎ᠠ᠃      12 ᠴᠠᠭ ᠤᠨ ᠳᠤᠲᠤᠷ᠎ᠠ ᠥᠪᠤᠷ ᠮᠣᠩᠭᠤᠯ ᠤᠨ ᠪᠠᠶᠠᠨᠨᠠᠭᠤᠷ ᠬᠤᠲᠠ ᠶᠢᠨ ᠵᠡᠭᠦᠨ ᠡᠮᠦᠨ᠎ᠡ ᠪᠡᠶ᠎ᠡ᠂ ᠣᠷᠳᠤᠰ ᠬᠤᠲᠠ ᠶᠢᠨ ᠵᠡᠭᠦᠨ ᠬᠤᠶᠢᠲᠦ ᠪᠡᠶ᠎ᠡ᠂ ᠪᠤᠭᠤᠲᠤ ᠬᠤᠲᠠ ᠶᠢᠨ ᠡᠮᠦᠨ᠎ᠡ  ᠪᠡᠶ᠎ᠡ᠂ ᠬᠥᠬᠡᠬᠤᠲᠠ ᠶᠢᠨ ᠳᠤᠮᠳᠠ᠂ ᠵᠡᠭᠦᠨ ᠪᠡᠶ᠎ᠡ᠂ ᠤᠯᠠᠭᠠᠨᠴᠠᠪ ᠬᠤᠲᠠ ᠶᠢᠨ ᠪᠠᠷᠠᠭᠤᠨ ᠡᠮᠦᠨ᠎ᠡ ᠪᠡᠶ᠎ᠡ ᠪᠠ ᠵᠡᠭᠦᠨ ᠬᠤᠶᠢᠲᠦ ᠪᠡᠶ᠎ᠡ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠪᠡᠶ᠎ᠡ ᠳᠤ ᠭᠤᠷᠪᠠᠨ ᠬᠤᠷᠤᠭᠤ ᠵᠣᠵᠠᠭᠠᠨ ᠳᠠᠷᠤᠢ 4 ᠮᠢᠯᠢᠮᠧᠲᠷ ᠵᠣᠵᠠᠭᠠᠨ ᠴᠠᠰᠤ ᠣᠷᠣᠬᠤ ᠪᠣᠯᠬᠤᠷ ᠵᠠᠮ ᠨᠡᠪᠲᠡᠷᠡᠯᠭᠡ ᠪᠤᠶᠤ ᠬᠥᠳᠡᠭᠡ ᠠᠵᠤ ᠠᠬᠤᠢ ᠳᠤ ᠨᠥᠯᠦᠭᠡ ᠪᠣᠯᠵᠤ ᠮᠠᠭᠠᠤᠨ᠃ ᠡᠶᠢᠮᠤ ᠠᠴᠠ ᠳᠣᠣᠷᠠᠬᠢ ᠰᠡᠷᠬᠡᠶᠢᠯᠡᠬᠦ ᠠᠵᠢᠯ ᠤᠳ ᠢ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠃      ⒈ ᠵᠠᠰᠠᠭ ᠤᠨ ᠣᠷᠳᠤᠨ ᠪᠠ ᠬᠠᠮᠢᠶᠠᠲᠠᠢ ᠰᠠᠯᠠᠭ᠎ᠠ ᠮᠦᠴᠢᠷ ᠬᠠᠷᠢᠭᠤᠴᠠᠯᠭ᠎ᠠ ᠶᠤᠰᠤᠭᠠᠷ  ᠴᠠᠰᠤ  ᠵᠣᠣᠨ ᠤᠨ ᠭᠠᠮᠰᠢᠭ ᠠᠴᠠ ᠰᠡᠷᠭᠡᠶᠢᠯᠡᠬᠦ ᠪᠠ ᠬᠥᠯᠳᠡᠬᠦ ᠠᠴᠠ ᠰᠡᠷᠭᠡᠶᠢᠯᠡᠬᠦ ᠪᠡᠯᠡᠦᠨᠬᠡᠯ ᠠᠵᠢᠯ ᠤᠳ ᠢᠶᠠᠨ ᠠᠮᠵᠢᠭᠤᠯᠤᠭᠠᠷᠠᠢ᠃      ⒉ ᠵᠠᠮ ᠨᠡᠪᠲᠡᠷᠡᠯᠭᠡ᠂ ᠲᠡᠮᠦᠷ  ᠵᠠᠮ᠂ ᠴᠠᠬᠢᠯᠭᠠᠨ ᠡᠷᠴᠢᠮ ᠬᠦᠴᠦᠨ᠂ ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠦᠴᠢᠷ ᠤᠨ ᠬᠢᠨ ᠵᠠᠰᠠᠮᠠᠯ ᠵᠠᠮ᠂ ᠲᠡᠮᠦᠷ ᠵᠠᠮ ᠳᠠᠭᠠᠤ ᠱᠤᠭᠤᠮ ᠢ ᠲᠣᠭᠤᠷᠢᠨ ᠪᠠᠶᠢᠴᠠᠭᠠᠵᠤ ᠬᠠᠮᠠᠭᠠᠯᠠᠨ᠂ ᠵᠠᠰᠠᠮᠠᠯ ᠵᠠᠮ ᠤᠨ ᠰᠢᠯᠤᠭᠤᠬᠠᠨ ᠨᠡᠪᠲᠡᠷᠡᠬᠦ ᠪᠠ ᠬᠤᠷᠠᠭᠰᠠᠨ ᠴᠠᠰᠤ ᠬᠠᠶᠢᠯᠬᠤ ᠵᠡᠷᠭᠡ ᠠᠵᠢᠯ ᠢ ᠰᠠᠶᠢᠲᠤᠷ ᠬᠢᠭᠡᠷᠡᠢ᠃      ⒊ ᠶᠠᠪᠠᠭᠠᠨ ᠬᠦᠮᠦᠰ ᠬᠦᠢᠲᠡᠨ ᠠᠴᠠ ᠰᠡᠷᠭᠡᠶᠢᠯᠡᠵᠦ ᠬᠠᠯᠳᠤᠷᠢᠬᠤ ᠠᠴᠠ ᠪᠣᠯᠭᠤᠮᠵᠢᠯᠠᠨ᠂ ᠮᠠᠰᠢᠨ ᠵᠢᠯᠣᠭᠤᠣᠨᠴᠦ ᠪᠠᠶᠢᠭ᠎ᠠ ᠬᠦᠮᠦᠰ ᠵᠠᠮ ᠤᠨ ᠬᠠᠯᠲᠤᠷᠢᠭ᠎ᠠ ᠠᠴᠠ ᠰᠡᠷᠭᠡᠶᠢᠯᠡᠭᠡᠷᠡᠢ᠃      ⒋ ᠮᠠᠯᠵᠢᠬᠤ ᠲᠠᠷᠢᠶᠠᠯᠠᠬᠤ ᠣᠷᠤᠨ ᠪᠠ ᠲᠡᠵᠢᠭᠡᠪᠦᠷᠢ ᠶᠢᠨ ᠦᠢᠯᠡᠰ ᠡᠷᠬᠢᠯᠡᠵᠦ ᠪᠠᠶᠢᠭ᠎ᠠ ᠬᠦᠮᠦᠰ ᠲᠡᠵᠢᠭᠡᠯ ᠪᠣᠷᠳᠤᠭ᠎ᠠ ᠪᠠᠨ ᠢᠯᠡᠭᠦᠬᠡᠨ ᠨᠥᠭᠡᠴᠡᠯᠡᠭᠡᠷᠡᠢ᠃      ⒌ ᠫᠧᠩ ᠬᠤᠷᠤᠭ᠎ᠠ ᠪᠠᠨ ᠰᠠᠶᠢᠲᠤᠷ ᠪᠠᠬᠢᠯᠡᠵᠦ ᠴᠠᠰᠤᠨ ᠳᠤ ᠳᠠᠷᠤᠭᠳᠠᠬᠤ ᠠᠴᠠ ᠬᠢᠴᠢᠶᠡᠭᠡᠷᠡᠢ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ