ᠮᠠᠨ ᠤ ᠤᠯᠤᠰ ᠨᠠᠰᠤᠵᠢᠯ ᠤᠨ ᠠᠰᠠᠷᠠᠮᠵᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠤᠬᠠᠢ ᠶᠡᠷᠦᠩᠬᠡᠶᠢᠯᠡᠭᠰᠡᠨ ᠴᠢᠨᠠᠷᠲᠠᠶ ᠠᠩᠬᠠᠳᠠᠭᠴᠢ  ᠪᠢᠴᠢᠭ ᠮᠠᠲ᠋ᠧᠷᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/1/31
      ᠣᠶᠢᠷ᠎ᠠ ᠳᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠪᠠ ᠰᠢᠨ᠎ᠡ ᠴᠠᠭ  ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢᠨ ᠲᠥᠯᠥᠭᠡ᠂ ᠠᠷᠠᠳ ᠤᠨ  ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 12 ᠰᠠᠯᠠᠭ᠎ᠠ ᠮᠥᠴᠢᠷ ᠬᠠᠮᠲᠤᠷᠠᠨ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ       ︽ᠡᠨᠡ ᠪᠣᠯ ᠮᠠᠨ ᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠤᠬᠠᠶ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠩᠬᠠᠳᠠᠭᠴᠢ ᠪᠢᠴᠢᠭ ᠮᠠᠲ᠋ᠧᠷᠢᠶᠠᠯ ᠮᠥᠨ︾ ᠭᠡᠵᠦ ᠠᠷᠠᠳ ᠤᠨ ᠶᠠᠪᠤᠳᠠᠯ ᠤᠨ  ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠭᠰᠡᠨ ᠢᠶᠠᠨ ᠵᠠᠯᠭᠠᠭᠠᠳ᠂ ︽ᠰᠠᠨᠠᠯ︾ ᠳᠤ ᠨᠠᠰᠤᠲᠠᠶᠢᠴᠤᠳ ᠤᠨ ᠣᠯᠠᠨ ᠶᠠᠩᠵᠤᠲᠤ ᠴᠢᠨᠠᠷ ᠢ ᠬᠠᠩᠭᠠᠬᠤ᠂ ᠤᠯᠡᠠ ᠲᠡᠰ ᠳᠠᠪᠬᠤᠷᠭ᠎ᠠ ᠪᠦᠬᠦᠢ᠂ ᠴᠢᠨᠠᠷ ᠰᠠᠶᠢᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ  ᠶᠢ ᠬᠠᠨᠭ᠍ᠭᠠᠬᠤ ᠠᠴᠠ ᠡᠭᠦᠰᠴᠤ᠂ ᠨᠠᠰᠤᠵᠢᠯ ᠤᠨ ᠰᠤᠪᠢᠯᠠᠭᠴᠢ ᠵᠡᠷᠭᠡ ᠨᠠᠰᠤᠵᠢᠯ ᠤᠨ ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢᠲᠠᠨ ᠢ  ᠬᠥᠭᠵᠢᠭᠦᠯᠬᠦ ᠪᠠᠷ ᠭᠤᠤᠯᠳᠠᠯᠭ᠎ᠠ ᠪᠣᠯᠭᠠᠵᠦ᠂ ᠴᠢᠳᠠᠪᠤᠷᠢᠲᠠᠨ ᠤ ᠢᠷᠡᠯᠲᠡ ᠶᠢᠨ ᠠᠷᠭ᠎ᠠ ᠵᠠᠮ ᠢ ᠥᠷᠭᠡᠳᠬᠡᠬᠦ᠂ ᠴᠢᠳᠠᠪᠤᠷᠢᠲᠠᠨ ᠤ ᠬᠡᠪ ᠪᠣᠯᠪᠠᠰᠤᠷᠠᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠬᠦ᠂ ᠴᠢᠳᠠᠪᠤᠷᠢᠲᠠᠨ ᠢ ᠬᠡᠷᠡᠭᠯᠡᠵᠦ ᠬᠠᠮᠢᠶᠠᠷᠬᠤ ᠶᠢ ᠴᠢᠬᠤᠯᠠᠴᠢᠯᠠᠬᠤ᠂ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠵᠡᠷᠭᠡ ᠲᠠᠯ᠎ᠠ ᠠᠴᠠ ᠪᠦᠬᠦ ᠲᠠᠯ᠎ᠠ ᠶᠢᠨ ᠳᠦᠷᠢᠮ ᠤᠨ ᠵᠢᠷᠤᠭ ᠲᠥᠯᠥᠪᠯᠡᠭᠡ ᠬᠢᠵᠦ᠂ ︽ᠤᠷᠤᠭᠤᠯᠤᠨ ᠠᠪᠴᠢᠷᠠᠬᠤ᠂ ᠬᠦᠮᠦᠵᠢᠬᠦᠯᠬᠦ᠂ ᠦᠨᠡᠯᠡᠬᠦ᠂ ᠬᠡᠷᠡᠭᠯᠡᠬᠦ᠂ ᠦᠯᠡᠳᠡᠭᠡᠬᠦ︾ ᠨᠡᠶᠢᠯᠡᠮᠡᠯ ᠨᠢᠳᠤᠷᠭ᠎ᠠ ᠶᠢ ᠰᠠᠶᠢᠳᠤᠷ ᠭᠠᠷᠭᠠᠵᠤ᠂ ᠬᠡᠪᠴᠢᠶ᠎ᠡ ᠪᠠᠷ ᠵᠣᠬᠢᠰᠲᠠᠶ᠂ ᠪᠦᠲᠦᠴᠡ ᠨᠢ ᠵᠦᠢ ᠵᠣᠬᠢᠰᠲᠠᠶ᠂ ᠮᠣᠷᠠᠯ ᠮᠡᠷᠭᠡᠵᠢᠯ ᠬᠤᠤᠰᠯᠠᠭᠰᠠᠨ ᠨᠠᠰᠤᠵᠢᠯ ᠤᠨ ᠦᠢᠯᠡᠴᠢᠯᠡᠭᠡᠨ ᠤ ᠨᠢᠭᠡᠨ ᠰᠠᠯᠠᠭ᠎ᠠ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠳᠤ ᠴᠢᠳᠠᠪᠤᠷᠢᠲᠠᠨ ᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠵᠦ ᠬᠡᠯᠡᠪᠡ᠃      ︽ᠰᠠᠨᠠᠯ︾ ᠳᠤ᠂ 2025 ᠣᠨ ᠪᠣᠯᠬᠤ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠤᠷ᠎ᠠ ᠴᠢᠳᠠᠪᠤᠷᠢ ᠲᠠᠢ ᠴᠢᠳᠠᠪᠤᠷᠢᠲᠠᠨ ᠢᠶᠠᠷ ᠭᠤᠤᠯᠳᠠᠯᠭ᠎ᠠ ᠪᠣᠯᠭᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠬᠡᠪᠴᠢᠶ᠎ᠡ ᠶᠢ ᠤᠯᠠᠮ ᠴᠢᠨᠠᠬᠰᠢᠳᠠ ᠪᠤᠵᠠᠭᠠᠶᠢᠷᠠᠭᠤᠯᠵᠤ᠂ ᠬᠡᠪ ᠪᠣᠯᠪᠠᠰᠤᠷᠠᠯ ᠢ ᠨᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠦᠲᠦᠴᠡ ᠶᠢ ᠨᠢ ᠦᠷᠭᠦᠯᠵᠢᠯᠡᠨ ᠰᠢᠯᠢᠳᠡᠭᠵᠢᠭᠦᠯᠵᠦ᠂ ᠴᠢᠳᠠᠪᠤᠷᠢᠲᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠬᠦ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠢᠯᠡᠳᠲᠡ ᠴᠢᠩᠭᠠᠷᠠᠭᠤᠯᠤᠨ᠎ᠠ︔ 2035 ᠣᠨ ᠪᠣᠯᠬᠤ ᠳᠤ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ᠂ ᠠᠵᠢᠯ ᠲᠥᠷᠥᠯ ᠤᠨ ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ ᠢ ᠦᠷᠭᠦᠯᠵᠢᠯᠡᠨ  ᠰᠠᠶᠢᠵᠢᠷᠠᠭᠤᠯᠵᠤ᠂ ᠨᠠᠰᠤᠵᠢᠯ ᠤᠨ ᠦᠢᠯᠡᠴᠢᠯᠡᠭᠡᠨ ᠤ  ᠴᠢᠳᠠᠪᠤᠷᠢᠲᠠᠨ ᠢ ︽ᠤᠷᠤᠭᠤᠯᠤᠨ ᠠᠪᠴᠢᠷᠠᠬᠤ᠂ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠦᠯᠡᠳᠡᠭᠡᠬᠦ︾ ᠲᠦᠷᠢᠮ ᠲᠣᠭᠲᠠᠴᠠ ᠶᠢ ᠨᠠᠩ ᠲᠦᠯᠦᠪᠰᠢᠷᠡᠭᠦᠯᠦᠨ ᠬᠡᠯᠪᠡᠷᠢᠵᠢᠭᠦᠯᠦᠨ᠎ᠡ ᠭᠡᠵᠦ ᠲᠤᠳᠤᠷᠬᠠᠶᠢᠯᠠᠪᠠ᠃      ︽ᠰᠠᠨᠠᠯ︾ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ︽ᠤᠷᠤᠭᠤᠯᠤᠨ ᠠᠪᠴᠢᠷᠠᠬᠤ᠂ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ᠂ ᠦᠯᠡᠳᠡᠭᠡᠬᠦ︾ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠰᠢᠰᠲ᠋ᠧᠮᠲᠦ ᠴᠢᠨᠠᠷᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ