﹇2024 ᠣᠨ ᠤ ᠨᠢᠭᠡᠳᠦᠭᠡᠷ ᠬᠤᠭᠤᠴᠠᠭ᠎ᠠ﹈ ᠰᠢᠨ᠎ᠡ ᠪᠠᠷᠭᠤ ᠪᠠᠷᠠᠭᠤᠨ ᠬᠤᠰᠢᠭᠤᠨ ᠤ 2024 ᠣᠨ ᠤ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠲᠤᠬᠠᠶ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/1/29
ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠬᠠᠮᠢᠶ᠎ᠠ ᠪᠥᠬᠦᠶ ᠨᠢᠭᠡᠴᠡ ᠳᠤ᠄      ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ 2024 ᠣᠨ ᠤ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠠᠷ ᠲᠣᠭᠲᠠᠪᠠ᠂ ᠣᠲᠣ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠭᠠᠮᠨᠠᠬᠤ᠂ ᠡᠷᠴᠢᠮᠵᠢᠭᠦᠯᠦᠨ ᠠᠰᠢᠭᠯᠠᠬᠤ ᠶᠢ ᠶᠡᠬᠡᠪᠡᠷ ᠠᠬᠢᠭᠤᠯᠵᠤ᠂ ᠦᠯᠡᠳᠡᠭᠳᠡᠯ ᠭᠠᠵᠠᠷ ᠰᠢᠷᠣᠶ ᠶᠢᠨ ᠳᠠᠯᠳᠠ ᠬᠦᠴᠦᠨ ᠢ ᠭᠦᠢᠴᠡᠳ ᠠᠭᠤᠳᠠᠯᠤᠨ᠂ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠷᠣᠶ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ᠂ ᠰᠠᠭᠤᠷᠢ ᠲᠥᠬᠦᠭᠡᠷᠦᠮᠵᠢ ᠵᠡᠷᠭᠡ ᠢᠨᠵᠧᠨᠧᠷᠢᠩ ᠢ ᠪᠠᠲᠤᠯᠠᠵᠤ᠂ ᠬᠠᠩᠭᠠᠯᠭ᠎ᠠ ᠪᠠᠷ ᠬᠡᠷᠡᠭᠴᠡᠭᠡ ᠱᠠᠭᠠᠷᠳᠠᠯᠭ᠎ᠠ ᠶᠢ ᠬᠥᠲᠥᠯᠦᠨ ᠵᠢᠯᠣᠭᠤᠳᠬᠤ ᠰᠢᠨ᠎ᠡ ᠲᠣᠭᠲᠠᠴᠠ ᠶᠢ ᠪᠠᠶᠢᠭᠤᠯᠤᠨ᠂ ᠭᠠᠵᠠᠷ ᠬᠡᠷᠡᠭᠯᠡᠬᠦ ᠵᠥᠷᠢᠴᠡᠯ ᠢ ᠪᠦᠲᠦᠮᠵᠢᠲᠡᠶ ᠨᠠᠮᠳᠠᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠨ᠎ᠠ᠃      ᠬᠤᠶᠠᠷ᠂ ᠠᠵᠢᠯ ᠤᠨ ᠭᠤᠤᠯᠳᠠᠯᠭ᠎ᠠ      ︵ᠨᠢᠭᠡ︶ ᠭᠠᠵᠠᠷ ᠰᠢᠷᠣᠶ ᠬᠠᠩᠭᠠᠬᠤ ᠪᠦᠲᠦᠴᠡ ᠶᠢ ᠰᠢᠯᠢᠳᠡᠭᠵᠢᠭᠦᠯᠦᠨ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠬᠤᠴᠣᠷᠤᠩᠭᠤᠶ ᠪᠠ ᠬᠦᠴᠦᠨ ᠴᠢᠳᠠᠪᠤᠷᠢ ᠪᠠᠷ ᠳᠣᠤᠷ᠎ᠠ ᠠᠵᠤ ᠦᠢᠯᠡᠰ ᠢ ᠰᠢᠭᠰᠢᠭᠳᠡᠭᠦᠯᠵᠦ᠂ ᠪᠣᠬᠢᠷᠲᠤᠯ ᠶᠡᠬᠡᠲᠡᠶ᠂ ᠡᠨᠧᠷᠭᠢ ᠶᠢᠨ ᠬᠤᠷᠣᠭᠳᠠᠯ ᠶᠡᠬᠡᠲᠡᠶ ᠠᠵᠤ ᠦᠢᠯᠡᠰ ᠢ ᠬᠢᠵᠠᠭᠠᠷᠯᠠᠨ᠎ᠠ᠃     ︵ᠬᠤᠶᠠᠷ︶ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ ᠢ ᠡᠩ ᠲᠡᠷᠢᠭᠦᠨ ᠳᠤ ᠲᠣᠬᠢᠷᠠᠭᠤᠯᠵᠤ᠂ ᠬᠤᠲᠠ ᠶᠢᠨ ᠰᠠᠭᠤᠷᠢ ᠲᠦᠬᠦᠭᠡᠷᠦᠮᠵᠢ ᠶᠢ ᠰᠠᠶᠢᠵᠢᠷᠠᠭᠤᠯᠤᠨ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠲᠥᠷᠥᠯ ᠤᠨ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠣᠯᠠᠨ ᠨᠡᠶᠢᠲᠡ ᠶᠢᠨ ᠠᠭᠤᠳᠠᠮ ᠲᠠᠯᠠᠪᠠᠢ᠂ ᠠᠮᠠᠷᠠᠬᠤ ᠭᠠᠵᠠᠷ ᠵᠢᠴᠢ ᠣᠷᠴᠢᠨ ᠲᠣᠭᠤᠷᠢᠨ ᠢ ᠭᠤᠶᠣᠵᠢᠭᠤᠯᠬᠤ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠤᠨ᠎ᠠ︔ ᠬᠤᠲᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠤᠰᠤ ᠵᠠᠯᠠᠬᠤ ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠰᠢᠤᠳᠠᠨ᠂ ᠴᠠᠬᠢᠯᠭᠠᠨ ᠬᠤᠯᠪᠣᠭ᠎ᠠ᠂ ᠭᠠᠯ ᠤᠨᠲᠠᠷᠠᠭᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃     ︵ᠭᠤᠷᠪᠠ︶ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠭᠠᠵᠠᠷ ᠬᠠᠩᠭᠠᠬᠤ ᠡᠷᠴᠢᠮ ᠢ ᠴᠢᠩᠭᠠᠷᠠᠭᠤᠯᠤᠨ᠎ᠠ᠃ ᠣᠨ ᠤ ᠲᠥᠯᠥᠪᠯᠡᠭᠡ ᠶᠢᠨ ᠬᠤᠭᠤᠴᠠᠭᠠᠨ ᠳᠤ ᠬᠢᠮᠳᠠ ᠪᠥᠭᠡᠳ ᠳᠣᠭᠢᠷᠬᠠᠰᠠᠨ ᠣᠷᠣᠨ ᠰᠠᠭᠤᠴᠠ᠂ ᠳᠤᠮᠳᠠ ᠵᠢᠵᠢᠭ ᠢᠵᠢ ᠬᠡᠯᠪᠡᠷᠢ ᠶᠢᠨ ᠲᠠᠸᠠᠷ ᠤᠨ ᠣᠷᠣᠨ ᠰᠠᠭᠤᠴᠠ ᠪᠠ ᠬᠤᠲᠠ ᠶᠢᠨ ᠳᠤᠮᠳᠠᠬᠢ ᠲᠣᠰᠬᠤᠨ ᠤ ᠥᠭᠡᠷᠡᠴᠢᠯᠡᠨ ᠪᠠᠶᠢᠭᠤᠯᠵᠤ ᠲᠥᠪᠬᠢᠨᠡᠭᠦᠯᠬᠦ ᠭᠡᠷ ᠪᠠᠶᠢᠰᠢᠩ ᠤᠨ ︽ᠭᠤᠷᠪᠠᠨ ᠲᠥᠷᠥᠯ ᠤᠨ ᠬᠡᠷᠡᠭᠯᠡᠬᠦ ᠭᠠᠵᠠᠷ︾ ᠤᠨ ᠬᠠᠩᠭᠠᠬᠤ ᠭᠠᠵᠠᠷ ᠤᠨ ᠭᠦᠢᠴᠡᠳᠬᠡᠬᠦ ᠲᠤᠭ᠎ᠠ ᠶᠢ ᠲᠤᠰ ᠵᠢᠯ ᠤᠨ ᠣᠷᠣᠨ ᠰᠠᠭᠤᠴᠠ ᠬᠠᠩᠭᠠᠬᠤ ᠭᠠᠵᠠᠷ ᠤᠨ ᠶᠡᠷᠦᠩᠬᠡᠶ ᠬᠡᠮᠵᠢᠶ᠎ᠡ ᠶᠢᠨ 70% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃     ᠭᠤᠷᠪᠠ᠂ ᠠᠵᠢᠯ ᠤᠨ ᠠᠯᠬᠤᠮ ᠳᠠᠷᠠᠭ᠎ᠠ ᠪᠣᠯᠤᠨ ᠴᠠᠭ ᠤᠨ ᠱᠠᠭᠠᠷᠳᠠᠯᠭ᠎ᠠ     ︵ᠨᠢᠭᠡ︶ ᠪᠡᠯᠡᠳᠬᠡᠯ ᠱᠠᠲᠤ ︵2024 ᠣᠨ ᠤ 1 ᠰᠠᠷ᠎ᠠ ᠶᠢᠨ 29 ᠤ ᠡᠳᠦᠷ ᠠᠴᠠ ᠡᠮᠦᠨ᠎ᠡ︶     1. ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠥᠯᠥᠪᠯᠡᠭᠡ ᠨᠠᠶᠢᠷᠠᠭᠤᠯᠤᠨ ᠵᠣᠬᠢᠶᠠᠬᠤ ᠭᠤᠤᠯ ᠴᠣᠭᠴᠠ ᠪᠣᠯᠤᠭᠰᠠᠨ ᠤ ᠬᠤᠪᠢ ᠳᠤ᠂ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ︔     2. ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠨᠡᠶᠢᠲᠡᠯᠡᠬᠦ ᠬᠤᠯᠪᠣᠭᠳᠠᠯ ᠪᠦᠬᠦᠢ ᠮᠡᠳᠡᠭᠳᠡᠯ ᠤᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠨ᠎ᠠ᠃     3. ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠬᠡᠷᠡᠭᠰᠡᠬᠦ ᠮᠠᠲ᠋ᠧᠷᠢᠶᠠᠯ ᠢ ᠬᠠᠩᠭᠠᠬᠤ ᠶᠢᠨ ᠬᠠᠮᠲᠤ ᠰᠠᠨᠠᠯ ᠢᠶᠠᠨ ᠳᠤᠷᠠᠳᠤᠨ᠎ᠠ᠃     ︵ᠬᠤᠶᠠᠷ︶ ᠪᠠᠶᠢᠴᠠᠭᠠᠨ ᠵᠠᠳᠠᠯᠬᠤ ᠱᠠᠲᠤ ︵2024 ᠣᠨ ᠤ 2 ᠰᠠᠷ᠎ᠠ ᠶᠢᠨ 5 ᠤ ᠡᠳᠦᠷ ᠠᠴᠠ ᠡᠮᠦᠨ᠎ᠡ︶     1. ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠠᠰᠢᠭᠯᠠᠭᠠᠳᠤᠶ ᠭᠠᠵᠠᠷ ᠢ ᠰᠢᠯᠵᠢᠭᠦᠯᠦᠨ ᠬᠡᠷᠡᠭᠯᠡᠬᠦ ᠪᠠ ᠲᠠᠲᠠᠪᠤᠷᠢᠯᠠᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠵᠠᠰᠠᠭ ᠤᠨ ᠣᠷᠳᠣᠨ ᠤ ᠬᠤᠳᠠᠯᠳᠤᠨ ᠠᠪᠴᠤ ᠨᠥᠭᠡᠴᠡᠯᠡᠬᠦ ᠭᠠᠵᠠᠷ ᠰᠢᠷᠣᠶ᠂ ᠵᠠᠰᠠᠭ ᠤᠨ ᠣᠷᠳᠣᠨ ᠤ ᠡᠭᠡᠭᠦᠯᠦᠨ ᠬᠤᠷᠢᠶᠠᠭᠰᠠᠨ ᠭᠠᠵᠠᠷ ᠰᠢᠷᠣᠶ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠢᠷᠡᠯᠲᠡ ᠶᠢ ᠬᠠᠤᠯᠢ ᠶᠣᠰᠣᠭᠠᠷ ᠭᠦᠢᠴᠡᠳᠬᠡᠬᠦ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠳᠠᠯᠳᠠ ᠬᠦᠴᠦᠨ ᠤ ᠵᠠᠳᠠᠯᠤᠯᠲᠠ ᠬᠢᠨ᠎ᠡ᠃     2. ᠭᠠᠵᠠᠷ ᠰᠢᠷᠣᠶ ᠶᠢᠨ ᠡᠮᠦᠨᠡᠬᠢ ᠬᠤᠭᠤᠴᠠᠭᠠᠨ ᠤ ᠨᠡᠭᠡᠭᠡᠯᠲᠡ ᠬᠢᠭᠰᠡᠨ ᠬᠡᠮᠵᠢᠶ᠎ᠡ᠂ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ ᠪᠠᠶᠢᠳᠠᠯ᠂ ᠭᠠᠵᠠᠷ ᠰᠢᠷᠣᠶ ᠠᠰᠢᠭᠯᠠᠬᠤ ᠲᠥᠯᠥᠪᠯᠡᠭᠡ᠂ ᠬᠡᠰᠡᠭ ᠭᠠᠵᠠᠷ ᠤᠨ ᠲᠥᠯᠥᠪᠵᠢᠭᠦᠯᠭᠡ ᠶᠢᠨ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠵᠡᠷᠭᠡ ᠶᠢ ᠦᠨᠳᠦᠰᠦᠯᠡᠨ᠂ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠶᠡᠷᠦᠩᠬᠡᠶᠢᠯᠡᠨ ᠲᠣᠭᠲᠠᠭᠠᠨ᠎ᠠ᠃     3. ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢᠨ ᠵᠢᠱᠢᠯᠲᠡ ᠶᠢ ᠥᠷᠨᠢᠭᠦᠯᠬᠦ ᠳᠤ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠶ ᠬᠡᠮᠵᠢᠶ᠎ᠡ ᠪᠠ ᠬᠤᠳᠠᠯᠳᠤᠭ᠎ᠠ ᠦᠢᠯᠡᠴᠢᠯᠡᠭᠡᠨ ᠳᠤ ᠬᠡᠷᠡᠭᠯᠡᠬᠦ ᠭᠠᠵᠠᠷ᠂ ᠣᠷᠣᠨ ᠰᠠᠭᠤᠴᠠ ᠳᠤ ᠬᠡᠷᠡᠭᠯᠡᠬᠦ ᠭᠠᠵᠠᠷ ︵ᠬᠢᠮᠳᠠ ᠲᠦᠷᠢᠶᠡᠰᠦᠨ ᠭᠡᠷ᠂ ᠬᠢᠮᠳᠠ ᠪᠥᠭᠡᠳ ᠳᠣᠭᠢᠷᠬᠠᠰᠠᠨ ᠭᠡᠷ ᠪᠠᠶᠢᠰᠢᠩ᠂ ᠣᠯᠠᠨ ᠨᠡᠶᠢᠲᠡ ᠶᠢᠨ ᠲᠦᠷᠢᠶᠡᠰᠦᠨ ᠭᠡᠷ᠂ ᠲᠠᠸᠠᠷ ᠤᠨ ᠭᠡᠷ ᠪᠠᠶᠢᠰᠢᠩ ᠳᠤ ᠬᠡᠷᠡᠭᠯᠡᠬᠦ ᠭᠠᠵᠠᠷ ᠵᠡᠷᠭᠡ ᠶᠢ ᠪᠠᠭᠲᠠᠭᠠᠨ᠎ᠠ︶ ᠤᠨ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ᠂ ᠬᠤᠳᠠᠯᠳᠤᠭ᠎ᠠ ᠦᠢᠯᠡᠴᠢᠯᠡᠭᠡᠨ ᠤ ᠦᠢᠯᠡᠰ ᠲᠤ ᠬᠡᠷᠡᠭᠯᠡᠬᠦ ᠭᠠᠵᠠᠷ᠂ ᠦᠢᠯᠡᠳᠪᠦᠷᠢ ᠠᠭᠤᠷᠬᠠᠶ ᠳᠤ ᠬᠡᠷᠡᠭᠯᠡᠬᠦ ᠭᠠᠵᠠᠷ᠂ ᠵᠠᠮ ᠬᠠᠷᠢᠯᠴᠠᠭ᠎ᠠ ᠲᠡᠭᠡᠭᠡᠪᠦᠷᠢ ᠳᠤ ᠬᠡᠷᠡᠭᠯᠡᠬᠦ ᠭᠠᠵᠠᠷ᠂ ᠨᠡᠶᠢᠲᠡ ᠶᠢᠨ ᠬᠡᠷᠡᠭᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ᠂ ᠣᠨᠴᠠᠭᠠᠢ ᠬᠡᠷᠡᠭᠯᠡᠬᠦ ᠭᠠᠵᠠᠷ ᠵᠡᠷᠭᠡ ᠶᠢ ᠪᠠᠭᠲᠠᠭᠠᠨ᠎ᠠ᠃     4. ᠬᠤᠯᠪᠤᠬᠲᠠᠯ ᠪᠦᠭᠦᠢ ᠪᠠᠶᠢᠴᠠᠭᠠᠯᠲᠠ ᠪᠠ ᠵᠠᠲᠠᠯᠣᠯᠲᠠ ᠬᠢᠨ᠎ᠡ᠃     ︵ᠭᠤᠷᠪᠠ︶ ᠲᠥᠯᠥᠪᠯᠡᠭᠡ ᠲᠣᠭᠲᠠᠭᠠᠬᠤ ᠱᠠᠲᠤ ︵2024 ᠣᠨ ᠤ 2 ᠰᠠᠷ᠎ᠠ ᠶᠢᠨ 12 ᠤᠨ ᠡᠳᠦᠷ ᠠᠴᠠ ᠡᠮᠦᠨ᠎ᠡ︶     1. ᠬᠠᠩᠭᠠᠬᠤ ᠲᠥᠯᠥᠪᠯᠡᠭᠡ ᠶᠢᠨ ᠭᠦᠢᠴᠡᠳᠬᠡᠬᠦ ᠲᠤᠭ᠎ᠠ ᠶᠢ ᠲᠣᠭᠲᠠᠭᠠᠨ᠎ᠠ᠃     2. ᠬᠠᠩᠭᠠᠬᠤ ᠲᠥᠯᠥᠪᠯᠡᠭᠡ ᠶᠢᠨ ᠲᠦᠰᠦᠯ ᠢ ᠲᠤᠭᠤᠷᠪᠢᠨ ᠲᠣᠭᠲᠠᠭᠠᠨ᠎ᠠ᠃     3. ᠡᠯ᠎ᠡ ᠬᠠᠮᠢᠶ᠎ᠠ ᠪᠦᠬᠦᠢ ᠨᠢᠭᠡᠴᠡ ᠠᠴᠠ ᠬᠠᠩᠭᠠᠯᠭ᠎ᠠ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠰᠠᠨᠠᠯ ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ︔     4. ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃     5. ᠳᠡᠭᠡᠷ᠎ᠡ ᠨᠢᠭᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃     ᠳᠥᠷᠪᠡ᠂ ᠡᠭᠦᠷᠭᠡ ᠶᠢᠨ ᠬᠤᠪᠢᠶᠠᠷᠢᠯᠠᠯ     2024 ᠣᠨ ᠤ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠨᠠᠶᠢᠷᠠᠭᠤᠯᠤᠨ ᠵᠣᠬᠢᠶᠠᠨ᠎ᠠ᠃     ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠣᠶᠢᠷ᠎ᠠ ᠶᠢᠨ ᠬᠤᠶᠠᠷ ᠵᠢᠯ ᠳᠤ ᠨᠢᠭᠡᠨᠲᠡ ᠬᠠᠩᠭᠠᠭᠰᠠᠨ ᠤᠯᠤᠰ ᠤᠨ ᠦᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ᠂ ᠬᠡᠷᠡᠭᠴᠡᠭᠡ᠂ ᠠᠷᠭ᠎ᠠ ᠬᠡᠯᠪᠡᠷᠢ᠂ ᠲᠠᠷᠬᠠᠯᠲᠠ᠂ ᠴᠠᠭ ᠤᠨ ᠳᠠᠷᠠᠭᠠᠯᠠᠯ᠂ ᠦᠨ᠎ᠡ ᠬᠠᠩᠰᠢ ᠵᠢᠴᠢ ᠨᠡᠭᠡᠭᠡᠨ ᠠᠰᠢᠭᠯᠠᠭᠰᠠᠨ ᠪᠠᠶᠢᠳᠠᠯ ᠵᠡᠷᠭᠡ ᠳᠤ ᠵᠠᠳᠠᠯᠤᠯᠲᠠ ᠬᠢᠬᠦ ᠶᠢ ᠬᠠᠷᠢᠭᠤᠴᠠᠵᠤ᠂ ᠭᠡᠷ ᠭᠠᠵᠠᠷ ᠬᠥᠷᠥᠩᠭᠡ ᠶᠢᠨ ᠬᠥᠭᠵᠢᠯᠲᠡ ᠶᠢᠨ ᠪᠠᠶᠢᠳᠠᠯ ᠪᠠ ᠠᠵᠢᠯᠯᠠᠭᠠᠨ ᠤ ᠵᠢᠮ᠎ᠡ ᠶᠣᠰᠣ ᠶᠢ ᠡᠵᠡᠮᠰᠢᠨ᠎ᠡ᠃      ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠰᠢᠭᠤᠨ ᠤ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠬᠥᠮᠦᠨ ᠠᠮᠠ ᠶᠢᠨ ᠪᠠᠶᠢᠳᠠᠯ᠂ ᠬᠤᠲᠠᠴᠢᠯᠠᠯᠲᠠ ᠶᠢᠨ ᠬᠢᠷᠢ ᠲᠦᠪᠰᠢᠨ᠂ ᠠᠵᠤ ᠦᠢᠯᠡᠰ ᠤᠨ ᠪᠦᠲᠦᠴᠡ᠂ ᠭᠤᠤᠯᠯᠠᠬᠤ ᠠᠵᠤ ᠦᠢᠯᠡᠰ ᠪᠠ ᠳᠠᠪᠠᠭᠤᠯᠢᠭ ᠠᠵᠤ ᠦᠢᠯᠡᠰ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠡᠷᠭᠡ ᠳᠤ ᠪᠠᠶᠢᠴᠠᠭᠠᠯᠲᠠ ᠬᠢᠵᠦ᠂ ᠲᠥᠯᠥᠪᠯᠡᠭᠡ ᠶᠢᠨ ᠬᠤᠭᠤᠴᠠᠭᠠᠨ ᠳᠠᠬᠢ ᠬᠤᠷᠸ᠎ᠠ ᠠᠵᠤ ᠠᠬᠤᠶ ᠶᠢᠨ ᠬᠠᠨᠳᠤᠰᠢ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ ᠳᠤ ᠵᠠᠳᠠᠯᠤᠯᠲᠠ ᠬᠢᠬᠦ ᠶᠢ ᠬᠠᠷᠢᠭᠤᠴᠠᠨ᠎ᠠ᠃      ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠰᠢᠭᠤᠨ ᠤ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠬᠦ ᠭᠠᠵᠠᠷ ᠵᠢᠴᠢ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ᠂ ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠶ᠂ ᠬᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠨᠳᠤᠰᠢ ᠳᠤ ᠵᠠᠳᠠᠯᠤᠯᠲᠠ ᠬᠢᠬᠦ ᠶᠢ ᠬᠠᠷᠢᠭᠤᠴᠠᠨ᠎ᠠ᠃ ᠲᠥᠯᠥᠪᠵᠢᠭᠦᠯᠭᠡ ᠶᠢᠨ ᠣᠷᠣᠨ ᠤ ᠲᠥᠯᠥᠪᠯᠡᠭᠡ ᠶᠢᠨ ᠬᠤᠭᠤᠴᠠᠭᠠᠨ ᠳᠠᠬᠢ ᠭᠤᠤᠯᠳᠠᠯᠭ᠎ᠠ ᠲᠠᠢ ᠬᠥᠭᠵᠢᠭᠦᠯᠬᠦ ᠣᠷᠣᠨ ᠪᠦᠰᠡ᠂ ᠭᠠᠵᠠᠷ ᠬᠠᠩᠭᠠᠬᠤ ᠪᠦᠲᠦᠴᠡ ᠳᠤ ᠵᠠᠳᠠᠯᠤᠯᠲᠠ ᠬᠢᠵᠦ᠂ ᠭᠠᠵᠠᠷ ᠬᠡᠷᠡᠭᠯᠡᠬᠦ ᠣᠨᠴᠠᠭᠠᠢ ᠬᠡᠷᠡᠭᠴᠡᠭᠡ ᠱᠠᠭᠠᠷᠳᠠᠯᠭ᠎ᠠ ᠳᠤ ᠰᠠᠨᠠᠯ ᠳᠤᠷᠠᠳᠤᠨ᠎ᠠ᠃      ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠤᠰᠢᠭᠤᠨ ᠤ ᠲᠥᠯᠥᠪᠵᠢᠭᠦᠯᠭᠡ ᠶᠢᠨ ᠣᠷᠣᠨ ᠤ ᠲᠥᠯᠥᠪᠯᠡᠭᠡ ᠶᠢᠨ ᠬᠤᠭᠤᠴᠠᠭᠠᠨ ᠳᠠᠬᠢ ᠵᠠᠮ ᠬᠠᠷᠢᠯᠴᠠᠭ᠎ᠠ ᠲᠡᠭᠡᠭᠡᠪᠦᠷᠢ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢᠨ ᠲᠤᠬᠠᠶ ᠰᠠᠨᠠᠯ ᠳᠤᠷᠠᠳᠤᠨ᠎ᠠ᠃      ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠤᠰᠢᠭᠤᠨ ᠤ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠦᠨᠳᠦᠰᠦᠨ ᠭᠠᠵᠠᠷ᠂ ᠲᠠᠷᠢᠶᠠᠯᠠᠩ ᠤᠨ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠢᠴᠢ ᠤᠰᠤᠨ ᠤ ᠦᠢᠯᠡᠳᠪᠦᠷᠢ ᠶᠢᠨ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢᠨ ᠲᠤᠬᠠᠶ ᠰᠠᠨᠠᠯ ᠳᠤᠷᠠᠳᠤᠨ᠎ᠠ᠃      ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠬᠤᠰᠢᠭᠤᠨ ᠤ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠳᠤ ᠰᠠᠨᠠᠯ ᠳᠤᠷᠠᠳᠤᠨ᠎ᠠ᠃      ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠤᠰᠢᠭᠤᠨ ᠤ ᠲᠥᠯᠥᠪᠵᠢᠭᠦᠯᠭᠡ ᠶᠢᠨ ᠣᠷᠣᠨ ᠤ ᠲᠥᠯᠥᠪᠯᠡᠭᠡ ᠶᠢᠨ ᠬᠤᠭᠤᠴᠠᠭᠠᠨ ᠳᠠᠬᠢ ᠰᠣᠶᠣᠯ ᠵᠢᠭᠤᠯᠴᠢᠯᠠᠯ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢᠨ ᠲᠤᠬᠠᠶ ᠰᠠᠨᠠᠯ ᠳᠤᠷᠠᠳᠤᠨ᠎ᠠ᠃      ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠬᠤᠰᠢᠭᠤᠨ ᠤ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠣᠰᠣ ᠨᠡᠮᠡᠬᠦ ︵ᠮᠠᠰᠢᠨ ᠲᠡᠷᠭᠡ︶ ᠥᠷᠲᠡᠭᠡ ᠳᠤ ᠬᠡᠷᠡᠭᠯᠡᠬᠦ ᠭᠠᠵᠠᠷ ᠵᠢᠴᠢ ᠪᠤᠰᠤᠳ ᠣᠨᠴᠠᠭᠠᠶ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠳᠤ ᠰᠠᠨᠠᠯ ᠳᠤᠷᠠᠳᠤᠨ᠎ᠠ᠃ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠤᠰᠢᠭᠤᠨ ᠤ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠦᠢᠯᠡᠳᠪᠦᠷᠢ ᠠᠭᠤᠷᠬᠠᠶ ᠶᠢᠨ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠳᠤ ᠰᠠᠨᠠᠯ ᠳᠤᠷᠠᠳᠤᠨ᠎ᠠ᠃      ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ᠬᠤᠰᠢᠭᠤᠨ ᠤ ᠵᠠᠰᠠᠭ ᠤᠨ ᠣᠷᠳᠣᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠵᠤ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢ ᠳᠣᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠸᠠᠩ ᠰᠢᠶᠤᠤ ᠹᠸᠢ  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ      ᠪᠦᠷᠢᠯᠳᠦᠭᠦᠨ᠄ ᠬᠠᠰᠲᠤᠯᠭᠠᠭᠤᠷᠢ  ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠸᠠᠩ ᠺᠥᠨ  ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠲᠦᠩ ᠸᠧᠶ ᠴᠢᠶᠦ᠋ᠨ  ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ      ᠸᠠᠩ ᡁᠢ ᠴᠢ  ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᡁᠢ ᠴᠢ ᠨᠥᠬᠦᠷ ᠬᠠᠪᠰᠤᠷᠭᠠᠨ ᠡᠭᠦᠷᠭᠡᠯᠡᠨ᠎ᠡ᠃      ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠡᠯ᠎ᠡ ᠨᠢᠭᠡᠴᠡ ᠶᠢᠨ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠲᠣᠬᠢᠷᠠᠭᠤᠯᠤᠯᠲᠠ ᠬᠢᠵᠦ ᠵᠠᠳᠠᠯᠤᠯᠲᠠ ᠬᠢᠵᠦ᠂ ᠤᠷᠢᠳᠠᠪᠠᠷ ᠭᠤᠤᠯᠳᠠᠯᠭ᠎ᠠ ᠲᠠᠢ ᠳᠠᠷᠠᠭ᠎ᠠ ᠨᠢ ᠡᠩ ᠤᠨ ᠶᠣᠰᠣᠭᠠᠷ᠂ ᠤᠷᠢᠳᠠᠪᠠᠷ ᠬᠢᠯᠪᠠᠷ ᠳᠠᠷᠠᠭ᠎ᠠ ᠨᠢ ᠬᠦᠴᠢᠷ ᠲᠠᠢ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠬᠡᠷᠡᠭᠯᠡᠬᠦ ᠭᠠᠵᠠᠷ ᠤᠨ ᠲᠥᠷᠥᠯ ᠵᠦᠢᠯ ᠢ ᠰᠢᠯᠢᠨ ᠰᠣᠩᠭᠤᠬᠤ ᠶᠢᠨ ᠬᠠᠮᠲᠤ᠂ ᠴᠠᠭ ᠲᠤᠬᠠᠶ ᠳᠤᠨᠢ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠬᠡᠷᠡᠭᠲᠡᠶ᠃ ᠵᠢᠯ ᠤᠨ ᠡᠬᠢᠨ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ ᠳᠡᠭᠡᠭᠰᠢ ᠮᠡᠳᠡᠭᠦᠯᠦᠭᠰᠡᠨ ᠦᠭᠡᠶ ᠨᠢᠭᠡᠴᠡ ᠪᠠ ᠪᠦᠯᠬᠦᠮ ᠨᠡᠶᠢᠲᠡ ᠶᠢ ᠲᠤᠰ ᠵᠢᠯ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢᠨ ᠲᠥᠯᠥᠪᠯᠡᠭᠡ ᠳᠤ ᠣᠷᠣᠭᠤᠯᠵᠤ ᠪᠣᠯᠬᠤ ᠦᠭᠡᠶ᠃      ︵ᠬᠤᠶᠠᠷ︶ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠤᠳ ᠴᠠᠭ ᠬᠤᠭᠤᠴᠠᠭ᠎ᠠ ᠶᠢ ᠵᠠᠪᠳᠤᠨ᠂ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠵᠤ᠂ ᠲᠤᠰ ᠰᠠᠯᠠᠭ᠎ᠠ ᠮᠥᠴᠢᠷ ᠲᠤᠰ ᠠᠵᠢᠯ ᠲᠥᠷᠥᠯ ᠤᠨ ᠢᠶᠠᠨ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠴᠠᠭ ᠲᠤᠬᠠᠶ ᠳᠤᠨᠢ ᠴᠤᠭᠯᠠᠭᠤᠯᠵᠤ᠂ ᠵᠠᠳᠠᠯᠵᠤ᠂ ᠬᠤᠷᠢᠶᠠᠩᠭᠤᠶᠢᠯᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠰᠠᠨᠠᠭᠤᠯᠭ᠎ᠠ᠂ ᠬᠡᠷᠡᠭᠴᠡᠭᠡ ᠱᠠᠭᠠᠷᠳᠠᠯᠭ᠎ᠠ ᠶᠢ ᠵᠠᠳᠠᠯᠵᠤ᠂ ᠭᠠᠵᠠᠷ ᠬᠡᠷᠡᠭᠯᠡᠬᠦ ᠪᠠᠷ ᠮᠡᠳᠡᠭᠦᠯᠦᠭᠰᠡᠨ ᠮᠡᠳᠡᠭᠦᠯᠬᠦ ᠬᠦᠰᠦᠨᠦᠭᠲᠦ ᠵᠡᠷᠭᠡ ᠮᠡᠳᠡᠭᠦᠯᠬᠦ ᠮᠠᠲ᠋ᠧᠷᠢᠶᠠᠯ ᠢ ᠴᠠᠭ ᠬᠤᠭᠤᠴᠠᠭ᠎ᠠ ᠶᠣᠰᠣᠭᠠᠷ ᠳᠡᠭᠡᠭᠰᠢ ᠮᠡᠳᠡᠭᠦᠯᠵᠦ᠂ ᠳᠠᠷᠠᠭ᠎ᠠ ᠱᠠᠲᠤᠨ ᠤ ᠠᠵᠢᠯ ᠢᠶᠠᠨ ᠬᠤᠭᠤᠴᠠᠭ᠎ᠠ ᠶᠣᠰᠣᠭᠠᠷ ᠡᠮᠬᠢ ᠵᠢᠷᠤᠮ ᠲᠠᠢ ᠪᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠮᠲᠤᠪᠠᠷ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠢᠯ ᠢᠶᠠᠨ ᠪᠦᠲᠦᠮᠵᠢᠲᠡᠶ ᠪᠡᠶᠡᠯᠡᠭᠦᠯᠬᠦ ᠶᠢ ᠠᠬᠢᠭᠤᠯᠤᠨ᠎ᠠ᠃ ᠵᠠᠳᠠᠯᠤᠯᠲᠠ ᠬᠢᠵᠦ ᠲᠥᠰᠦᠭᠡᠯᠡᠬᠦ ᠱᠠᠲᠤᠨ ᠳᠤ ᠭᠤᠷᠪᠠᠨ ᠰᠠᠯᠠᠭ᠎ᠠ ᠮᠥᠴᠢᠷ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠵᠤ᠂ ᠵᠣᠬᠢᠴᠠᠭᠤᠯᠭ᠎ᠠ ᠪᠠ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠲᠥᠯᠥᠪᠯᠡᠭᠡ ᠶᠢᠨ ᠬᠤᠭᠤᠴᠠᠭᠠᠨ ᠳᠠᠬᠢ ᠪᠥᠬᠦ ᠬᠤᠰᠢᠭᠤᠨ ᠤ ᠭᠠᠵᠠᠷ ᠰᠢᠷᠣᠶ ᠶᠢᠨ ᠬᠠᠩᠭᠠᠯᠭ᠎ᠠ ᠶᠢᠨ ᠲᠤᠭ᠎ᠠ ᠬᠡᠮᠵᠢᠶ᠎ᠡ᠂ ᠪᠦᠲᠦᠴᠡ᠂ ᠪᠠᠶᠢᠷᠢᠰᠢᠭᠤᠯᠤᠯᠲᠠ ᠪᠠ ᠲᠥᠯᠥᠪᠵᠢᠭᠦᠯᠭᠡ ᠵᠡᠷᠭᠡ ᠰᠠᠭᠤᠷᠢ ᠮᠡᠳᠡᠭᠡ ᠵᠠᠩᠭᠢ ᠶᠢ ᠣᠨᠣᠪᠴᠢᠲᠠᠶ ᠪᠥᠭᠡᠳ ᠨᠠᠷᠢᠨ ᠪᠣᠳᠠᠲᠠᠶ ᠬᠠᠩᠭᠠᠬᠤ ᠪᠠᠷ ᠴᠢᠷᠮᠠᠶᠢᠵᠤ᠂ ᠬᠠᠩᠭᠠᠯᠭ᠎ᠠ ᠶᠢᠨ ᠲᠥᠯᠥᠪᠯᠡᠭᠡ ᠶᠢ ᠳᠡᠭᠡᠭᠰᠢ ᠮᠡᠳᠡᠭᠦᠯᠬᠦ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃      ︵ᠲᠦᠷᠪᠡ︶ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠶᠢ ᠲᠣᠭᠲᠠᠭᠠᠭᠰᠠᠨ ᠤ ᠳᠠᠷᠠᠭ᠎ᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠦᠯᠵᠢᠶᠡᠨ ᠳᠡᠭᠡᠷ᠎ᠡ ᠨᠡᠶᠢᠲᠡᠯᠡᠵᠦ᠂ ᠣᠨᠴᠠᠭᠠᠶ ᠪᠠᠶᠢᠳᠠᠯ ᠥᠬᠡᠶ ᠪᠣᠯ ᠵᠠᠰᠠᠪᠤᠷᠢ ᠣᠷᠣᠭᠤᠯᠵᠤ ᠪᠣᠯᠬᠤ ᠥᠬᠡᠶ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ