ᠥᠮᠡᠨ ᠡᠪᠡᠳᠴᠢᠨ ᠢ ᠢᠳᠡᠵᠦ ᠤᠤᠭᠤᠵᠤ ᠪᠠᠶᠢᠭᠠᠳ ᠤᠯᠤᠬᠰᠠᠨ ᠬᠡᠨ᠎ᠡ ᠤᠤ︖ ᠡᠳᠡᠭᠡᠷ ᠢᠳᠡᠭᠡᠨ ᠥᠮᠡᠨ ᠢ ᠰᠡᠷᠭᠡᠶᠢᠯᠡᠵᠦ ᠲᠠᠶᠢᠯᠤᠨ᠎ᠠ︕
ᠨᠡᠶᠢᠲᠡᠯᠡᠭᠰᠡᠨ ᠴᠠᠭ᠄
2024/1/30
      ᠥᠮᠡᠨ︕ ᠥᠮᠡᠨ ᠡᠭᠦᠰᠭᠡᠬᠦ ᠪᠣᠳᠠᠰ︕ ᠪᠢᠳᠡᠨ ᠤ ᠡᠳᠦᠷ ᠲᠤᠲᠤᠮ ᠤᠨ ᠢᠳᠡᠭᠡᠨ ᠤᠮᠳᠠᠭᠠᠨ ᠳᠤ  ᠨᠢᠭᠤᠭᠳᠠᠵᠤ ᠪᠠᠶᠢᠨ᠎ᠠ ᠰᠢᠦ᠃      1. ᠢᠳᠡᠵᠦ ᠤᠤᠭᠤᠵᠤ ᠪᠠᠶᠢᠭᠠᠳ ᠤᠯᠤᠬᠰᠠᠨ ᠡᠯᠢᠭᠡᠨ ᠥᠮᠡᠨ      ᠬᠡᠷᠪᠡ ᠸᠠᠯᠠᠭᠰᠠᠨ᠂ ᠴᠢᠨᠠᠷ ᠬᠤᠪᠢᠷᠠᠭᠰᠠᠨ ᠢᠳᠡᠭᠡᠨ ᠢ ᠦᠷᠭᠦᠯᠵᠢ ᠢᠳᠡᠬᠦ ᠪᠤᠶᠤ ᠸᠠᠯᠠᠭᠰᠠᠨ ᠬᠤᠭᠤᠯᠠᠨ ᠤ ᠬᠡᠷᠡᠭᠰᠡᠯ ᠢᠶᠠᠷ ᠬᠤᠭᠤᠯᠠ ᠢᠳᠡᠪᠡᠯ ᠥᠮᠡᠨ ᠡᠭᠦᠰᠭᠡᠬᠦ ᠪᠣᠳᠠᠰ — ᠰᠢᠷ᠎ᠠ ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋(黄曲霉毒素) ᠢ ᠢᠳᠡᠵᠦ ᠮᠡᠳᠡᠨ᠎ᠡ᠃      2. ᠡᠯᠢᠭᠡᠨ ᠤ ᠥᠮᠡᠨ ᠢ ᠰᠡᠷᠭᠡᠶᠢᠯᠡᠬᠦ ᠳᠤ᠂ ᠨᠣᠭᠤᠭᠠᠨ ᠥᠩᠭᠡᠲᠦ ᠢᠳᠡᠭᠡᠨ ᠢᠳᠡᠬᠦ ᠬᠡᠷᠡᠭᠳᠡᠢ      ᠨᠣᠭᠤᠭᠠᠨ ᠥᠩᠭᠡᠲᠦ ᠢᠳᠡᠭᠡᠨ ᠳᠤ ᠨᠠᠪᠴᠢᠨ ᠤ ᠨᠣᠭᠤᠭᠠᠨ ᠡᠳ᠋ ᠤᠨ  ᠮᠣᠯᠧᠺᠦ᠋ᠯ  ᠠᠭᠤᠯᠤᠭᠳᠠᠵᠤ  ᠪᠠᠶᠢᠳᠠᠭ᠂ ᠲᠡᠳᠡᠭᠡᠷ ᠨᠢ ᠡᠯᠢᠭᠡᠨ ᠳᠤ ᠤᠷᠤᠭᠰᠠᠨ ᠤ ᠳᠠᠷᠠᠭ᠎ᠠ ᠰᠢᠷ᠎ᠠ ᠬᠦᠷᠦᠩᠭᠡ ᠶᠢᠨ ᠬᠥᠭᠡᠴᠦ ᠶᠢᠨ ᠬᠤᠣᠷᠲᠤ ᠡᠳ᠋ ᠢ ᠬᠠᠰᠢᠬᠤ ᠦᠢᠯᠡᠳᠦᠯ ᠦᠵᠡᠭᠦᠯᠵᠦ᠂ ᠰᠢᠷ᠎ᠠ ᠬᠦᠷᠦᠩᠭᠡ ᠶᠢᠨ  ᠬᠥᠭᠡᠴᠦ ᠶᠢᠨ ᠬᠤᠣᠷᠲᠤ ᠡᠳ᠋ ᠤᠨ ᠤᠳᠤᠮᠰᠢᠯ ᠤᠨ ᠪᠣᠳᠠᠰ ᠲᠤ ᠬᠤᠬᠢᠷᠠᠯ ᠤᠴᠠᠷᠠᠭᠤᠯᠬᠤ ᠶᠢ ᠬᠤᠷᠢᠭᠯᠠᠳᠠᠭ᠂ ᠡᠶᠢᠮᠦ ᠠᠴᠠ ᠡᠯᠢᠭᠡᠨ ᠥᠮᠡᠨ ᠢ  ᠤᠷᠢᠳᠴᠢᠯᠠᠨ ᠰᠡᠷᠭᠡᠶᠢᠯᠡᠬᠦ ᠦᠢᠯᠡᠳᠦᠯ ᠦᠵᠡᠬᠦᠯᠳᠡᠭ ᠶᠤᠮ᠃      3. ᠨᠣᠭᠤᠭᠠᠨ ᠥᠩᠭᠡᠲᠦ ᠢᠳᠡᠭᠡᠨ ᠤ ᠲᠤᠳᠤᠷᠠᠬᠢ ᠠᠯᠢᠨ ᠤ ᠬᠢᠨᠢ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠥᠨᠳᠥᠷ ᠪᠠᠶᠢᠳᠠᠭ ᠪᠤᠶ︖ ᠥᠩᠭᠡ ᠨᠢ ᠭᠦᠨ ᠪᠣᠯ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠥᠨᠳᠥᠷ ᠪᠠᠶᠢᠳᠠᠭ ᠬᠡᠵᠢ ᠦᠦ︖      ᠠᠷᠠᠢ ᠲᠡᠶᠢᠮᠦ ᠪᠢᠰᠢ ᠶᠤᠮ᠃ ᠵᠢᠮᠢᠰ ᠨᠣᠭᠤᠭ᠎ᠠ ᠶᠢᠨ ᠲᠥᠷᠥᠯ ᠪᠤᠶᠤ ᠭᠤᠸᠠ ᠶᠢᠨ ᠲᠥᠷᠥᠯ ᠤᠨ ᠢᠳᠡᠰᠢᠨ ᠨᠣᠭᠤᠭ᠎ᠠ ᠶᠢ ᠵᠥᠪᠬᠡᠨ ᠥᠩᠭᠡᠨ ᠲᠠᠯ᠎ᠠ ᠠᠴᠠ ᠨᠢ ᠦᠵᠡᠬᠦ ᠳᠤ ᠮᠠᠰᠢ ᠨᠣᠭᠤᠭᠠᠨ ᠪᠠᠶᠢᠳᠠᠭ ᠪᠤᠯᠪᠠᠴᠤ ᠲᠡᠳᠡᠭᠡᠷ ᠤᠨ ᠳᠣᠲᠣᠭᠠᠳᠤ ᠶᠢᠨ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠨᠢ ᠨᠡᠯᠢᠶᠡᠳ ᠪᠠᠭ᠎ᠠ ᠪᠠᠶᠢᠳᠠᠭ᠂ ᠵᠢᠱᠢᠶᠡᠯᠡᠪᠡᠯ ᠥᠷᠭᠡᠰᠦᠲᠦ ᠬᠡᠮᠬᠡ᠃      1. ᠢᠳᠡᠵᠦ ᠤᠤᠭᠤᠵᠤ ᠪᠠᠶᠢᠭᠠᠳ ᠤᠯᠤᠬᠰᠠᠨ ᠬᠤᠳᠣᠭᠤᠳᠣᠨ ᠥᠮᠡᠨ      ᠴᠥᠭᠡᠨ ᠪᠤᠰᠤ ᠬᠥᠮᠦᠰ ᠬᠤᠭᠤᠯᠠ ᠢᠳᠡᠬᠦ ᠳᠡᠭᠡᠨ ᠪᠦᠷ ᠳᠠᠪᠤᠰᠤᠯᠠᠭᠰᠠᠨ ᠢᠳᠡᠰᠢᠨ ᠨᠣᠭᠤᠭ᠎ᠠ᠂ ᠮᠢᠬᠠᠨ ᠤ ᠲᠥᠷᠥᠯ᠂ ᠵᠢᠭᠠᠰᠤᠨ ᠤ ᠲᠥᠷᠥᠯ᠂ ᠵᠢᠱᠢᠶᠡᠯᠡᠪᠡᠯ ᠳᠠᠪᠤᠰᠤᠯᠠᠭᠰᠠᠨ ᠨᠣᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠵᠢᠭᠠᠰᠤ ᠵᠡᠷᠭᠡ ᠶᠢ ᠢᠳᠡᠬᠦ ᠳᠤᠷᠠᠲᠠᠶ ᠪᠠᠶᠢᠳᠠᠭ᠂ ᠭᠡᠪᠡᠴᠦ ᠳᠠᠪᠤᠰᠤᠯᠠᠭᠰᠠᠨ ᠢᠳᠡᠭᠡᠨ ᠳᠤ ᠠᠭᠤᠯᠤᠭᠳᠠᠬᠤ ᠳᠤᠲᠠᠭᠤ ᠠᠽᠣᠲ ᠬᠦᠴᠢᠯ ᠤᠨ ᠳᠠᠪᠤᠰᠤᠨ ᠤ ᠠᠭᠤᠯᠤᠭᠳᠠᠴᠠ ᠨᠢ ᠨᠡᠯᠢᠶᠡᠳ ᠥᠨᠳᠥᠷ ᠪᠠᠶᠢᠳᠠᠭ᠂ ᠡᠶᠢᠮᠦ ᠳᠤᠲᠠᠭᠤ ᠠᠽᠣᠲ ᠬᠦᠴᠢᠯ ᠤᠨ ᠳᠠᠪᠤᠰᠤ ᠨᠢ ᠬᠦᠮᠦᠨ ᠤ ᠪᠡᠶ᠎ᠡ ᠶᠢᠨ ᠳᠣᠲᠣᠷ᠎ᠠ ᠣᠷᠳᠣ ᠬᠤᠭᠤᠴᠠᠭ᠎ᠠ ᠪᠠᠷ ᠬᠤᠷᠠᠮᠳᠤᠪᠡᠯ ᠥᠮᠡᠨ ᠤᠯᠬᠤ ᠵᠡᠷᠡᠮᠳᠡᠭ ᠪᠣᠯᠭᠠᠬᠤ ᠪᠠ ᠭᠧᠨ ᠢ ᠭᠡᠨᠡᠳᠲᠡ ᠬᠤᠪᠢᠷᠠᠭᠤᠯᠬᠤ ᠵᠡᠷᠭᠡ ᠦᠢᠯᠡᠳᠦᠯ ᠦᠵᠡᠬᠦᠯᠵᠦ ᠬᠤᠳᠣᠭᠤᠳᠣᠨ ᠥᠮᠡᠨ ᠤᠯᠤᠭᠤᠯᠳᠠᠭ᠂ ᠡᠨᠡ ᠨᠢ ᠬᠤᠳᠣᠭᠤᠳᠣᠨ ᠥᠮᠡᠨ ᠤᠯᠤᠭᠤᠯᠳᠠᠭ ︽ᠲᠦᠷᠦᠭᠦᠦ ᠶᠠᠷᠭᠠᠴᠢᠨ︾ ᠤ ᠨᠢᠭᠡ ᠪᠣᠯᠤᠨ᠎ᠠ᠃      2. ᠬᠤᠳᠣᠭᠤᠳᠣᠨ ᠥᠮᠡᠨ ᠢ ᠰᠡᠷᠭᠡᠶᠢᠯᠡᠬᠦ ᠳᠤ᠂ ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠢᠳᠡᠬᠦ ᠭᠡᠷᠡᠭᠳᠡᠢ      ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠶᠢ ᠦᠷᠭᠦᠯᠵᠢ ᠢᠳᠡᠪᠡᠯ ᠬᠤᠳᠣᠭᠤᠳᠣᠨ ᠥᠮᠡᠨ ᠤ ᠡᠭᠦᠰᠬᠦ ᠨᠣᠷᠮ᠎ᠠ ᠨᠢ ᠲᠡᠳᠦᠶ ᠳᠤᠤᠷ᠎ᠠ  ᠪᠤᠯᠭᠠᠳᠠᠭ᠃ ᠰᠤᠳᠤᠯᠭᠠᠨ ᠠᠴᠠ ᠦᠵᠡᠪᠡᠯ᠂ ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠳᠤ ᠰᠢᠷ᠎ᠠ ᠺᠧᠲ᠋ᠣᠨ(黄酮)᠂  ᠣᠷᠭᠠᠨᠢᠭ ᠬᠦᠬᠦᠷᠲᠦ ᠨᠢᠭᠡᠳᠪᠦᠷᠢ(有机硫化物)ᠵᠡᠷᠭᠡ ᠶᠢ ᠪᠠᠭᠲᠠᠭᠠᠭᠰᠠᠨ ᠮᠠᠰᠢ ᠣᠯᠠᠨ ᠣᠷᠭᠠᠨᠢᠭ ᠪᠣᠳᠠᠰ ᠪᠠᠶᠢᠳᠠᠭ᠂ ᠡᠲᠡᠭᠡᠷ ᠣᠷᠭᠠᠨᠢᠭ ᠪᠣᠳᠠᠰ ᠤᠨ ᠲᠣᠰ ᠪᠡᠶ᠎ᠡ ᠨᠢ ᠥᠮᠡᠨ ᠢ ᠰᠢᠭᠤᠳ ᠬᠤᠷᠢᠭᠯᠠᠬᠤ ᠦᠢᠯᠡᠳᠦᠯ ᠲᠠᠢ ᠶᠤᠮ᠃      3. ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠭᠡᠳᠡᠭ ᠨᠢ ᠶᠠᠮᠠᠷ ᠶᠠᠮᠠᠷ  ᠨᠣᠭᠤᠭ᠎ᠠ ᠶᠢ ᠵᠢᠭᠠᠵᠤ  ᠪᠠᠶᠢᠬᠤ ᠪᠤᠢ︖      ᠪᠥᠭᠡᠷᠡᠩᠬᠡᠶ ᠰᠣᠩᠭᠢᠨ᠎ᠠ᠂ ᠰᠣᠩᠭᠢᠨ᠎ᠠ᠂ ᠠᠮᠳᠠᠳᠤ ᠰᠣᠩᠭᠢᠨ᠎ᠠ᠂ ᠰᠠᠷᠢᠮᠰᠠᠭ᠂ ᠭᠤᠭᠤᠳ ᠵᠡᠷᠭᠡ ᠨᠢ ᠪᠦᠷ ᠰᠣᠩᠭᠢᠨ᠎ᠠ ᠶᠢᠨ ᠲᠥᠷᠥᠯ ᠳᠤ ᠪᠠᠭᠲᠠᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ