ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ ᠤᠨ ᠥᠪᠥᠷ ᠮᠣᠩᠭᠤᠯ ᠤᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠨᠡᠭᠡᠲᠦ ᠠᠭᠤᠯᠠ ᠶᠢᠨ ᠵᠡᠰ ᠮᠤᠯᠢᠪᠳᠧᠨ ᠤ ᠠᠭᠤᠷᠬᠠᠢ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠠᠭᠲᠠᠭᠠᠮᠵᠢ ᠶᠢ ᠥᠷᠭᠡᠳᠬᠡᠬᠦ ᠪᠠᠷᠢᠯᠭ᠎ᠠ ᠳᠤ ᠬᠡᠷᠡᠭᠯᠡᠬᠦ ᠭᠠᠵᠠᠷ ᠰᠢᠷᠣᠢ ᠶᠢᠨ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2024/1/30
 ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤ ᠶᠢᠨ ᠤᠷᠵᠢᠨ ᠭᠤᠷᠪᠠᠳᠤᠭᠠᠷ ᠦᠢᠯᠡᠳᠪᠦᠷᠢᠯᠡᠯ ᠤᠨ ᠪᠠᠷᠢᠭᠠᠳᠠ ᠳᠤ᠄      ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ ᠤᠨ ᠥᠪᠥᠷ ᠮᠣᠩᠭᠤᠯ ᠤᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠨᠡᠭᠡᠲᠦ ᠠᠭᠤᠯᠠ ᠶᠢᠨ ᠵᠡᠰ ᠮᠤᠯᠢᠪᠳᠧᠨ ᠤ ᠠᠭᠤᠷᠬᠠᠢ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠠᠭᠲᠠᠭᠠᠮᠵᠢ ᠶᠢ ᠦᠷᠭᠡᠳᠬᠡᠬᠦ ᠪᠠᠷᠢᠯᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ 65.3744 ᠾᠧᠺᠲ᠋ᠠᠷ ᠤᠯᠤᠰ ᠤᠨ ᠥᠮᠴᠢᠯᠡᠯᠲᠦ ᠭᠠᠵᠠᠷ ᠰᠢᠷᠤᠢ ᠬᠡᠷᠡᠭᠯᠡᠬᠦ ᠪᠠᠷ ᠲᠣᠭᠲᠠᠪᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ 46 ᠳ᠋ᠤᠭᠠᠷ ᠵᠦᠢᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠤᠨ 31 ᠳ᠋ᠦ᠋ᠭᠡᠷ ᠵᠦᠢᠯ ᠵᠡᠷᠭᠡ ᠲᠣᠭᠲᠠᠭᠠᠯ ᠢ ᠦᠨᠳᠦᠰᠦᠯᠡᠨ᠂ ᠭᠠᠵᠠᠷ ᠰᠢᠷᠣᠢ ᠬᠡᠷᠡᠭᠯᠡᠬᠦ ᠶᠢ ᠵᠥᠪᠰᠢᠶᠡᠷᠡᠬᠦ ᠵᠦᠢᠯᠡᠰ ᠢ ᠤᠳᠤ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄      ᠨᠢᠭᠡ᠂ ᠭᠠᠵᠠᠷ ᠰᠢᠷᠣᠢ ᠲᠠᠲᠠᠪᠤᠷᠢᠯᠠᠬᠤ ᠶᠢ ᠵᠥᠪᠰᠢᠶᠡᠷᠡᠭᠰᠡᠨ ᠪᠠᠶᠢᠭᠤᠯᠭ᠎ᠠ᠂ ᠪᠢᠴᠢᠭ ᠮᠠᠲ᠋ᠧᠷᠢᠶᠠᠯ ᠤᠨ ᠳ᠋ᠤᠭᠠᠷ ᠵᠢᠴᠢ ᠬᠡᠷᠡᠭᠴᠡᠭᠡ      ᠲᠣᠰ ᠲᠥᠷᠥᠯ ᠵᠦᠢᠯ ᠢ 2024 ᠣᠨ ᠤ 1 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︵ᠥᠪᠥᠷ ᠵᠠᠰᠠᠭ ᠲᠠᠷᠬᠠᠭᠠᠭᠰᠠᠨ ﹇2024﹈ 60 ᠳ᠋ᠤᠭᠠᠷ ᠲᠣᠭᠠᠲᠤ︶ ᠤ ᠪᠢᠴᠢᠭ ᠮᠠᠲ᠋ᠧᠷᠢᠶᠠᠯ ᠢᠶᠠᠷ ᠵᠥᠪᠰᠢᠶᠡᠷᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠥᠯᠥᠨ ᠪᠠᠯᠭᠠᠰᠤ ᠶᠢᠨ ᠤᠷᠵᠢᠨ ᠭᠤᠷᠪᠠᠳᠤᠭᠠᠷ ᠦᠢᠯᠡᠳᠪᠦᠷᠢᠯᠡᠯ ᠤᠨ ᠪᠠᠷᠢᠭᠠᠳᠠ ᠶᠢᠨ ᠤᠯᠤᠰ ᠤᠨ ᠥᠮᠴᠢᠯᠡᠯᠲᠦ ᠲᠠᠷᠢᠶᠠᠯᠠᠩ ᠳᠤ ᠬᠡᠷᠡᠭᠯᠡᠬᠦ 65.3744 ᠾᠧᠺᠲ᠋ᠠᠷ ᠲᠠᠯᠠᠪᠠᠢ ᠭᠠᠵᠠᠷ ︵ᠪᠠᠶᠢᠭᠠᠯᠢᠯᠢᠭ ᠪᠡᠯᠴᠢᠭᠡᠷ 64.7497 ᠾᠧᠺᠲ᠋ᠠᠷ᠂ ᠪᠤᠰᠤᠳ ᠪᠡᠯᠴᠢᠭᠡᠷ 0.6247 ᠾᠧᠺᠲ᠋ᠠᠷ︶ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ ᠤᠨ ᠦᠪᠦᠷ ᠮᠣᠩᠭᠤᠯ ᠤᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠨᠡᠭᠡᠲᠦ ᠠᠭᠤᠯᠠ ᠶᠢᠨ ᠵᠡᠰ ᠮᠤᠯᠢᠪᠳᠧᠨ ᠤ ᠠᠭᠤᠷᠬᠠᠢ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠠᠭᠲᠠᠭᠠᠮᠵᠢ ᠶᠢ ᠦᠷᠭᠡᠳᠬᠡᠬᠦ ᠪᠠᠷᠢᠯᠭ᠎ᠠ ᠳᠤ ᠬᠡᠷᠡᠭᠯᠡᠬᠦ ᠪᠠᠷ ᠪᠣᠯᠪᠠ᠃      ᠬᠤᠶᠠᠷ᠂ ᠬᠡᠷᠡᠭᠯᠡᠭᠳᠡᠬᠦ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ᠂ ᠣᠷᠣᠨ ᠪᠠᠶᠢᠷᠢ᠂ ᠭᠠᠵᠠᠷ ᠰᠢᠷᠣᠢ ᠶᠢᠨ ᠲᠦᠷᠦᠯ ᠪᠠ ᠲᠠᠯᠠᠪᠠᠢ      ᠲᠤᠰ ᠲᠦᠷᠦᠯ ᠵᠦᠢᠯ ᠬᠥᠯᠥᠨ ᠪᠠᠯᠭᠠᠰᠤ ᠶᠢᠨ ᠤᠷᠵᠢᠨ ᠭᠤᠷᠪᠠᠳᠤᠭᠠᠷ ᠦᠢᠯᠡᠳᠪᠦᠷᠢᠯᠡᠯ ᠤᠨ ᠪᠠᠷᠢᠭᠠᠳᠠ ᠶᠢᠨ ᠤᠯᠤᠰ ᠤᠨ ᠥᠮᠴᠢᠯᠡᠯ ᠤᠨ ᠲᠠᠷᠢᠶᠠᠯᠠᠩ ᠳᠤ ᠬᠡᠷᠡᠭᠯᠡᠬᠦ ᠭᠠᠵᠠᠷ 65.3744 ᠾᠧᠺᠲ᠋ᠠᠷ ︵ᠪᠠᠶᠢᠭᠠᠯᠢᠯᠢᠭ ᠪᠡᠯᠴᠢᠭᠡᠷ 64.7497 ᠾᠧᠺᠲ᠋ᠠᠷ᠂ ᠪᠤᠰᠤᠳ ᠪᠡᠯᠴᠢᠭᠡᠷ 0.6247 ᠾᠧᠺᠲ᠋ᠠᠷ︶ ᠢ ᠬᠡᠷᠡᠭᠯᠡᠬᠦ ᠳᠤ ᠬᠤᠯᠪᠣᠭᠳᠠᠨ᠎ᠠ᠃      ᠭᠤᠷᠪᠠ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠪᠠᠷᠢᠮᠵᠢᠶ᠎ᠠ᠂ ᠲᠥᠪᠬᠢᠨᠡᠭᠦᠯᠬᠦ ᠠᠷᠭ᠎ᠠ ᠪᠠ ᠨᠡᠶᠢᠭᠡᠮ ᠤᠨ ᠪᠠᠲᠤᠯᠠᠭ᠎ᠠ      ᠲᠣᠰ ᠲᠥᠷᠥᠯ ᠵᠦᠢᠯ ᠳᠤ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ 65.3744 ᠾᠧᠺᠲ᠋ᠠᠷ ᠬᠡᠷᠡᠭᠯᠡᠬᠦ ᠪᠠᠷ ᠲᠥᠯᠥᠪᠯᠡᠵᠦ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠨᠥᠬᠦᠪᠦᠷᠢ ᠶᠢᠨ ᠪᠠᠷᠢᠮᠵᠢᠶ᠎ᠠ ᠶᠢ ᠪᠤᠴᠠᠭᠠᠨ ᠠᠪᠬᠤ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠳᠤ ᠵᠥᠪᠰᠢᠶᠡᠷᠡᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠭᠠᠵᠠᠷ ᠰᠢᠷᠣᠢ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠲᠣᠬᠢᠷᠠᠭᠤᠯᠤᠨ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 92 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠨᠡᠶᠢᠲᠡ 1 ᠲᠠᠲᠠᠪᠤᠷᠢᠯᠠᠬᠤ ᠭᠠᠵᠠᠷ ᠣᠷᠣᠨ ᠤ ᠬᠡᠰᠡᠭ ᠭᠠᠵᠠᠷ ᠤᠨ ᠦᠨ᠎ᠡ ᠶᠢᠨ ᠬᠡᠰᠡᠭ ᠣᠷᠣᠨ ᠳᠤ ᠬᠤᠯᠪᠣᠭᠳᠠᠵᠤ᠂ ᠾᠧᠺᠲ᠋ᠠᠷ ᠪᠦᠷᠢ ᠳᠤ 8.1750 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ᠭᠠᠵᠠᠷ ᠰᠢᠷᠣᠢ ᠶᠢᠨ ᠲᠥᠷᠥᠯ ᠤᠨ ᠪᠠᠶᠢᠭᠠᠯᠢᠯᠢᠭ ᠪᠡᠯᠴᠢᠭᠡᠷ ᠲᠤ ᠬᠤᠯᠪᠣᠭᠳᠠᠪᠠᠯ᠂ ᠪᠤᠰᠤᠳ ᠪᠡᠯᠴᠢᠭᠡᠷ ᠤᠨ ᠾᠧᠺᠲ᠋ᠠᠷ ᠪᠦᠷᠢ ᠶᠢᠨ ᠨᠥᠬᠦᠪᠦᠷᠢ ᠨᠢ ᠴᠥᠮ 8.1750 ᠲᠦᠮᠡᠨ ᠲᠥᠭᠦᠷᠢᠭ ᠪᠠᠶᠢᠵᠤ᠂ ᠲᠠᠷᠢᠶᠠᠨ ᠴᠢᠬᠢ ᠵᠢᠴᠢ ᠭᠠᠵᠠᠷ ᠳᠡᠭᠡᠷᠡᠬᠢ ᠳᠠᠭᠠᠯᠲᠠ ᠪᠣᠳᠠᠰ ᠤᠨ ᠨᠥᠬᠦᠪᠦᠷᠢ ᠪᠠᠶᠢᠬᠤ ᠦᠭᠡᠢ᠂ ᠲᠥᠷᠥᠯ ᠵᠦᠢᠯ ᠤᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠪᠤᠴᠠᠭᠠᠨ ᠠᠪᠤᠭᠰᠠᠨ ᠨᠥᠬᠦᠪᠦᠷᠢ ᠶᠢᠨ ᠶᠡᠷᠦᠩᠬᠡᠢ ᠵᠠᠷᠤᠳᠠᠯ 534.4357 ᠲᠦᠮᠡᠨ ᠲᠥᠭᠦᠷᠢᠭ ᠪᠣᠯᠣᠨ᠎ᠠ᠃ ᠲᠣᠰ ᠲᠥᠷᠥᠯ ᠵᠦᠢᠯ ᠤᠨ ᠬᠡᠰᠡᠭ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2012 ᠣᠨ ᠳᠤ ᠬᠡᠷᠡᠭᠵᠢᠭᠦᠯᠦᠭᠰᠡᠨ ᠦᠨᠡᠭᠡᠲᠦ ᠠᠭᠤᠯᠠ ᠶᠢᠨ ᠵᠡᠰ ᠮᠤᠯᠢᠪᠳᠧᠨ ᠤ ᠠᠭᠤᠷᠬᠠᠢ ᠶᠢᠨ ᠣᠷᠣᠨ ᠤ ᠪᠢᠲᠡᠭᠦᠮᠵᠢᠯᠡᠭᠰᠡᠨ ᠣᠷᠣᠨ ᠳᠤ ᠪᠠᠶᠢᠬᠤ ᠪᠥᠭᠡᠳ ᠲᠤᠬᠠᠢ ᠶᠢᠨ ᠵᠢᠯ ᠤᠨ ᠨᠥᠬᠦᠪᠦᠷᠢ ᠶᠢᠨ ᠪᠠᠷᠢᠮᠵᠢᠶ᠎ᠠ ᠶᠣᠰᠣᠭᠠᠷ 7.4700 ᠲᠦᠮᠡᠨ ᠲᠥᠭᠦᠷᠢᠭ \ ᠾᠧᠺᠲ᠋ᠠᠷ ᠲᠤ ᠡᠭᠦᠷᠢᠳᠡ ᠶᠢᠨ ᠨᠥᠬᠦᠪᠦᠷᠢ ᠦᠭᠭᠦᠨ᠎ᠡ᠃ ᠲᠣᠰ ᠤᠳᠠᠭᠠᠨ ᠤ ᠨᠥᠬᠦᠪᠦᠷᠢ ᠠᠴᠠ ᠲᠣᠰ ᠵᠢᠯ ᠤᠨ ᠨᠥᠬᠦᠪᠦᠷᠢ ᠶᠢᠨ ᠵᠣᠭᠤᠰ ᠤᠨ ᠲᠣᠰ ᠤᠳᠠᠭᠠᠨ ᠤ ᠲᠥᠯᠥᠪᠦᠷᠢ ᠶᠢᠨ ᠰᠦᠢᠳᠬᠡᠯ ᠤᠨ ᠪᠣᠳᠠᠲᠠᠢ ᠨᠥᠬᠦᠪᠦᠷᠢᠯᠡᠬᠦ ᠶᠣᠰᠣᠲᠠᠢ ᠵᠣᠭᠤᠰ ᠤᠨ ᠲᠤᠭ᠎ᠠ ᠨᠢ 300.0264 ᠲᠦᠮᠡᠨ ᠲᠥᠭᠦᠷᠢᠭ ᠪᠣᠯᠣᠨ᠎ᠠ᠃      ᠲᠣᠰ ᠲᠥᠷᠥᠯ ᠵᠦᠢᠯ ᠨᠢ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠬᠡᠷᠡᠭᠯᠡᠭᠰᠡᠨ ᠠᠴᠠ ᠪᠣᠯᠵᠤ᠂ ᠨᠡᠶᠢᠭᠡᠮ ᠤᠨ ᠳᠠᠭᠠᠳᠬᠠᠯ ᠢᠶᠠᠷ ᠲᠠᠷᠢᠶᠠᠯᠠᠩ ᠮᠠᠯ ᠠᠵᠤ ᠠᠬᠤᠢ ᠶᠢᠨ ᠬᠥᠮᠥᠨ ᠠᠮᠠ ᠳᠤ ᠬᠠᠮᠢᠶᠠᠷᠤᠭᠳᠠᠬᠤ ᠦᠬᠡᠢ᠃      ᠳᠥᠷᠪᠡ᠂ ᠪᠤᠰᠤᠳ ᠵᠦᠢᠯ      ᠭᠠᠵᠠᠷ ᠰᠢᠷᠣᠢ ᠶᠢ ᠬᠡᠷᠡᠭᠯᠡᠬᠦ ᠠᠯᠪᠠᠨ ᠵᠠᠷ ᠤᠨ ᠬᠤᠭᠤᠴᠠᠭ᠎ᠠ ᠨᠢ 15 ᠡᠳᠦᠷ ᠪᠣᠯᠣᠨ᠎ᠠ᠃ ᠲᠣᠰ ᠠᠯᠪᠠᠨ ᠵᠠᠷ ᠢ ᠭᠠᠵᠠᠷ ᠰᠢᠷᠣᠢ ᠶᠢ ᠬᠡᠷᠡᠭᠯᠡᠬᠦ ᠳᠤ ᠬᠤᠯᠪᠣᠭᠳᠠᠭᠰᠠᠨ ᠭᠠᠵᠠᠷ ᠣᠷᠣᠨ ᠵᠢᠴᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ᠵᠠᠷᠯᠠᠨ᠎ᠠ᠃ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠣᠨᠳᠣᠣ ᠰᠠᠨᠠᠯ ᠲᠠᠢ ᠪᠣᠯ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠣᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ᠂ ᠬᠠᠤᠯᠢ ᠳᠤ ᠲᠣᠭᠲᠠᠭᠠᠭᠰᠠᠨ ᠪᠠᠶᠢᠳᠠᠯ ᠢ ᠭᠠᠷᠭᠠᠪᠠᠯ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠬᠡᠷᠡᠭᠵᠢᠭᠦᠯᠦᠯᠲᠡ ᠶᠢ ᠵᠣᠭᠰᠤᠭᠠᠬᠤ ᠦᠭᠡᠢ᠃                                           2024 ᠣᠨ ᠤ 1 ᠰᠠᠷ᠎ᠠ ᠶᠢᠨ 24 ᠤ ᠡᠳᠦᠷ       ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠪᠠ︶ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ