ᠡᠨᠡ 5 ᠵᠦᠢᠯ ᠤᠨ ᠴᠠᠢ ᠶᠢ ᠬᠠᠮᠤᠭ ᠰᠠᠶᠢᠨ ᠨᠢ ᠪᠢᠳᠡᠭᠡᠢ ᠤᠤᠭᠤ
ᠨᠡᠶᠢᠲᠡᠯᠡᠭᠰᠡᠨ ᠴᠠᠭ᠄
2024/1/24
      ︽ᠳᠤᠮᠳᠠᠳᠤ  ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠭᠯᠡᠭᠦᠷ ︵2022 ᠣᠨ ᠤ ᠬᠡᠪᠯᠡᠯ︶︾ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠰᠤᠷᠪᠤᠯᠵᠢ ᠪᠢᠴᠢᠭ ᠤᠨ ᠲᠤᠭ᠎ᠠ ᠪᠠᠷᠢᠮᠲᠠ ᠶᠢ ᠰᠢᠰᠲ᠋ᠧᠮ ᠲᠠᠢ‌ᠡᠮᠬᠢᠯᠡᠵᠦ᠂ ᠡᠲᠡᠭᠡᠷ ᠰᠤᠷᠪᠤᠯᠵᠢ ᠪᠢᠴᠢᠭ ᠢ ᠬᠠᠷᠢᠴᠠᠭᠤᠯᠤᠨ ᠵᠠᠳᠠᠯᠬᠤ ᠪᠠᠷ ᠳᠡᠮᠵᠢᠨ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠭᠡᠷᠡᠴᠢ ᠪᠠᠷᠢᠮᠲᠠ ᠶᠢ ᠡᠷᠢᠵᠦ ᠣᠯᠤᠭᠠᠳ ᠦᠷᠭᠦᠯᠵᠢ ᠴᠠᠶ ᠤᠤᠭᠤᠪᠠᠯ  ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ ᠲᠦᠭᠰᠢᠭᠦᠷᠢ ᠶᠢ ᠪᠠᠭᠤᠷᠠᠭᠤᠯᠵᠤ ᠴᠢᠳᠠᠨ᠎ᠠ ᠭᠡᠳᠡᠭ ᠢ ᠣᠯᠵᠤ ᠮᠡᠳᠡᠵᠡᠶ᠃      ᠨᠥᠭᠦᠭᠡ ᠨᠢᠭᠡ ᠵᠦᠢᠯ ᠤᠨ ᠴᠤᠭᠯᠠᠷᠠᠯ ᠵᠠᠳᠠᠯᠤᠯᠲᠠ ᠠᠴᠠ ᠦᠵᠡᠪᠡᠯ᠂ ᠡᠳᠦᠷ ᠪᠦᠷᠢ ᠨᠢᠭᠡ ᠴᠣᠮᠣ ᠴᠠᠶ ᠤᠤᠭᠤᠪᠠᠯ᠂ ᠳᠠᠷᠤᠶ ᠡᠳᠦᠷ ᠪᠦᠷᠢ 200 ᠮᠢᠯᠢᠯᠢᠲᠷ ᠣᠷᠴᠢᠮ ᠴᠠᠶ ᠤᠤᠭᠤᠪᠠᠯ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠬᠦ ᠲᠦᠭᠰᠢᠭᠦᠷᠢ ᠶᠢ 4 % ᠪᠠᠭᠤᠷᠠᠭᠤᠯᠬᠤ ᠪᠣᠯᠤᠨ᠎ᠠ᠃ ᠡᠭᠦᠨ ᠠᠴᠠ ᠭᠠᠳᠠᠨ᠎ᠠ᠂ ᠡᠳᠦᠷ ᠪᠦᠷᠢ ᠴᠠᠶ ᠤᠤᠭᠤᠪᠠᠯ 2 ᠳ᠋ᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠬᠤ ᠪᠠᠷ ᠪᠠᠷᠠᠬᠤ ᠥᠬᠡᠶ᠂ ᠪᠠᠰᠠ ᠬᠤᠳᠣᠭᠤᠳᠣᠨ ᠥᠮᠡᠨ ᠤ ᠡᠪᠡᠳᠴᠢᠯᠡᠬᠦ ᠲᠦᠭᠰᠢᠭᠦᠷᠢ ᠶᠢ ᠪᠠᠭᠤᠷᠠᠭᠤᠯᠬᠤ ᠪᠣᠯᠤᠨ᠎ᠠ᠃      ᠡᠨᠡ 5 ᠵᠦᠢᠯ ᠤᠨ ᠴᠠᠢ ᠶᠢ ᠤᠤᠭᠤᠬᠤ ᠶᠢ ᠰᠠᠨᠠᠭᠠᠴᠢᠯᠠᠬᠤ ᠦᠭᠡᠢ      1. ᠥᠳᠬᠡᠨ ᠴᠠᠢ      ᠲᠡᠮᠦᠷᠲᠦ ᠴᠢᠰᠤ ᠳᠤᠲᠠᠬᠤ ᠡᠪᠡᠳᠴᠢᠲᠡᠨ ᠨᠢ ᠥᠳᠬᠡᠨ ᠴᠠᠢ ᠶᠢ ᠪᠠᠭ᠎ᠠ ᠤᠤᠭᠤᠭᠠᠷᠠᠢ᠂ ᠥᠳᠬᠡᠨ ᠴᠠᠢ ᠤᠨᠲᠠᠬᠤ ᠶᠢ ᠨᠥᠯᠥᠭᠡᠯᠡᠨ᠎ᠡ᠂ ᠴᠠᠢ ᠤᠤᠭᠤᠬᠤ ᠴᠠᠭ ᠪᠠ ᠬᠡᠮᠵᠢᠶ᠎ᠡ ᠪᠠᠨ ᠴᠤ ᠠᠩᠬᠠᠷᠬᠤ ᠬᠡᠷᠡᠭᠲᠡᠢ᠃      2. ᠸᠠᠯᠠᠭᠰᠠᠨ ᠴᠠᠶ      ᠸᠠᠯᠠᠭᠰᠠᠨ ᠴᠠᠢ ᠶᠢ ᠤᠤᠭᠤᠪᠠᠯ ᠬᠥᠩᠭᠡᠨ ᠦᠶ᠎ᠡ ᠳᠤ ᠰᠠᠭᠤᠯᠭᠠᠬᠤ ᠵᠡᠷᠭᠡ ᠢᠳᠡᠭᠡᠨ ᠳᠤ ᠬᠤᠣᠷᠳᠠᠭᠳᠠᠬᠤ ᠰᠢᠨᠵᠢ ᠪᠠᠶᠢᠳᠠᠯ ᠭᠠᠷᠴᠤ᠂ ᠬᠦᠨᠳᠦ ᠦᠶ᠎ᠡ ᠳᠤ ᠡᠯᠢᠭᠡ᠂ ᠪᠥᠭᠡᠷ᠎ᠡ ᠵᠡᠷᠭᠡ ᠴᠢᠬᠤᠯᠠ ᠡᠷᠬᠡᠲᠡᠨ ᠤ ᠡᠪᠡᠳᠴᠢᠨ ᠤ ᠬᠤᠪᠢᠷᠠᠯᠲᠠ ᠶᠢ ᠡᠭᠦᠰᠭᠡᠵᠦ ᠮᠡᠳᠡᠨ᠎ᠡ᠃      3. ᠦᠨᠦᠷᠳᠦ ᠴᠠᠶ      ᠡᠨᠡ ᠴᠠᠶ ᠳᠤ ᠲᠧᠷᠫᠧᠨ ᠤ ᠲᠥᠷᠥᠯ ᠤᠨ ᠪᠣᠳᠠᠰ ᠠᠭᠤᠯᠤᠭᠳᠠᠵᠤ᠂ ᠪᠦᠲᠦᠴᠡ ᠨᠢ ᠣᠯᠠᠨ ᠰᠦᠪᠡ ᠲᠠᠢ ᠪᠠᠶᠢᠳᠠᠭ ᠪᠦᠭᠡᠳ ᠮᠠᠰᠢ ᠠᠮᠠᠷᠬᠠᠨ ᠢᠶᠠᠷ ᠰᠣᠨᠢᠨ ᠦᠨᠦᠷ ᠢ ᠰᠢᠩᠭᠡᠭᠡᠨ ᠠᠪᠳᠠᠭ᠂ ᠲᠡᠭᠦᠨ ᠢ ᠪᠤᠰᠤᠳ ᠦᠨᠦᠷᠳᠦ ᠶᠠᠭᠤᠮ᠎ᠠ ᠲᠠᠢ ᠨᠢᠭᠡ ᠬᠡᠰᠡᠭ ᠬᠤᠭᠤᠴᠠᠭ᠎ᠠ ᠲᠠᠯᠪᠢᠭᠰᠠᠨ ᠤ ᠳᠠᠷᠠᠭ᠎ᠠ ᠮᠠᠰᠢ ᠠᠮᠠᠷᠬᠠᠨ ᠠᠮᠲᠠ ᠨᠢ ᠬᠤᠪᠢᠷᠠᠳᠠᠭ᠃ ᠵᠠᠷᠢᠮ ᠠᠮᠳ᠋ᠨ ᠳᠤᠨᠢ ᠬᠤᠣᠷᠲᠤ ᠡᠳ᠋ ᠠᠭᠤᠯᠵᠤ ᠪᠠᠶᠢᠳᠠᠭ᠂ ᠵᠢᠱᠢᠶᠡᠯᠡᠪᠡᠯ ᠰᠢᠷ ᠤᠨ ᠦᠨᠦᠷ ᠵᠡᠷᠭᠡ ᠨᠢ ᠬᠥᠮᠦᠨ ᠤ ᠪᠡᠶ᠎ᠡ ᠳᠤ ᠬᠤᠣᠷ ᠬᠥᠨᠥᠭᠡᠯ ᠤᠴᠠᠷᠠᠭᠤᠯᠳᠠᠭ᠃      4. ᠤᠳᠠᠭᠠᠨ ᠪᠦᠷᠢᠬᠦ ᠴᠠᠢ      ᠪᠦᠷᠢᠬᠦ ᠴᠠᠭ ᠨᠢ ᠬᠡᠲᠦ ᠣᠷᠳᠣ ᠪᠤᠯᠪᠠᠯ ᠴᠠᠶ ᠶᠢᠨ ᠥᠩᠭᠡ ᠨᠢ ᠪᠦᠳᠡᠭᠢ᠂ ᠠᠮᠲᠠ ᠨᠢ ᠠᠨᠠᠶ ᠪᠤᠯᠵᠤ᠂ ᠠᠮᠲᠠᠯᠠᠬᠤ ᠦᠨ᠎ᠡ ᠥᠷᠲᠡᠭ ᠢᠶᠠᠨ ᠠᠯᠳᠠᠬᠤ ᠪᠠᠷ ᠪᠠᠷᠠᠬᠤ ᠥᠬᠡᠶ᠂ ᠪᠠᠰᠠ ᠴᠠᠶ ᠳᠣᠲᠣᠷᠠᠬᠢ ᠸᠢᠲ᠋ᠠᠮᠢᠨ ᠵᠡᠷᠭᠡ ᠨᠢ ᠢᠰᠦᠯᠳᠦᠭᠰᠡᠨ ᠠᠴᠠ ᠪᠣᠯᠵᠣ ᠪᠠᠭᠠᠰᠴᠤ᠂ ᠴᠠᠶ ᠶᠢᠨ ᠰᠢᠮ᠎ᠡ ᠲᠡᠵᠢᠭᠡᠯ ᠢ ᠶᠡᠭᠡ ᠪᠠᠷ ᠪᠠᠭᠤᠷᠠᠭᠤᠯᠳᠠᠭ᠃      5. ᠬᠡᠲᠦ ᠬᠠᠯᠠᠭᠤᠨ ᠴᠠᠶ      ᠴᠠᠶ ᠪᠦᠷᠢᠬᠦ ᠤᠰᠤᠨ ᠤ ᠬᠠᠯᠠᠭᠤᠨ ᠨᠢ ᠶᠡᠷᠦ ᠳᠡᠭᠡᠨ 80℃~90℃ ᠪᠤᠶᠤ ᠵᠠᠷᠢᠮ ᠳᠠᠭᠠᠨ ᠪᠠᠰᠠ 100 °C ᠪᠠᠶᠢᠳᠠᠭ᠂ ᠡᠶᠢᠮᠦ ᠠᠴᠠ ᠴᠠᠢ ᠶᠢ ᠬᠡᠲᠦ ᠬᠠᠯᠠᠭᠤᠨ ᠦᠶ᠎ᠡ ᠳᠤ ᠤᠤᠭᠤᠵᠤ ᠪᠣᠯᠬᠤ ᠥᠬᠡᠶ᠂ ᠡᠰᠡ ᠲᠡᠭᠡᠪᠡᠯ ᠠᠮᠠᠨ ᠤ ᠬᠥᠨᠳᠡᠶ ᠪᠣᠯᠤᠨ ᠤᠯᠠᠭᠠᠨ ᠬᠤᠭᠤᠯᠠᠶ ᠶᠢᠨ ᠰᠠᠯᠢᠰᠤᠲᠤ ᠪᠦᠷᠬᠦᠪᠴᠢ ᠶᠢ ᠬᠠᠯᠠᠭᠠᠵᠤ᠂ ᠰᠢᠷᠬᠠᠯᠠᠭ᠎ᠠ ᠡᠭᠦᠰᠭᠡᠵᠦ᠂ ᠤᠳᠠᠭᠠᠨ ᠳᠠᠭᠠᠨ ᠠᠮᠠᠨ ᠬᠥᠨᠳᠡᠶ ᠶᠢᠨ ᠥᠮᠡᠨ᠂ ᠤᠯᠠᠭᠠᠨ ᠬᠤᠭᠤᠯᠠᠶ ᠶᠢᠨ ᠥᠮᠡᠨ ᠢ ᠡᠭᠦᠰᠭᠡᠵᠦ ᠮᠡᠳᠡᠨ᠎ᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ