1. ᠬᠠᠷ᠎ᠠ ᠠᠷᠢᠬᠢ ᠪᠠ ᠲᠦᠭᠦᠬᠡᠢ ᠢᠳᠡᠭᠡᠨ | ᠰᠫᠢᠷᠲ ᠤᠨ ᠥᠳᠬᠡᠴᠡ ᠨᠢ 70% ᠠᠴᠠ ᠬᠡᠲᠦᠷᠡᠭᠰᠡᠨ ᠠᠷᠢᠬᠢᠨ ᠤ ᠵᠦᠢᠯ ᠤᠨ ᠤᠮᠳᠠᠭᠠᠨ ᠨᠢ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠲᠤ | ᠲᠣᠭᠠᠴᠠᠭᠳᠠᠨ᠎ᠠ᠂ ᠨᠠᠶᠢᠳᠠᠨ ᠵᠥᠭᠡᠭᠡᠪᠦᠷᠢᠯᠡᠭᠦᠯᠬᠦ ᠪᠠ ᠪᠡᠶ᠎ᠡ ᠳᠡᠭᠡᠨ ᠠᠪᠴᠤ ᠶᠠᠪᠤᠬᠤ ᠶᠢ ᠡᠷᠡᠰ ᠬᠤᠷᠢᠭᠯᠠᠨ᠎ᠠ᠃ | ᠬᠡᠷᠪᠡ ᠠᠶᠠᠨᠴᠢᠳ ᠬᠠᠷ᠎ᠠ ᠠᠷᠢᠬᠢ ᠠᠪᠴᠤ ᠭᠡᠷ ᠲᠡᠭᠡᠨ ᠬᠠᠷᠢᠵᠤ ᠰᠢᠨᠡᠯᠡᠶ᠎ᠡ ᠭᠡᠪᠡᠯ᠂ ᠬᠠᠷ᠎ᠠ ᠠᠷᠢᠬᠢ ᠶᠢ ᠨᠢᠭᠲᠠ ᠪᠢᠲᠡᠭᠦᠮᠵᠢᠯᠡᠵᠦ᠂ ᠲᠡᠮᠳᠡᠭ ᠨᠢ ᠲᠣᠳᠣᠷᠬᠠᠢ | ᠪᠠᠶᠢᠬᠤ ᠬᠡᠷᠡᠭᠲᠡᠢ ᠪᠥᠭᠡᠳ ᠭᠷᠡᠳᠦ᠋ᠰ ᠤᠨ ᠲᠤᠭ᠎ᠠ ᠨᠢ 70 ᠭᠷᠡᠳᠦ᠋ᠰ ᠠᠴᠠ ᠬᠡᠲᠦᠷᠡᠵᠦ ᠪᠣᠯᠬᠤ ᠦᠭᠡᠢ᠂ ᠨᠡᠶᠢᠲᠡ 3000 ᠮᠢᠯᠢᠯᠢᠲᠷ ᠠᠴᠠ ᠬᠡᠲᠦᠷᠡᠵᠦ ᠪᠣᠯᠬᠤ | ᠦᠭᠡᠢ᠃ | ᠠᠮᠢᠳᠤ ᠲᠠᠬᠢᠶ᠎ᠠ ᠭᠠᠯᠠᠭᠤ ᠶᠢ ᠲᠡᠷᠭᠡᠨ ᠳᠤ ᠠᠪᠴᠤ ᠭᠠᠷᠴᠤ ᠪᠣᠯᠬᠤ ᠦᠭᠡᠢ᠂ ᠭᠡᠪᠡᠴᠦ ᠨᠢᠭᠲᠠ ᠪᠢᠲᠡᠭᠦᠮᠵᠢᠯᠡᠭᠰᠡᠨ ᠲᠠᠬᠢᠶ᠎ᠠ᠂ ᠨᠤᠭᠤᠰᠤ᠂ ᠳᠠᠪᠤᠰᠤᠯᠠᠭᠰᠠᠨ | ᠮᠢᠬ᠎ᠠ᠂ ᠳᠠᠯᠠᠶ ᠶᠢᠨ ᠢᠳᠡᠭᠡᠨ ᠵᠡᠷᠭᠡ ᠰᠢᠨ᠎ᠡ ᠰᠣᠷᠭᠤᠭ ᠰᠢᠨ᠎ᠡ ᠵᠢᠯ ᠤᠨ ᠪᠠᠷᠠᠭ᠎ᠠ ᠶᠢ ᠲᠡᠷᠭᠡᠨ ᠳᠤ ᠠᠪᠴᠤ ᠭᠠᠷᠴᠤ ᠪᠣᠯᠣᠨ᠎ᠠ᠃ | 2. ᠴᠠᠬᠢᠯᠭᠠᠨ ᠴᠡᠨᠡᠭᠯᠡᠭᠦᠷ | ᠲᠣᠳᠣᠷᠬᠠᠢ ᠲᠡᠮᠳᠡᠭ ᠲᠠᠢ ᠴᠠᠬᠢᠯᠭᠠᠨ ᠴᠡᠨᠡᠭᠯᠡᠭᠦᠷ᠂ ᠯᠢᠲ᠋ᠢ ᠴᠠᠬᠢᠯᠭᠠᠨ ᠴᠡᠨᠡᠭ᠂ ᠳᠠᠩ ᠬᠡᠰᠡᠭ ᠤᠨ ᠨᠤᠷᠮ᠎ᠠ ᠡᠨᠧᠷᠭᠢ ᠨᠢ 100Wh ︵ᠸᠠᠭᠠᠷ ᠤᠨ ᠴᠠᠭ︶ | ᠠᠴᠠ ᠬᠡᠲᠦᠷᠡᠬᠦ ᠦᠭᠡᠢ᠂ ᠪᠠᠷᠤᠭ 27000 ᠮᠢᠯᠢ ᠠᠮᠫᠧᠷ ᠤᠨ ᠴᠠᠬᠢᠯᠭᠠᠨ ᠴᠡᠨᠡᠭᠯᠡᠭᠦᠷ ᠢ ᠭᠠᠯᠲᠤ ᠲᠡᠷᠭᠡᠨ ᠳᠤ ᠠᠪᠴᠤ ᠶᠠᠪᠤᠵᠤ ᠪᠣᠯᠣᠨ᠎ᠠ᠂ ᠯᠢᠲ᠋ᠢ ᠴᠠᠬᠢᠯᠭᠠᠨ | ᠴᠡᠨᠡᠭ ᠲᠠᠢ ᠴᠠᠬᠢᠯᠭᠠᠨ ᠬᠥᠳᠡᠯᠭᠡᠭᠦᠷᠲᠦ ᠬᠦᠷᠳᠦᠲᠦ ᠰᠠᠨᠳᠠᠯᠢ ᠡᠭᠦᠨ ᠳᠤ ᠪᠠᠭᠲᠠᠬᠤ ᠦᠭᠡᠢ᠃ | 1. ᠪᠠᠭᠠᠵᠢ ᠬᠡᠷᠡᠭᠰᠡᠯ ᠲᠠᠷᠢᠶᠠᠯᠠᠩ ᠤᠨ ᠪᠠᠭᠠᠵᠢ ᠬᠡᠷᠡᠭᠰᠡᠯ ᠵᠢᠴᠢ ᠡᠳᠦᠷ ᠳᠤᠲᠤᠮ ᠤᠨ ᠬᠡᠷᠡᠭᠯᠡᠭᠡᠨ ᠤ ᠡᠳ᠋ | ᠬᠤᠸᠠᠷ ᠫᠤᠤᠵᠢᠩ᠂ ᠢᠷ ᠤᠨ ᠤᠷᠳᠤ ᠨᠢ 60 ᠮᠢᠯᠢᠮᠧᠲᠷ ᠠᠴᠠ ᠬᠡᠲᠦᠷᠡᠭᠰᠡᠨ ᠪᠣᠣᠳᠤᠤ᠂ ᠬᠠᠶᠢᠴᠢ᠂ ᠵᠢᠮᠢᠰᠦᠨ ᠬᠢᠳᠤᠭ᠎ᠠ ᠵᠡᠷᠭᠡ ᠡᠳᠦᠷ ᠲᠤᠳᠤᠮ ᠤᠨ | ᠬᠡᠷᠡᠭᠯᠡᠭᠡᠨ ᠤ ᠬᠢᠳᠤᠭ᠎ᠠ᠂ ᠭᠠᠩᠨᠠᠭᠤᠷ ᠫᠤᠤ᠂ ᠠᠯᠤᠬ᠎ᠠ᠂ ᠲᠡᠮᠦᠷ ᠬᠦᠷᠵᠡ ᠵᠡᠷᠭᠡ ᠪᠠᠭᠠᠵᠢ ᠬᠡᠷᠡᠭᠰᠡᠯ ᠢ ᠴᠥᠮ ᠲᠡᠷᠭᠡᠨ ᠳᠤ ᠠᠪᠴᠤ ᠶᠠᠪᠤᠵᠤ ᠪᠣᠯᠬᠤ ᠦᠭᠡᠢ᠃ | ᠦᠰᠦᠨ ᠪᠣᠳᠤᠭ᠂ ᠬᠤᠷᠣᠬᠠᠢ ᠠᠯᠠᠬᠤ ᠡᠮ ᠵᠡᠷᠭᠡ ᠥᠪᠡᠷᠲᠡᠭᠡᠨ ᠰᠦᠷᠴᠢᠬᠦ ᠳᠠᠷᠤᠯᠲᠠᠲᠤ ᠰᠠᠪᠠ ᠶᠢ ᠠᠪᠴᠤ ᠶᠠᠪᠤᠪᠠᠯ᠂ ᠳᠠᠩ ᠪᠡᠶᠡᠲᠦ ᠰᠠᠪᠠ ᠶᠢᠨ | ᠪᠠᠭᠲᠠᠭᠠᠮᠵᠢ ᠶᠢ 150 ᠮᠢᠯᠢᠯᠢᠲᠷ ᠠᠴᠠ ᠬᠡᠲᠦᠷᠡᠭᠦᠯᠵᠦ ᠪᠣᠯᠬᠤ ᠦᠭᠡᠢ᠂ ᠵᠦᠢᠯ ᠪᠦᠷᠢ ᠶᠢ 1 ᠪᠠᠷ ᠬᠢᠵᠠᠭᠠᠷᠯᠠᠬᠤ ᠪᠥᠭᠡᠳ ᠨᠡᠶᠢᠲᠡ 600 ᠮᠢᠯᠢᠯᠢᠲᠷ ᠠᠴᠠ | ᠬᠡᠲᠦᠷᠡᠭᠦᠯᠵᠦ ᠪᠣᠯᠬᠤ ᠦᠭᠡᠢ᠃ | ᠦᠨᠦᠷᠲᠦ ᠤᠰᠤ᠂ ᠴᠡᠴᠡᠭ ᠤᠨ ᠨᠡᠷᠡᠮᠡᠯ ᠤᠨ ᠤᠰᠤ᠂ ᠮᠠᠨᠠᠨ ᠰᠦᠷᠴᠢᠭᠦᠷ᠂ ᠠᠷᠢᠭᠤᠳᠬᠠᠭᠰᠠᠨ ᠴᠠᠷᠴᠠᠮᠠᠯ ᠴᠠᠪᠠᠤ ᠵᠡᠷᠭᠡ ᠨᠣᠴᠣᠮᠠᠲᠠᠭᠠᠢ ᠪᠦᠷᠢᠯᠳᠦᠭᠦᠨ ᠲᠠᠢ | ᠥᠪᠡᠷᠲᠡᠭᠡᠨ ᠰᠦᠷᠴᠢᠬᠦ ᠪᠤᠰᠤ ᠳᠠᠷᠤᠯᠲᠠᠲᠤ ᠰᠠᠪᠠ ᠶᠢᠨ ᠡᠳᠦᠷ ᠲᠤᠲᠤᠮ ᠤᠨ ᠬᠡᠷᠡᠭᠯᠡᠭᠡᠨ ᠤ ᠵᠦᠢᠯ ᠢ ᠠᠪᠴᠤ ᠶᠠᠪᠤᠬᠤ ᠳᠤ᠂ ᠳᠠᠩ ᠪᠡᠶᠡᠲᠦ ᠰᠠᠪᠠ ᠶᠢᠨ | ᠪᠠᠭᠲᠠᠭᠠᠮᠵᠢ ᠶᠢ 100 ᠮᠢᠯᠢᠯᠢᠲᠷ ᠠᠴᠠ ᠬᠡᠲᠦᠷᠡᠭᠦᠯᠵᠦ ᠪᠣᠯᠬᠤ ᠦᠭᠡᠢ᠂ ᠵᠦᠢᠯ ᠪᠦᠷᠢ ᠶᠢ 1 ᠪᠠᠷ ᠬᠢᠵᠠᠭᠠᠷᠯᠠᠨ᠎ᠠ᠃ | ᠲᠡᠮᠦᠷ ᠵᠠᠮ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠭᠠᠯᠲᠤ ᠲᠡᠷᠭᠡᠨ ᠳᠤ ᠠᠪᠴᠤ ᠭᠠᠷᠬᠤ ᠶᠢ ᠡᠷᠡᠰ ᠬᠤᠷᠢᠭᠯᠠᠭᠰᠠᠨ ᠡᠳ᠋ ᠪᠣᠳᠠᠰ ᠢ ᠠᠶᠠᠨᠴᠢᠳ | ᠲᠡᠷᠭᠡᠨ ᠥᠷᠲᠡᠭᠡᠨ ᠳᠤ ᠬᠠᠳᠠᠭᠠᠯᠠᠭᠤᠯᠵᠤ᠂ ᠨᠠᠶᠢᠵᠠ ᠳᠠᠭᠠᠨ ᠨᠠᠶᠢᠳᠠᠵᠤ ᠬᠠᠪᠰᠤᠷᠤᠭᠤᠯᠤᠨ ᠠᠪᠠᠴᠢᠭᠤᠯᠬᠤ ᠪᠤᠶᠤ ᠨᠠᠶᠢᠳᠠᠨ ᠢᠯᠡᠭᠡᠬᠦ ᠭᠠᠷ ᠭᠦᠢᠴᠡᠳᠬᠡᠯ ᠬᠢᠯᠭᠡᠵᠦ | ᠪᠣᠯᠣᠨ᠎ᠠ᠂ ᠭᠡᠪᠡᠴᠦ ᠬᠤᠸᠠᠷ ᠫᠤᠤᠵᠢᠩ᠂ ᠬᠤᠷᠢᠭᠠᠲᠠᠢ ᠬᠢᠲᠤᠭ᠎ᠠ ᠬᠡᠷᠡᠭᠰᠡᠯ ᠵᠡᠷᠭᠡ ᠶᠢ ᠥᠷᠲᠡᠭᠡᠨ ᠳᠤ ᠠᠪᠴᠤ ᠣᠷᠣᠵᠤ ᠶᠠᠭᠠᠬᠢᠭᠰᠠᠨ ᠴᠤ ᠪᠣᠯᠬᠤ ᠦᠭᠡᠢ᠃ | ᠠᠶᠠᠨᠴᠢᠳ ᠢ ᠭᠠᠳᠠᠭᠰᠢ ᠭᠠᠷᠬᠤ ᠠᠴᠠ ᠪᠠᠨ ᠡᠮᠦᠨ᠎ᠡ 12306 ᠰᠦᠯᠵᠢᠶᠡᠨ ᠥᠷᠲᠡᠭᠡ ᠪᠤᠶᠤ 12306App ᠳᠤ ᠭᠠᠷᠴᠤ ᠪᠣᠳᠠᠲᠠᠢ ᠶᠠᠮᠠᠷ ᠶᠠᠮᠠᠷ ᠡᠳ᠋ | ᠪᠣᠳᠠᠰ ᠢ ᠠᠪᠴᠤ ᠶᠠᠪᠤᠬᠤ ᠶᠢ ᠡᠷᠡᠰ ᠬᠤᠷᠢᠭᠯᠠᠬᠤ᠂ ᠬᠢᠵᠠᠭᠠᠷᠯᠠᠬᠤ᠂ ᠶᠠᠮᠠᠷ ᠶᠠᠮᠠᠷ ᠡᠳ᠋ ᠪᠣᠳᠠᠰ ᠢ ᠨᠠᠶᠢᠳᠠᠨ ᠵᠥᠭᠡᠭᠡᠪᠦᠷᠢᠯᠡᠭᠦᠯᠵᠦ ᠪᠣᠯᠬᠤ ᠶᠢ ᠪᠠᠶᠢᠴᠠᠭᠠᠨ ᠦᠵᠡᠵᠦ᠂ | ᠪᠠᠶᠢᠴᠠᠭᠠᠨ ᠯᠠᠪᠯᠠᠵᠤ᠂ ᠭᠠᠳᠠᠭᠰᠢ ᠭᠠᠷᠬᠤ ᠪᠠᠨ ᠨᠥᠯᠥᠭᠡᠯᠡᠬᠦ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ᠃ |