ᠲᠠᠪᠤ ᠶᠢ ︽ᠴᠢᠩᠭ᠎ᠠ ᠬᠤᠷᠢᠬᠯᠠᠨ᠎ᠠ︾︕ ᠳᠥᠷᠪᠡᠨ ᠰᠠᠯᠠᠭ᠎ᠠ ᠮᠥᠴᠢᠷ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/1/3
      ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ  ᠲᠢᠩᠬᠢᠮ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠤᠯᠪᠣᠭᠳᠠᠯ ᠪᠥᠬᠦᠶ ᠠᠵᠢᠯ ᠢ ᠤᠯᠠᠮ ᠴᠢᠨᠠᠬᠰᠢᠳᠠ ᠵᠢᠷᠤᠮᠵᠢᠭᠤᠯᠬᠤ ᠪᠠᠷ ᠪᠣᠯᠪᠠ᠃ ᠮᠡᠳᠡᠭᠳᠡᠯ ᠳᠤ ᠲᠠᠪᠤ ᠶᠢ ︽ᠴᠢᠩᠭ᠎ᠠ ᠬᠤᠷᠢᠬᠯᠠᠨ᠎ᠠ︾ ᠭᠡᠵᠦ ᠳᠤᠷᠠᠳᠴᠠᠶ᠄ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠬᠦ ᠶᠢ ᠴᠢᠩᠭ᠎ᠠ ᠬᠤᠷᠢᠬᠯᠠᠵᠦ᠂ ᠰᠤᠷᠤᠭᠴᠢᠳ ᠢ ᠠᠯᠪᠠᠲᠠᠨ ᠣᠷᠣᠯᠴᠠᠭᠤᠯᠬᠤ ᠶᠢ ᠴᠢᠩᠭ᠎ᠠ ᠬᠤᠷᠢᠬᠯᠠᠵᠦ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠬᠦ ᠶᠢ ᠴᠢᠩᠭ᠎ᠠ ᠬᠤᠷᠢᠬᠯᠠᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠡᠷ᠎ᠡ ᠪᠠᠷ ᠳᠤᠷ᠎ᠠ ᠪᠠᠷ ᠢᠶᠠᠨ ᠰᠦᠢᠳᠭᠡᠯ ᠬᠤᠷᠢᠶᠠᠬᠤ ᠶᠢ ᠴᠢᠩᠭ᠎ᠠ ᠬᠤᠷᠢᠬᠯᠠᠵᠦ᠂ ᠨᠥᠬᠦᠴᠡᠯ ᠳᠤ ᠨᠡᠶᠢᠴᠡᠬᠦ ᠥᠬᠡᠶ ᠪᠠᠶᠢᠭᠤᠯᠤᠮᠵᠢ ᠪᠠ ᠬᠥᠮᠦᠰ ᠰᠤᠷᠭᠠᠭᠤᠯᠢ ᠳᠤ ᠣᠷᠣᠵᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠶᠢ ᠴᠢᠩᠭ᠎ᠠ ᠬᠤᠷᠢᠬᠯᠠᠨ᠎ᠠ ᠬᠡᠪᠡ᠃      ᠮᠡᠳᠡᠭᠳᠡᠯ ᠳᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠢᠴᠢᠶᠡᠯ ᠤᠨ ᠡᠳᠦᠷ ᠵᠢᠴᠢ ᠤᠯᠤᠰ ᠠᠴᠠ ᠲᠣᠭᠲᠠᠭᠠᠭᠰᠠᠨ ᠬᠢᠴᠢᠶᠡᠯ ᠪᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠶᠢ  ᠪᠡᠶᠡᠯᠡᠭᠦᠯᠦᠭᠰᠡᠨ ᠤ ᠳᠠᠷᠠᠭ᠎ᠠ ᠲᠣᠬᠢᠷᠠᠭᠤᠯᠬᠤ ᠬᠡᠷᠡᠭᠲᠡᠶ᠃ ᠰᠤᠷᠭᠠᠭᠤᠯᠢ ᠶᠢᠨ ᠰᠤᠷᠤᠭᠴᠢᠳ ᠲᠤ ᠬᠠᠨᠭ᠍ᠭᠠᠬᠤ ᠡᠷᠲᠡ ᠬᠦᠷᠴᠦ ᠬᠠᠷᠠᠵᠤ ᠬᠠᠮᠢᠶᠠᠷᠬᠤ ᠪᠠ ᠳᠠᠪᠲᠠᠯᠭ᠎ᠠ ᠬᠢᠬᠦ᠂ ᠦᠳᠡ ᠶᠢᠨ ᠬᠤᠭᠤᠯᠠ ᠦᠳᠡ ᠶᠢᠨ ᠠᠮᠠᠷᠠᠯᠲᠠ ᠳᠤ ᠬᠠᠷᠠᠵᠤ ᠬᠠᠮᠢᠶᠠᠷᠬᠤ᠂ ᠣᠷᠣᠶ ᠶᠢᠨ ᠳᠠᠪᠲᠠᠯᠭ᠎ᠠ ᠬᠢᠬᠦ ᠵᠡᠷᠭᠡ ᠦᠢᠯᠡᠴᠢᠯᠡᠭᠡ ᠶᠢ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ ᠪᠣᠯᠬᠤ ᠥᠬᠡᠶ ᠭᠡᠵᠦ ᠲᠤᠳᠤᠷᠬᠠᠶᠢᠯᠠᠪᠠ᠃      ᠮᠡᠳᠡᠭᠳᠡᠯ ᠳᠤ᠂ ᠰᠤᠷᠭᠠᠭᠤᠯᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠬᠦ  ᠳᠤ ᠬᠡᠷ ᠤᠨ ᠠᠬᠠᠮᠠᠳ ᠤᠨ ᠰᠠᠨᠠᠯ ᠢ ᠰᠠᠶᠢᠳᠤᠷ ᠰᠣᠨᠣᠰᠴᠤ᠂ ᠰᠣᠷᠣᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠦ᠂ ᠰᠠᠨᠠᠭᠠᠴᠢᠯᠠᠭ᠎ᠠ ᠠᠴᠠ ᠪᠠᠨ ᠬᠡᠷ ᠤᠨ ᠠᠬᠠᠮᠠᠳ ᠲᠤ ᠦᠢᠯᠡᠴᠢᠯᠡᠬᠦ ᠠᠷᠭ᠎ᠠ ᠬᠡᠯᠪᠡᠷᠢ᠂ ᠦᠢᠯᠡᠴᠢᠯᠡᠬᠦ ᠠᠭᠤᠯᠭ᠎ᠠ᠂ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠵᠡᠷᠭᠡ ᠶᠢ ᠮᠡᠳᠡᠭᠳᠡᠵᠦ᠂ ᠰᠣᠷᠣᠭᠴᠢ ᠪᠣᠯᠤᠨ ᠬᠡᠷ ᠤᠨ ᠠᠬᠠᠮᠠᠳ  ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠵᠦ᠂ ᠪᠡᠶ᠎ᠡ ᠪᠠᠨ ᠳᠠᠭᠠᠭᠠᠵᠤ ᠬᠢᠴᠢᠶᠡᠯ ᠰᠣᠩᠭᠤᠬᠤ ᠬᠡᠷᠡᠭᠲᠡᠶ ᠭᠡᠵᠦ ᠱᠠᠭᠠᠷᠳᠠᠪᠠ᠃      ᠮᠡᠳᠡᠭᠳᠡᠯ ᠳᠤ᠂ ᠭᠠᠵᠠᠷ ᠣᠷᠣᠨ ᠪᠠ ᠰᠤᠷᠭᠠᠭᠤᠯᠢ ᠶᠢᠨ ᠪᠠᠶᠢᠳᠠᠯ ᠳᠤᠨᠢ ᠲᠣᠬᠢᠷᠠᠭᠤᠯᠤᠨ᠂ ᠡᠯᠪᠡᠭ ᠪᠠᠶᠠᠯᠢᠭ ᠶᠣᠰᠣ ᠰᠤᠷᠲᠠᠬᠤᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ᠂ ᠤᠩᠰᠢᠯᠭ᠎ᠠ᠂ ᠰᠢᠨᠵᠢᠯᠡᠬᠦ ᠤᠬᠠᠭᠠᠨ᠂ ᠳᠤᠷ᠎ᠠ ᠰᠣᠨᠢᠷᠬᠠᠯ ᠤᠨ ᠳᠤᠭᠤᠶᠢᠯᠠᠩ ᠪᠠ ᠨᠡᠶᠢᠭᠡᠮ ᠤᠨ ᠪᠦᠯᠬᠦᠮ ᠤᠨ ᠠᠵᠢᠯᠯᠠᠭ᠎ᠠ ᠵᠡᠷᠭᠡ ᠶᠢ ᠦᠷᠨᠢᠬᠦᠯᠵᠦ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠴᠠᠭ ᠢ ᠵᠣᠬᠢᠰᠲᠠᠶ ᠨᠡᠮᠡᠭᠳᠡᠭᠦᠯᠵᠦ᠂ ᠬᠡᠷᠡᠭᠴᠡᠭᠡ ᠲᠠᠢ ᠰᠤᠷᠤᠭᠴᠢᠳ ᠲᠤ ᠬᠠᠪᠰᠤᠷᠤᠨ ᠵᠢᠯᠣᠭᠤᠳᠴᠤ ᠮᠠᠲᠠᠭ ᠢ ᠨᠢ ᠲᠠᠶᠢᠯᠬᠤ ᠪᠠ ᠰᠤᠷᠤᠯᠴᠠᠯᠭ᠎ᠠ ᠶᠢ ᠨᠢ ᠥᠷᠭᠡᠳᠬᠡᠬᠦ ᠵᠢᠯᠣᠭᠤᠳᠣᠯᠭ᠎ᠠ ᠬᠠᠩᠭᠠᠵᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠠᠭ ᠢ ᠠᠰᠢᠭᠯᠠᠨ ᠰᠤᠷᠤᠭᠴᠢᠳ ᠢ ᠵᠣᠬᠢᠶᠠᠨ ᠪᠠᠶᠢᠭᠤᠯᠤᠨ ᠰᠡᠳᠦᠪ ᠤᠩᠰᠢᠭᠤᠯᠤᠨ ᠰᠢᠯᠭᠠᠯᠲᠠ ᠳᠤ ᠪᠡᠯᠡᠳᠬᠡᠬᠦ᠂ ᠰᠢᠨ᠎ᠡ ᠬᠢᠴᠢᠶᠡᠯ ᠵᠢᠭᠠᠬᠤ ᠪᠤᠶᠤ ᠬᠠᠮᠲᠤ ᠪᠠᠷ ᠬᠢᠴᠢᠶᠡᠯ ᠨᠥᠬᠦᠵᠦ ᠪᠣᠯᠬᠤ ᠥᠬᠡᠶ ᠭᠡᠵᠦ ᠲᠤᠷᠠᠳᠪᠠ᠃         ᠮᠡᠳᠡᠭᠳᠡᠯ ᠳᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠡᠷ᠎ᠡ ᠪᠠᠷ ᠰᠦᠢᠳᠭᠡᠯ ᠬᠤᠷᠢᠶᠠᠬᠤ ᠵᠦᠢᠯᠡᠰ ᠢ ᠳᠤᠷ᠎ᠠ ᠪᠠᠷ ᠢᠶᠠᠨ ᠨᠡᠮᠡᠵᠦ᠂ ᠰᠦᠢᠳᠭᠡᠯ ᠬᠤᠷᠢᠶᠠᠬᠤ ᠬᠡᠪᠴᠢᠶ᠎ᠡ ᠶᠢ ᠥᠷᠭᠡᠳᠬᠡᠵᠦ ᠪᠣᠯᠬᠤ ᠥᠬᠡᠶ᠂ ᠰᠣᠷᠣᠭᠴᠢ ᠶᠢᠨ ᠬᠡᠷ ᠤᠨ ᠠᠬᠠᠮᠠᠳ ᠤᠨ ᠬᠦᠰᠡᠯ ᠰᠠᠨᠠᠭ᠎ᠠ ᠠᠴᠠ ᠵᠥᠷᠢᠴᠡᠨ ᠠᠯᠪᠠᠲᠠᠨ ᠰᠦᠢᠳᠭᠡᠯ ᠬᠤᠷᠢᠶᠠᠬᠤ ᠪᠤᠶᠤ ᠤᠶᠠᠵᠤ  ᠪᠠᠶᠢᠭᠠᠳ ᠰᠦᠢᠳᠭᠡᠯ ᠬᠤᠷᠢᠶᠠᠵᠤ ᠪᠣᠯᠬᠤ ᠥᠬᠡᠶ᠂ ᠬᠡᠷ ᠤᠨ ᠠᠬᠠᠮᠠᠳ ᠤᠨ ᠵᠥᠪᠯᠡᠯ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠵᠡᠷᠭᠡ ᠪᠠᠷ ᠳᠠᠮᠵᠢᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠰᠦᠢᠳᠭᠡᠯ ᠬᠤᠷᠢᠶᠠᠵᠤ ᠪᠣᠯᠬᠤ ᠥᠬᠡᠶ᠃ ᠣᠷᠣᠨ ᠨᠤᠲᠤᠭ ᠪᠣᠯᠤᠨ ᠰᠤᠷᠭᠠᠭᠤᠯᠢ ᠨᠤᠭᠤᠳ  ᠨᠢ ᠲᠤᠰ ᠭᠠᠵᠠᠷ ᠣᠷᠣᠨ ᠤ ᠪᠠᠨ ᠲᠣᠭᠲᠠᠭᠠᠯ ᠶᠣᠰᠣᠭᠠᠷ ᠭᠡᠷ ᠤᠨ ᠠᠮᠢᠳᠤᠷᠠᠯ  ᠨᠢ ᠬᠦᠴᠢᠷᠳᠡᠯᠲᠡᠶ ᠰᠤᠷᠤᠭᠴᠢᠳ ᠲᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠮᠢᠶ᠎ᠠ ᠪᠦᠬᠦᠢ ᠰᠦᠢᠳᠭᠡᠯ ᠢ ᠬᠠᠰᠤᠵᠤ ᠬᠡᠯᠲᠦᠷᠢᠭᠦᠯᠬᠦ ᠬᠡᠷᠡᠭᠲᠡᠶ᠃ ᠰᠤᠷᠭᠠᠭᠤᠯᠢ ᠨᠢ ᠰᠦᠢᠳᠭᠡᠯ ᠬᠤᠷᠢᠶᠠᠬᠤ ᠶᠢ ᠢᠯᠡ ᠨᠡᠶᠢᠲᠡᠯᠡᠬᠦ ᠲᠦᠷᠢᠮ ᠢ ᠴᠢᠩᠭ᠎ᠠ ᠬᠡᠷᠡᠭᠵᠢᠭᠦᠯᠬᠦ  ᠬᠡᠷᠡᠭᠲᠡᠶ ᠭᠡᠵᠦ ᠱᠠᠭᠠᠷᠳᠠᠪᠠ᠃      ᠮᠡᠳᠡᠭᠳᠡᠯ ᠳᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠰᠢᠯᠢᠨ ᠰᠣᠩᠭᠤᠵᠤ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠵᠤ᠂ ᠪᠠᠶᠢᠭᠤᠯᠤᠮᠵᠢ ᠶᠢᠨ ᠨᠡᠷᠡᠰ᠂ ᠦᠢᠯᠡᠴᠢᠯᠡᠭᠡᠨ ᠤ ᠲᠥᠷᠥᠯ ᠵᠦᠢᠯ ᠵᠢᠴᠢ ᠣᠷᠣᠭᠤᠯᠤᠨ ᠠᠪᠴᠢᠷᠠᠬᠤ ᠰᠦᠢᠳᠭᠡᠯ ᠤᠨ ᠪᠠᠷᠢᠮᠵᠢᠶ᠎ᠠ ᠶᠢ ᠲᠤᠬᠳᠠᠭᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠰᠤᠷᠭᠠᠭᠤᠯᠢ ᠶᠢᠨ ᠭᠠᠳᠠᠨ᠎ᠠ ᠠᠴᠠ ᠣᠷᠣᠭᠤᠯᠬᠤ ᠬᠥᠮᠦᠰ ᠤᠨ ᠬᠢᠷᠢ ᠬᠡᠮ ᠢ ᠬᠢᠨᠠᠨ ᠪᠠᠶᠢᠴᠠᠭᠠᠬᠤ  ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠲᠤᠷᠠᠳᠪᠠ᠃      ᠮᠡᠳᠡᠭᠳᠡᠯ ᠢ ᠦᠨᠳᠦᠰᠦᠯᠡᠪᠡᠯ᠂ ᠡᠯ᠎ᠡ ᠭᠠᠵᠠᠷ ᠤᠨ ᠬᠢᠨ ᠣᠷᠣᠨ ᠪᠦᠰᠡ ᠶᠢᠨ ᠳᠣᠲᠣᠷᠠᠬᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠤᠨ ᠲᠡᠭᠦᠯᠳᠡᠷᠵᠢᠭᠦᠯᠬᠦ ᠶᠢᠨ ᠬᠠᠮᠲᠤ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠤᠯᠤᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ