﹇2024 ᠣᠨ ᠤ ᠨᠢᠭᠡᠳᠦᠭᠡᠷ ᠬᠤᠭᠤᠴᠠᠭ᠎ᠠ﹈ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ︽ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠠᠮᠤᠷ ᠲᠦᠪᠰᠢᠨ ᠤ ᠳᠠᠯᠳᠠ ᠭᠡᠮ ᠢ ᠲᠤᠰᠬᠠᠢ ᠵᠢᠭᠰᠠᠭᠠᠨ ᠪᠠᠶᠢᠴᠠᠭᠠᠬᠤ ᠵᠢᠴᠢ ︽ᠴᠠᠭᠠᠨ ᠰᠠᠷ᠎ᠠ︾ ︽ᠠᠷᠪᠠᠨ ᠳᠦᠷᠪᠡᠳᠦᠭᠡᠷ ᠤᠳᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾
ᠨᠡᠶᠢᠲᠡᠯᠡᠭᠰᠡᠨ ᠴᠠᠭ᠄
2024/1/26
ᠡᠯ᠎ᠡ ᠬᠠᠤᠯᠢ ᠴᠠᠭᠠᠵᠠ ᠶᠢᠨ ᠭᠠᠵᠠᠷ ᠲᠤ᠄      ᠳᠡᠭᠡᠳᠦ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠨ᠂ ︽ᠴᠠᠭᠠᠨ ᠰᠠᠷ᠎ᠠ︾᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ᠣᠳᠤ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠤᠨ ᠴᠢᠬᠤᠯᠠ ᠴᠢᠨᠠᠷᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠠᠮᠤᠷ ᠲᠦᠪᠰᠢᠨ ᠤ ᠳᠠᠯᠳᠠ ᠭᠡᠮ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠬᠠᠤᠯᠢ ᠴᠠᠭᠠᠵᠠ ᠶᠢᠨ ᠲᠥᠪ ᠭᠤᠣᠯᠴᠢ ᠰᠢᠳᠤᠷᠭᠤ ᠶᠣᠰᠣ ᠲᠠᠢ ᠬᠤᠯᠪᠣᠭᠳᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠰᠢᠭᠤᠳ ᠨᠥᠯᠥᠭᠡᠯᠡᠵᠦ ᠪᠠᠶᠢᠨ᠎ᠠ᠃ ᠡᠯ᠎ᠡ ᠬᠠᠤᠯᠢ ᠴᠠᠭᠠᠵᠠ ᠶᠢᠨ ᠭᠠᠵᠠᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠮᠤᠷ ᠲᠦᠪᠰᠢᠨ ᠤ ᠬᠡᠮ ᠰᠣᠭᠤᠭ ᠢ ᠲᠤᠰᠬᠠᠢ ᠵᠢᠭᠰᠠᠭᠠᠨ ᠪᠠᠶᠢᠴᠠᠭᠠᠬᠤ ᠶᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠵᠦ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠤᠨ ᠬᠦᠨᠳᠦ ᠶᠡᠭᠡ ᠬᠡᠷᠡᠭ ᠡᠭᠦᠰᠬᠦ ᠶᠢ ᠡᠷᠡᠰ ᠰᠡᠷᠭᠡᠶᠢᠯᠡᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃      ᠬᠤᠶᠠᠷ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠭᠤᠣᠯ ᠠᠭᠤᠯᠭ᠎ᠠ      1. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠨᠢ ᠦᠨᠡᠨ ᠰᠡᠳᠬᠢᠯ ᠠᠴᠠ ᠪᠠᠨ ᠶᠠᠯ᠎ᠠ ᠪᠠᠨ ᠮᠡᠳᠡᠷᠡᠭᠰᠡᠨ ᠡᠰᠡᠬᠦ ᠶᠢ ᠵᠢᠭᠰᠠᠭᠠᠨ ᠪᠠᠶᠢᠴᠠᠭᠠᠨ᠎ᠠ᠃ ᠠᠮᠠ ᠪᠠᠷ ᠢᠯᠡᠳᠭᠡᠬᠦ᠂ ᠪᠢᠴᠢᠭ ᠢᠶᠠᠷ ᠭᠠᠷ ᠤᠨ ᠦᠰᠦᠭ ᠵᠢᠷᠤᠬᠤ ᠪᠠᠷ ᠪᠠᠷᠠᠬᠤ ᠦᠭᠡᠢ ᠪᠠᠰᠠ ᠪᠣᠳᠠᠲᠠᠢ ᠠᠵᠢᠯᠯᠠᠭ᠎ᠠ ᠶᠢ ᠨᠢ ᠦᠵᠡᠬᠦ ᠬᠡᠷᠡᠭᠲᠡᠢ᠃ ᠠᠮᠠ ᠪᠠᠷ ᠢᠯᠡᠳᠬᠡᠭᠰᠡᠨ᠂ ᠪᠢᠴᠢᠭ ᠢᠶᠠᠷ ᠭᠠᠷ ᠤᠨ ᠦᠰᠦᠭ ᠵᠢᠷᠤᠭᠰᠠᠨ ᠴᠤ ᠭᠦᠢᠴᠡᠳᠬᠡᠬᠦ ᠦᠭᠡᠢ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃      2. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠨᠢ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠲᠡᠭᠦᠨ ᠢ ᠨᠡᠶᠢᠭᠡᠮ ᠲᠣᠭᠤᠷᠢᠭ ᠠᠴᠠ ᠵᠠᠰᠠᠨ ᠬᠦᠮᠦᠵᠢᠭᠦᠯᠬᠦ ᠳᠤ ᠲᠣᠬᠢᠷᠠᠬᠤ ᠡᠰᠡᠬᠦ ᠶᠢ ᠢᠯᠭᠠᠨ ᠲᠠᠨᠢᠬᠤ ᠡᠰᠡᠬᠦ᠂ ᠨᠡᠶᠢᠭᠡᠮ ᠲᠣᠭᠤᠷᠢᠭ ᠠᠴᠠ ᠵᠠᠰᠠᠨ ᠬᠦᠮᠦᠵᠢᠭᠦᠯᠬᠦ ᠪᠣᠯ ᠶᠠᠯᠠᠲᠤ ᠠᠵᠢᠯᠯᠠᠭ᠎ᠠ ᠶᠢ ᠠᠭᠤᠴᠢᠯᠠᠨ ᠰᠢᠢᠳᠪᠦᠷᠢᠯᠡᠬᠦ ᠶᠠᠪᠤᠳᠠᠯ ᠮᠥᠨ ᠭᠡᠳᠡᠭ ᠢ ᠲᠠᠨᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃      3. ᠨᠡᠶᠢᠭᠡᠮ ᠲᠣᠭᠤᠷᠢᠭ ᠤᠨ ᠵᠠᠰᠠᠨ ᠬᠥᠮᠥᠵᠢᠭᠦᠯᠬᠦ ᠡᠲᠡᠭᠡᠳ ᠤᠨ ᠰᠡᠳᠬᠢᠯ ᠤᠨ ᠡᠭᠡᠳᠡᠷᠡᠯ ᠢ ᠠᠷᠢᠯᠭᠠᠭᠰᠠᠨ ᠡᠰᠡᠬᠦ᠂ ᠬᠤᠣᠷ ᠠᠮᠰᠠᠭᠴᠢ ᠶᠢᠨ ᠬᠤᠬᠢᠷᠠᠯ ᠢ ᠰᠠᠨᠠᠭᠠᠴᠢᠯᠠᠭ᠎ᠠ ᠠᠴᠠ ᠪᠠᠨ ᠲᠦᠯᠦᠵᠦ ᠴᠢᠳᠠᠭᠰᠠᠨ ᠡᠰᠡᠬᠦ᠂ ᠨᠡᠶᠢᠭᠡᠮ ᠤᠨ ᠬᠠᠷᠢᠴᠠᠭ᠎ᠠ ᠶᠢ ᠰᠠᠨᠠᠭᠠᠴᠢᠯᠠᠭ᠎ᠠ ᠠᠴᠠ ᠪᠠᠨ ᠵᠠᠰᠠᠨ ᠰᠡᠷᠭᠦᠭᠡᠭᠰᠡᠨ ᠡᠰᠡᠬᠦ ᠶᠢ ᠵᠢᠭᠰᠠᠭᠠᠨ ᠪᠠᠶᠢᠴᠠᠭᠠᠨ᠎ᠠ᠃      4. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠨᠢ ᠬᠤᠬᠢᠷᠠᠯ ᠠᠮᠰᠠᠭᠴᠢ ᠠᠴᠠ ᠵᠢᠩᠬᠢᠨᠢ ᠠᠭᠤᠴᠢᠯᠠᠯ ᠬᠦᠯᠢᠶᠡᠭᠰᠡᠨ ᠡᠰᠡᠬᠦ᠂ ᠬᠤᠶᠠᠷ ᠲᠠᠯ᠎ᠠ ᠶᠢᠨ ᠵᠥᠷᠢᠴᠡᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃      5. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ᠬᠡᠷ ᠪᠦᠯᠢ ᠶᠢᠨ ᠡᠭᠦᠷᠭᠡᠯᠡᠯ ᠬᠦᠨᠳᠦ᠂ ᠠᠮᠢᠳᠤᠷᠠᠯ ᠬᠦᠴᠢᠷᠳᠡᠯᠲᠡᠢ ᠠᠰᠠᠭᠤᠳᠠᠯ ᠣᠷᠣᠰᠢᠵᠤ ᠪᠠᠶᠢᠬᠤ ᠡᠰᠡᠬᠦ᠂ ᠲᠥᠯᠥᠪᠦᠷᠢ ᠵᠡᠷᠭᠡ ᠠᠴᠠ ᠪᠤᠯᠵᠤ ᠠᠵᠤ ᠠᠬᠤᠶ ᠶᠢᠨ ᠬᠦᠴᠢᠷᠳᠡᠯ ᠲᠠᠢ ᠪᠤᠯᠤᠭᠰᠠᠨ ᠪᠠᠶᠢᠳᠠᠯ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃      6. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ᠬᠡᠷ ᠪᠦᠯᠢ ᠶᠢᠨ ᠬᠦᠨᠳᠦ ᠶᠡᠭᠡ ᠬᠤᠪᠢᠷᠠᠯᠲᠠ ᠭᠠᠷᠤᠭᠰᠠᠨ ᠡᠰᠡᠬᠦ ᠶᠢ ᠨᠠᠷᠢᠪᠴᠢᠯᠠᠨ ᠪᠠᠶᠢᠴᠠᠭᠠᠨ᠎ᠠ᠃      7. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ᠬᠠᠶᠢᠷ᠎ᠠ ᠰᠡᠳᠬᠢᠯᠭᠡ ᠶᠢᠨ ᠵᠥᠷᠢᠴᠡᠯ ᠲᠠᠢ᠂ ᠠᠵᠤ ᠠᠬᠤᠢ ᠶᠢᠨ ᠵᠢᠭᠤᠷᠠᠯᠳᠤᠭᠠᠨ᠂ ᠠᠮᠢᠳᠤᠷᠠᠯ ᠤᠨ ᠢᠷᠡᠯᠳᠡ ᠦᠭᠡᠢ᠂ ᠠᠵᠢᠯ ᠣᠯᠬᠤ ᠠᠷᠭ᠎ᠠ ᠵᠠᠮ ᠦᠭᠡᠢ᠂ ᠪᠡᠶ᠎ᠡ ᠮᠠᠬᠠᠪᠣᠳ ᠨᠢ ᠬᠦᠨᠳᠦ ᠡᠪᠡᠳᠴᠢᠨ ᠲᠠᠢ᠂ ᠵᠣᠷᠢᠭ ᠰᠠᠨᠠᠭ᠎ᠠ ᠨᠢ ᠬᠡᠪ ᠤᠨ ᠪᠤᠰᠤ᠂ ᠵᠠᠩ ᠠᠭᠠᠰᠢ ᠨᠢ ᠮᠣᠵᠢᠭᠤᠳᠠ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃      8. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠬᠥᠮᠦᠵᠢᠯ ᠰᠤᠷᠤᠯᠴᠠᠯᠭ᠎ᠠ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠭᠰᠠᠨ ᠡᠰᠡᠬᠦ ᠶᠢ ᠵᠢᠭᠰᠠᠭᠠᠨ ᠪᠠᠶᠢᠴᠠᠭᠠᠨ᠎ᠠ᠃      9. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ᠭᠠᠳᠠᠭᠰᠢ ᠭᠠᠷᠬᠤ ᠳᠠᠭᠠᠨ ᠴᠢᠯᠥᠭᠡ ᠭᠤᠶᠤᠴᠢᠯᠠᠬᠤ ᠥᠬᠡᠶ᠂ ᠲᠣᠭᠲᠠᠭᠠᠯ ᠶᠣᠰᠣᠭᠠᠷ ᠮᠡᠳᠡᠭᠦᠯᠬᠦ ᠥᠬᠡᠶ᠂ ᠴᠠᠭᠠᠵᠠᠯᠠᠬᠤ ᠵᠠᠷᠯᠢᠭ ᠢ ᠵᠢᠷᠤᠮᠯᠠᠬᠤ ᠥᠬᠡᠶ ᠵᠡᠷᠭᠡ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃      10. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ︽ᠬᠤᠷᠢᠬᠤ ᠶᠣᠰᠣᠲᠠᠶ ᠭᠢᠨᠳᠠᠨ ᠳᠤ ᠬᠤᠷᠢᠭᠰᠠᠨ ᠥᠬᠡᠶ︾᠂ ︽ᠬᠡᠷᠡᠭᠵᠢᠭᠦᠯᠬᠦ ᠶᠣᠰᠣᠲᠠᠶ ᠪᠠᠶᠢᠲᠠᠯ᠎ᠠ ᠭᠦᠢᠴᠡᠳᠬᠡᠭᠰᠡᠨ ᠥᠬᠡᠶ︾᠂ ᠬᠠᠮᠢᠶᠠᠷᠤᠯᠲᠠ ᠠᠴᠠ ᠮᠤᠯᠲᠤᠷᠠᠨ ᠭᠤᠭᠤᠵᠢᠭᠳᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃      11. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ᠣᠯᠠᠨ ᠲᠦᠮᠡᠨ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠤᠰᠬᠠᠭᠰᠠᠨ ᠠᠮᠤᠷ ᠲᠦᠪᠰᠢᠨ ᠤ ᠳᠠᠯᠳᠠ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠨ᠎ᠠ᠃      12. ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠠᠵᠢᠯᠲᠠᠨ ᠳᠤ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠡᠰᠡᠬᠦ᠂ ᠬᠠᠤᠯᠢ ᠬᠡᠷᠡᠭᠵᠢᠭᠦᠯᠦᠭᠰᠡᠨ ᠨᠢ ᠭᠤᠣᠯᠴᠢ ᠪᠤᠰᠤ᠂ ᠠᠵᠢᠯ ᠨᠢ ᠪᠣᠳᠠᠲᠠᠢ ᠪᠢᠰᠢ ᠨᠠᠷᠢᠯᠢᠭ ᠪᠤᠰᠤ ᠵᠡᠷᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠠᠰᠠᠭᠤᠳᠠᠯ ᠢ ᠵᠢᠭᠰᠠᠭᠠᠨ ᠪᠠᠶᠢᠴᠠᠭᠠᠨ᠎ᠠ᠃      ᠭᠤᠷᠪᠠ᠂ ᠠᠮᠤᠷ ᠲᠦᠪᠰᠢᠨ ᠤ ᠳᠠᠯᠳᠠ ᠭᠡᠮ ᠢ ᠦᠨᠡᠨᠬᠦ ᠠᠷᠢᠯᠭᠠᠵᠤ ᠴᠡᠭᠴᠡᠯᠡᠨ ᠵᠠᠰᠠᠬᠤ ᠬᠡᠷᠡᠭᠲᠡᠶ      ︵ᠨᠢᠭᠡ︶ ᠦᠵᠡᠯ ᠰᠠᠨᠠᠭᠠᠨ ᠤ ᠬᠦᠮᠦᠵᠢᠯ ᠢ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠦᠮᠦᠵᠢᠯ ᠢ ᠶᠡᠬᠡᠪᠡᠷ ᠦᠷᠨᠢᠭᠦᠯᠵᠦ᠂ ᠶᠤᠰᠤ ᠮᠤᠷᠠᠯ ᠤᠨ ᠬᠦᠮᠦᠵᠢᠯ ᠪᠠ ᠬᠠᠤᠯᠢ ᠪᠠᠷ ᠵᠠᠰᠠᠬᠤ ᠬᠦᠮᠦᠵᠢᠯ ᠢ ᠴᠢᠩᠭᠠᠳᠬᠠᠨ᠂ ᠪᠠᠶᠢᠳᠠᠯ ᠤᠨ ᠬᠦᠮᠦᠵᠢᠯ ᠢ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠤᠨ ᠬᠦᠮᠦᠵᠢᠯ ᠢ ᠴᠢᠩᠭᠠᠳᠬᠠᠨ᠂ ᠶᠠᠯ᠎ᠠ ᠪᠠᠨ ᠮᠡᠳᠡᠷᠡᠵᠤ ᠶᠠᠯ᠎ᠠ ᠪᠠᠨ ᠭᠡᠮᠰᠢᠬᠦ ᠬᠦᠮᠦᠵᠢᠯ ᠢ ᠳᠣᠪᠣᠶᠢᠯᠭᠠᠬᠤ ᠬᠡᠷᠡᠭᠲᠡᠢ᠃      ︵ᠬᠤᠶᠠᠷ︶ ᠬᠠᠪᠰᠤᠷᠤᠨ ᠲᠡᠳᠬᠦᠬᠦ ᠠᠵᠢᠯ ᠢ ᠨᠠᠷᠢᠯᠢᠭ ᠪᠣᠳᠠᠲᠠᠶ ᠬᠢᠬᠦ ᠬᠡᠷᠡᠭᠲᠡᠶ᠃ ᠠᠮᠢᠳᠤᠷᠠᠯ ᠨᠢ ᠬᠦᠴᠢᠷᠳᠡᠯ ᠲᠠᠢ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠪᠠᠶᠢᠭᠠᠳ ᠨᠠᠭᠠᠳᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ︔ ᠠᠵᠢᠯ ᠣᠯᠵᠤ ᠰᠤᠷᠭᠠᠭᠤᠯᠢ ᠳᠤ ᠣᠷᠣᠬᠤ ᠬᠡᠷᠡᠭᠴᠡᠭᠡ ᠱᠠᠭᠠᠷᠳᠠᠯᠭ᠎ᠠ ᠲᠠᠢ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠪᠠᠶᠢᠭᠠᠳ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠪᠠ ᠠᠵᠢᠯ ᠣᠯᠵᠤ ᠰᠤᠷᠭᠠᠭᠤᠯᠢ ᠳᠤ ᠣᠷᠣᠬᠤ ᠵᠢᠯᠣᠭᠤᠳᠣᠯᠭ᠎ᠠ ᠦᠷᠨᠢᠭᠦᠯᠬᠦ ᠬᠡᠷᠡᠭᠲᠡᠢ᠃ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠤᠯᠠᠨ ᠶᠠᠩᠵᠤᠴᠢᠯᠠᠬᠤ︾ ︽ᠥᠪᠡᠷᠮᠢᠴᠡ︾ ᠬᠠᠪᠰᠤᠷᠤᠨ ᠲᠡᠳᠬᠦᠬᠦ ᠲᠥᠷᠥᠯ ᠵᠦᠢᠯ ᠢ ᠢᠳᠡᠪᠬᠢᠲᠡᠶ ᠪᠤᠢ ᠪᠣᠯᠭᠠᠵᠤ᠂ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃      ︵ᠭᠤᠷᠪᠠ︶ ᠰᠡᠳᠬᠢᠴᠡ ᠶᠢᠨ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ᠰᠡᠳᠬᠢᠴᠡ ᠶᠢᠨ ᠦᠨᠡᠯᠡᠯᠲᠡ ᠬᠢᠬᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠬᠢᠬᠦ᠂ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠬᠢᠵᠦ ᠵᠢᠭᠠᠨ ᠵᠢᠯᠣᠭᠤᠳᠴᠤ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠤᠨ ᠰᠡᠳᠬᠢᠴᠡ ᠶᠢᠨ ᠲᠥᠭᠡᠷᠢᠭᠳᠡᠯ ᠢ ᠰᠢᠢᠳᠪᠦᠷᠢᠯᠡᠬᠦ ᠬᠡᠷᠡᠭᠲᠡᠢ︔ ᠵᠢᠭᠰᠠᠭᠠᠨ ᠪᠠᠶᠢᠴᠠᠭᠠᠵᠤ ᠭᠠᠷᠭᠠᠭᠰᠠᠨ ᠦᠭᠡ ᠶᠠᠷᠢᠶ᠎ᠠ ᠦᠢᠯᠡ ᠠᠵᠢᠯᠯᠠᠭ᠎ᠠ ᠨᠢ ᠬᠡᠪ ᠤᠨ ᠪᠤᠰᠤ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠲᠤ ᠴᠠᠭ ᠲᠤᠬᠠᠶ ᠳᠤᠨᠢ ᠰᠡᠳᠬᠢᠴᠡ ᠶᠢᠨ ᠬᠢᠮᠤᠷᠠᠯ ᠤᠨ ᠬᠠᠮᠢᠶᠠᠷᠤᠯᠲᠠ ᠬᠢᠵᠦ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠤᠨ ᠳᠠᠬᠢᠨ ᠶᠠᠯ᠎ᠠ ᠬᠢᠬᠦ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃      ︵ᠲᠦᠷᠪᠡ︶ ᠬᠢᠨᠠᠨ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ ᠡᠳᠦᠷ ᠲᠤᠳᠤᠮ ᠮᠡᠳᠡᠭᠦᠯᠬᠦ᠂ ᠭᠠᠳᠠᠭᠰᠢ ᠭᠠᠷᠬᠤ ᠳᠠᠭᠠᠨ ᠴᠢᠯᠥᠭᠡ ᠭᠤᠶᠤᠬᠤ᠂ ᠭᠦᠢᠴᠡᠳᠬᠡᠬᠦ ᠭᠠᠵᠠᠷ ᠢ ᠬᠤᠪᠢᠷᠠᠭᠤᠯᠬᠤ ᠪᠠᠷ ᠬᠢᠨᠠᠨ ᠵᠥᠪᠰᠢᠶᠡᠷᠡᠭᠦᠯᠬᠦ ᠵᠡᠷᠭᠡ ᠬᠠᠮᠢᠶᠠᠷᠤᠯᠲᠠ ᠶᠢᠨ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠰᠡᠳᠬᠢᠯ ᠤᠨ ᠦᠭᠡ ᠪᠠᠨ ᠶᠠᠷᠢᠯᠴᠠᠬᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠶᠢ ᠴᠢᠩᠭᠠᠳᠬᠠᠵᠤ᠂ ᠮᠡᠳᠡᠭᠡ ᠵᠠᠩᠭᠢᠵᠢᠭᠤᠯᠤᠨ ᠬᠢᠨᠠᠨ ᠪᠠᠶᠢᠴᠠᠭᠠᠵᠤ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠠᠵᠢᠯ ᠤᠨ ᠦᠵᠡᠯ ᠰᠠᠨᠠᠭᠠᠨ ᠤ ᠪᠠᠶᠢᠳᠠᠯ ᠪᠠ ᠦᠢᠯᠡ ᠠᠵᠢᠯᠯᠠᠭ᠎ᠠ ᠶᠢᠨ ᠵᠠᠮ ᠮᠥᠷ ᠢ ᠦᠨᠡᠨᠬᠦ ᠡᠵᠡᠮᠰᠢᠵᠦ᠂ ᠬᠢᠨᠠᠯᠲᠠ ᠬᠠᠮᠢᠶᠠᠷᠤᠯᠲᠠ ᠶᠢ ᠳᠠᠭᠠᠬᠤ ᠦᠭᠡᠢ ᠪᠠᠶᠢᠪᠠᠯ᠂ ᠬᠠᠤᠯᠢ ᠶᠣᠰᠣᠭᠠᠷ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠡᠷᠡᠭᠦᠦ ᠶᠢᠨ ᠬᠡᠷᠡᠭ ᠤᠨ ᠬᠠᠤᠯᠢ ᠬᠡᠷᠡᠭᠵᠢᠭᠦᠯᠦᠯᠲᠡ ᠶᠢᠨ ᠲᠥᠪ ᠴᠢᠩᠭ᠎ᠠ ᠴᠢᠨᠠᠷ ᠢ ᠦᠨᠡᠨᠬᠦ ᠬᠠᠮᠠᠭᠠᠯᠠᠬᠤ ᠬᠡᠷᠡᠭᠲᠡᠢ᠃ ᠳᠣᠲᠣᠭᠠᠳᠤ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠ ᠨᠡᠶᠢᠭᠡᠮ ᠨᠡᠶᠢᠲᠡ ᠶᠢᠨ ᠭᠠᠳᠠᠭᠠᠳᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠲᠣᠭᠤᠷᠢᠭ ᠤᠨ ᠬᠠᠤᠯᠢ ᠬᠡᠷᠡᠭᠵᠢᠭᠦᠯᠬᠦ ᠡᠷᠬᠡ ᠶᠢ ᠬᠠᠤᠯᠢ ᠶᠣᠰᠣᠭᠠᠷ᠂ ᠢᠯᠡ ᠪᠣᠯᠭᠠᠵᠤ᠂ ᠵᠢᠷᠤᠮᠵᠢᠭᠤᠯᠤᠨ ᠠᠵᠢᠯᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠲᠠᠪᠤ︶ ᠬᠠᠥᠯᠢ ᠬᠡᠷᠡᠭᠵᠢᠭᠦᠯᠬᠦ ᠶᠢ ᠵᠤᠯᠭᠠᠭᠤᠯᠬᠤ ᠶᠢ ᠴᠢᠩᠭᠠᠳᠬᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠵᠥᠪᠯᠡᠯ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠠᠵᠢᠯ ᠤᠨ ᠬᠦᠴᠢᠷᠳᠡᠯ ᠲᠠᠢ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠢᠢᠳᠪᠦᠷᠢᠯᠡᠬᠦ ᠬᠡᠷᠡᠭᠲᠡᠢ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠭᠢᠨᠳᠠᠨ ᠵᠡᠷᠭᠡ ᠰᠠᠯᠠᠭ᠎ᠠ ᠮᠥᠴᠢᠷ ᠯᠦᠭᠡ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠨ᠂ ᠪᠠᠶᠢᠴᠠᠭᠠᠨ ᠦᠨᠡᠯᠡᠬᠦ᠂ ᠲᠤᠰᠢᠶᠠᠨ ᠭᠦᠢᠴᠡᠳᠬᠡᠯᠭᠡᠬᠦ᠂ ᠵᠠᠯᠠᠷᠠᠭᠤᠯᠭ᠎ᠠ ᠶᠢ ᠬᠦᠴᠦᠨ ᠦᠭᠡᠢ ᠪᠣᠯᠭᠠᠬᠤ᠂ ᠭᠢᠨᠳᠠᠨ ᠳᠤ ᠬᠤᠷᠢᠶᠠᠮᠵᠢᠯᠠᠨ ᠭᠦᠢᠴᠡᠳᠬᠡᠬᠦ᠂ ᠪᠠᠶᠢᠴᠠᠭᠠᠬᠤ ᠬᠢᠨᠠᠯᠲᠠ ᠲᠠᠯᠪᠢᠬᠤ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠲᠤᠷᠠᠯ ᠬᠦᠴᠦᠨ ᠢ ᠪᠦᠷᠢᠯᠳᠦᠭᠦᠯᠦᠨ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠳᠥᠷᠪᠡ᠂ ︽ᠴᠠᠭᠠᠨ ᠰᠠᠷ᠎ᠠ︾᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ      ︵ᠨᠢᠭᠡ︶ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠬᠦᠮᠦᠰ ᠤᠨ ᠬᠠᠮᠢᠶᠠᠷᠤᠯᠲᠠ ᠡᠵᠡᠮᠳᠡᠯ ᠢ ᠨᠠᠶᠢᠳᠠᠪᠤᠷᠢᠵᠢᠭᠤᠯᠬᠤ ᠬᠡᠷᠡᠭᠲᠡᠢ      ᠨᠢᠭᠡ ᠳᠤ ᠴᠠᠭᠠᠨ ᠰᠠᠷ᠎ᠠ ᠠᠴᠠ ᠡᠮᠦᠨᠡᠬᠢ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠡᠷᠦᠬᠡ ᠳᠤ ᠬᠦᠷᠴᠦ ᠰᠤᠷᠪᠤᠯᠵᠢᠯᠠᠬᠤ᠂ ᠨᠢᠭᠤᠷᠲᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠬᠤ ᠬᠡᠷᠡᠭᠲᠡᠶ᠃ ᠬᠤᠶᠠᠷ ᠲᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠤᠨ ᠠᠵᠢᠯᠯᠠᠭ᠎ᠠ ᠶᠢᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠵᠦ᠂ ᠵᠠᠭᠠᠭ ᠳᠠᠪᠠᠭᠰᠠᠨ ᠰᠡᠷᠡᠮᠵᠢ ᠶᠢᠨ ᠳᠣᠬᠢᠶ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠤᠨ ᠭᠠᠳᠠᠭᠰᠢ ᠳᠤ ᠴᠢᠯᠦᠭᠡ ᠭᠤᠶᠤᠴᠢᠯᠠᠬᠤ᠂ ᠰᠠᠭᠤᠭ᠎ᠠ ᠭᠠᠵᠠᠷ ᠢᠶᠠᠨ ᠬᠤᠪᠢᠷᠠᠭᠤᠯᠬᠤ ᠵᠢᠴᠢ ᠣᠨᠴᠠ ᠲᠣᠭᠲᠠᠭᠰᠠᠨ ᠲᠠᠯᠠᠪᠤᠷ ᠲᠤ ᠣᠷᠣᠬᠤ ᠶᠢ ᠴᠢᠩᠭ᠎ᠠ ᠬᠢᠵᠠᠭᠠᠷᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠪᠠᠶᠢᠭᠠᠳ ᠴᠠᠭᠠᠨ ᠰᠠᠷ᠎ᠠ ᠶᠢᠨ ᠬᠤᠭᠤᠴᠠᠭᠠᠨ ᠳᠤ ᠠᠮᠠᠷᠬᠠᠨ ᠡᠭᠦᠰᠬᠦ ᠣᠯᠠᠭᠤᠯᠠ ᠨᠡᠶᠢᠯᠡᠵᠦ ᠵᠣᠭᠤᠰ ᠨᠠᠭᠠᠳᠬᠤ᠂ ᠠᠷᠢᠬᠢᠨ ᠳᠤ ᠰᠢᠨᠤᠵᠦ ᠬᠡᠷᠡᠭ ᠰᠡᠳᠦᠬᠦ ᠵᠡᠷᠭᠡ ᠪᠠᠶᠢᠳᠠᠯ ᠠᠴᠠ ᠵᠠᠶᠢᠯᠠᠰᠬᠢᠬᠦ ᠬᠡᠷᠡᠭᠲᠡᠶ᠃ ᠭᠤᠷᠪᠠ ᠳᠤ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠲᠡᠢ᠃ ᠬᠤᠯᠠᠭᠠᠶᠢᠯᠠᠭᠰᠠᠨ ᠶᠠᠯ᠎ᠠ᠂ ᠬᠡᠷᠡᠭ ᠦᠳᠦᠭᠡᠵᠦ ᠶᠠᠯ᠎ᠠ ᠬᠢᠭᠰᠡᠨ᠂ ᠵᠣᠷᠢᠭᠤᠳᠠ ᠭᠡᠮᠲᠦᠭᠡᠭᠰᠡᠨ ᠶᠠᠯ᠎ᠠ᠂ ᠭᠠᠯ ᠲᠠᠯᠪᠢᠭᠰᠠᠨ ᠶᠠᠯ᠎ᠠ᠂ ᠵᠣᠷᠢᠭᠤᠳᠠ ᠬᠤᠣᠷ ᠲᠠᠲᠠᠬᠰᠠᠨ᠂ ᠬᠡᠷᠡᠭ ᠲᠤ ᠬᠤᠯᠪᠣᠭᠳᠠᠭᠰᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ᠂ ᠵᠠᠬᠢᠳᠠᠯ ᠰᠤᠷᠪᠤᠯᠵᠢᠯᠠᠭ᠎ᠠ ᠳᠤ ᠬᠤᠯᠪᠣᠭᠳᠠᠭᠰᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ᠂ ᠫᠤᠤ ᠵᠡᠪᠰᠡᠭ ᠲᠤ ᠬᠤᠯᠪᠣᠭᠳᠠᠭᠰᠠᠨ᠂ ᠳᠡᠯᠪᠡᠷᠡᠯᠲᠡ ᠳᠤ ᠬᠤᠯᠪᠣᠭᠳᠠᠭᠰᠠᠨ ᠵᠡᠷᠭᠡ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠯᠠᠪᠤᠷ ᠲᠤ ᠣᠷᠣᠭᠤᠯᠬᠤ ᠶᠢ ᠴᠠᠭᠠᠵᠠᠯᠠᠬᠤ ᠶᠢᠨ ᠬᠠᠮᠲᠤ᠂ ᠳᠡᠭᠡᠷ᠎ᠡ ᠳᠤᠷᠠᠳᠤᠭᠰᠠᠨ ᠶᠠᠯᠠᠲᠤ ᠠᠵᠢᠯᠯᠠᠭ᠎ᠠ ᠶᠢᠨ ᠲᠥᠷᠥᠯ ᠬᠡᠯᠪᠡᠷᠢ ᠶᠢᠨ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠶᠠᠷ ᠡᠳᠦᠷ ᠪᠦᠷᠢ ᠨᠢᠭᠤᠷᠳᠠᠬᠤ ᠪᠤᠶᠤ ᠸᠢᠳᠢᠤ᠋ ᠪᠠᠷ ᠶᠠᠷᠢᠯᠴᠠᠬᠤ ᠬᠢᠨᠠᠨ ᠬᠠᠮᠢᠶᠠᠷᠤᠯᠲᠠ ᠬᠢᠵᠦ᠂ ᠴᠢᠬᠤᠯᠠ ᠶᠡᠭᠡ ᠵᠠᠩᠭᠢᠯᠠᠭ᠎ᠠ ᠶᠢᠨ ᠴᠡᠭ ᠤᠨ ᠠᠵᠢᠯᠲᠠᠨ ᠤ ᠬᠠᠮᠢᠶᠠᠷᠤᠨ ᠡᠵᠡᠮᠳᠡᠬᠦ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠰᠠᠶᠢᠲᠤᠷ ᠬᠢᠬᠦ ᠬᠡᠷᠡᠭᠲᠡᠢ      ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠬᠦᠨᠳᠦ ᠶᠡᠭᠡ ᠬᠡᠷᠡᠭ ᠪᠠ ᠴᠤᠬᠤᠶᠢᠯᠲᠠ ᠶᠢᠨ ᠴᠢᠨᠠᠷᠲᠠᠶ ᠳᠠᠯᠳᠠ ᠭᠡᠮ ᠢ ᠣᠯᠵᠤ ᠮᠡᠳᠡᠪᠡᠯ᠂ ᠴᠠᠭ ᠲᠤᠬᠠᠶ ᠳᠤᠨᠢ ᠰᠡᠷᠡᠮᠵᠢᠯᠡᠭᠦᠯᠦᠨ᠂ ᠡᠷᠲᠡ ᠠᠴᠠ ᠣᠯᠵᠤ ᠮᠡᠳᠡᠵᠦ᠂ ᠴᠠᠭ ᠲᠤᠬᠠᠶ ᠳᠤᠨᠢ ᠬᠢᠵᠠᠭᠠᠷᠯᠠᠨ᠂ ᠲᠣᠬᠢᠲᠠᠶ ᠰᠢᠢᠳᠪᠦᠷᠢᠯᠡᠬᠦ ᠬᠡᠷᠡᠭᠲᠡᠶ᠃ ᠡᠯ᠎ᠡ ᠬᠠᠤᠯᠢ ᠴᠠᠭᠠᠵᠠ ᠶᠢᠨ ᠰᠠᠯᠪᠣᠷᠢ ᠴᠢᠬᠤᠯᠠ ᠵᠠᠩᠭᠢᠯᠠᠭ᠎ᠠ ᠶᠢᠨ ᠴᠡᠭ ᠤᠨ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠡᠲᠡᠭᠡᠳ ᠤᠨ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠷᠢᠬᠢ ᠤᠤᠭᠤᠵᠤ ᠬᠡᠷᠡᠭ ᠡᠳᠦᠬᠦ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ᠂ ᠬᠡᠷᠡᠭ ᠭᠠᠷᠭᠠᠬᠤ᠂ ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷᠲᠤ ᠡᠳ᠋ ᠫᠠᠨᠽᠠᠯᠠᠬᠤ ᠠᠵᠢᠯᠯᠠᠭ᠎ᠠ ᠳᠤ ᠣᠷᠣᠯᠴᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠬᠤ᠂ ᠫᠤᠤ ᠵᠡᠪᠰᠡᠭ ᠲᠤ ᠬᠤᠯᠪᠣᠭᠳᠠᠬᠤ ᠶᠠᠮᠠᠷᠪᠠ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠯ᠎ᠡ ᠬᠠᠤᠯᠢ ᠴᠠᠭᠠᠵᠠ ᠶᠢᠨ ᠰᠠᠯᠪᠣᠷᠢ ᠬᠠᠨᠳᠤᠯᠭᠠᠲᠤ ᠴᠢᠨᠠᠷᠲᠠᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠵᠤ᠂ ᠬᠦᠴᠦᠲᠡᠶ ᠰᠡᠷᠭᠡᠶᠢᠯᠡᠬᠦ ᠪᠠ ᠲᠦᠷᠭᠡᠨ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠬᠦ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ︽ᠴᠠᠭᠠᠨ ᠰᠠᠷ᠎ᠠ︾᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃                           ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ                                  2024 ᠣᠨ ᠤ 1 ᠰᠠᠷ᠎ᠠ ᠶᠢᠨ 22 ᠤᠨ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ