ᠬᠥᠮᠦᠨ ᠪᠦᠷᠢ ᠶᠢᠨ ᠡᠳᠦᠷ ᠪᠤᠯᠭᠠᠨ ᠤ ᠠᠮᠠᠷᠠᠯᠲᠠ ᠰᠤᠪᠢᠯᠠᠯᠲᠠ ᠶᠢᠨ ᠵᠠᠷᠤᠳᠠᠯ ᠨᠢ ᠬᠠᠮᠤᠭ ᠥᠨᠳᠥᠷ ᠲᠡᠭᠡᠨ 1000 ᠲᠥᠭᠦᠷᠢᠭ︕
ᠨᠡᠶᠢᠲᠡᠯᠡᠭᠰᠡᠨ ᠴᠠᠭ᠄
2024/1/31
      ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  ᠪᠠᠲᠤᠯᠠᠭ᠎ᠠ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ︽ᠠᠵᠢᠯᠲᠠᠨ ᠠᠵᠢᠯᠴᠢᠨ ᠤ ᠠᠮᠠᠷᠠᠯᠲᠠ ᠰᠤᠪᠢᠯᠠᠯᠲᠠ ᠶᠢᠨ ᠠᠵᠢᠯ ᠢ ᠴᠢᠩᠭᠠᠳᠬᠠᠬᠤ ᠲᠤᠬᠠᠶ ᠰᠠᠨᠠᠯ︾ ᠢ ᠪᠠᠭᠤᠯᠭᠠᠪᠠ᠃      ︽ᠰᠠᠨᠠᠯ︾ ᠳᠤ᠂ ᠠᠵᠢᠯᠲᠠᠨ ᠠᠵᠢᠯᠴᠢᠨ ᠤ ᠠᠮᠠᠷᠠᠯᠲᠠ ᠰᠤᠪᠢᠯᠠᠯᠲᠠ ᠳᠤ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ᠂ ᠠᠵᠢᠯᠴᠢᠨ ᠤ ᠡᠪᠯᠡᠯ ᠤᠨ ᠭᠡᠰᠢᠭᠦᠨ᠂ ᠮᠡᠷᠭᠡᠵᠢᠯ ᠤᠨ ᠠᠵᠢᠯᠴᠢᠨ ᠢᠶᠠᠷ ᠭᠤᠤᠯ ᠪᠤᠯᠭᠠᠨ᠂ ᠰᠢᠯᠢᠳᠡᠭ ᠮᠡᠷᠭᠡᠵᠢᠯ ᠤᠨ ᠠᠵᠢᠯᠴᠢᠨ᠂ ᠣᠷᠳᠣ ᠬᠤᠭᠤᠴᠠᠭ᠎ᠠ ᠪᠠᠷ ᠬᠤᠤᠷ ᠬᠥᠨᠥᠭᠡᠯ ᠲᠠᠢ ︵ᠪᠤᠶᠤ ᠠᠵᠢᠯ ᠤᠨ ᠡᠷᠴᠢᠮ ᠶᠡᠭᠡᠳᠡᠢ︶ ᠠᠵᠢᠯ ᠤᠨ ᠪᠠᠶᠢᠷᠢ ᠳᠡᠭᠡᠷ᠎ᠡ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ᠂ ᠡᠯ᠎ᠡ ᠲᠥᠷᠥᠯ ᠤᠨ ᠲᠡᠷᠢᠭᠦᠨ ᠤ ᠵᠢᠱᠢᠶᠡᠴᠢ ᠬᠥᠮᠦᠰ ᠢ ᠤᠷᠢᠳ ᠢᠶᠠᠷ ᠲᠣᠬᠢᠷᠠᠭᠤᠯᠵᠤ᠂ ᠠᠵᠢᠯ ᠤᠨ ᠬᠠᠷᠠᠭ᠎ᠠ ᠪᠠᠷ ᠰᠢᠷᠬᠠᠲᠤᠭᠰᠠᠨ ᠪᠠ ᠠᠵᠢᠯ ᠠᠴᠠ ᠪᠠᠨ ᠠᠮᠠᠷᠠᠬᠤ ᠭᠡᠵᠦ ᠪᠠᠶᠢᠭ᠎ᠠ ᠠᠵᠢᠯᠲᠠᠨ ᠠᠵᠢᠯᠴᠢᠨ ᠢ ᠬᠠᠷᠠᠭᠠᠯᠵᠠᠨ᠎ᠠ ᠭᠡᠪᠡ᠃      ︽ᠰᠠᠨᠠᠯ︾ ᠳᠤ᠂ ᠠᠵᠢᠯᠲᠠᠨ ᠠᠵᠢᠯᠴᠢᠨ ᠤ ᠠᠮᠠᠷᠠᠯᠲᠠ ᠰᠤᠪᠢᠯᠠᠯᠲᠠ ᠶᠢᠨ ᠠᠵᠢᠯᠯᠠᠭ᠎ᠠ ᠨᠢ ᠠᠮᠠᠷᠠᠬᠤ᠂ ᠰᠤᠪᠢᠯᠠᠬᠤ ᠪᠠᠷ ᠭᠤᠤᠯ ᠠᠭᠤᠯᠭ᠎ᠠ ᠪᠣᠯᠭᠠᠵᠤ᠂ ᠨᠠᠮ ᠰᠡᠯᠡᠭᠦᠨ ᠲᠠᠭᠠᠯᠠᠮᠵᠢᠲᠠᠶ ᠣᠷᠴᠢᠨ ᠲᠣᠭᠤᠷᠢᠨ ᠪᠠ ᠰᠢᠮ᠎ᠡ ᠲᠡᠵᠢᠭᠡᠯ ᠲᠠᠢ ᠡᠷᠡᠭᠦᠯ ᠰᠠᠶᠢᠬᠠᠨ ᠢᠳᠡᠭᠡᠨ ᠤᠮᠳᠠᠭᠠᠨ ᠬᠠᠩᠭᠠᠵᠤ᠂  ᠠᠵᠢᠯᠲᠠᠨ ᠠᠵᠢᠯᠴᠢᠨ ᠳᠤ ᠠᠮᠠᠷᠠᠵᠦ ᠰᠤᠪᠢᠯᠠᠬᠤ ᠦᠢᠯᠡᠴᠢᠯᠡᠭᠡ ᠬᠠᠩᠭᠠᠨ᠎ᠠ ᠭᠡᠵᠦ ᠲᠤᠬᠳᠠᠭᠠᠪᠠ᠃      ︽ᠰᠠᠨᠠᠯ︾ ᠳᠤ᠂ ᠠᠮᠠᠷᠠᠵᠦ ᠰᠤᠪᠢᠯᠠᠬᠤ ᠦᠢᠯᠡᠴᠢᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ ᠲᠣᠰ ᠨᠢᠭᠡᠴᠡ ᠶᠢᠨ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠴᠠᠭ ᠢ ᠨᠢ ᠨᠢᠭᠡᠳᠦᠯᠲᠡᠶ ᠲᠥᠯᠥᠪᠯᠡᠨ ᠵᠦᠶ ᠵᠣᠬᠢᠰᠲᠠᠶ ᠲᠣᠬᠢᠷᠠᠭᠤᠯᠵᠤ ᠪᠣᠯᠤᠨ᠎ᠠ᠂ ᠠᠵᠢᠯᠲᠠᠨ ᠠᠵᠢᠯᠴᠢᠨ ᠤ ᠠᠮᠠᠷᠠᠯᠲᠠ ᠰᠤᠪᠢᠯᠠᠯᠲᠠ ᠶᠢᠨ ᠠᠵᠢᠯᠯᠠᠭ᠎ᠠ ᠶᠢ ᠵᠠᠷᠴᠢᠮ ᠳᠡᠭᠡᠷ᠎ᠡ ᠪᠠᠨ ᠪᠦᠯᠦᠭ ᠤᠳᠠᠭ᠎ᠠ ᠪᠦᠷᠢ ᠲᠠᠪᠤᠨ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ ︵ᠢᠷᠡᠵᠦ ᠣᠴᠢᠬᠤ ᠴᠠᠭ ᠢ ᠪᠠᠭᠲᠠᠭᠠᠬᠤ ᠥᠬᠡᠶ︶᠃      ᠠᠵᠢᠯᠲᠠᠨ ᠠᠵᠢᠯᠴᠢᠨ ᠤ ᠠᠮᠠᠷᠠᠯᠲᠠ ᠰᠤᠪᠢᠯᠠᠯᠲᠠ ᠶᠢᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠦᠷᠨᠢᠬᠦᠯᠵᠦ᠂ ᠭᠠᠵᠠᠷ ᠣᠷᠣᠨ  ᠢ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠠᠵᠢᠯᠴᠢᠨ ᠤ ᠡᠪᠯᠡᠯ ᠳᠤ ᠬᠠᠷᠢᠶᠠᠯᠠᠭᠳᠠᠬᠤ ᠠᠵᠢᠯᠴᠢᠨ ᠤ ᠰᠤᠪᠢᠯᠠᠯᠲᠠ ᠶᠢᠨ ᠬᠦᠷᠢᠶᠡᠯᠡᠩ ᠢ ᠡᠩ ᠲᠡᠷᠢᠭᠦᠨ ᠳᠤ ᠰᠣᠩᠭᠤᠬᠤ ᠪᠤᠶᠤ ᠡᠰᠡᠬᠦᠯ᠎ᠡ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ᠂ ᠠᠶᠢᠮᠠᠭ ᠬᠤᠲᠠ ᠶᠢᠨ ᠠᠵᠢᠯᠴᠢᠨ ᠤ ᠡᠪᠯᠡᠯ ᠤᠨ ᠫᠠᠶᠢᠰᠠ ᠡᠯᠭᠦᠭᠰᠡᠨ ᠠᠵᠢᠯᠲᠠᠨ ᠠᠵᠢᠯᠴᠢᠨ ︵ᠬᠥᠳᠡᠯᠮᠦᠷᠢ ᠶᠢᠨ ᠵᠢᠱᠢᠶᠡᠴᠢ︶ ᠤ ᠠᠮᠠᠷᠠᠯᠲᠠ ᠰᠤᠪᠢᠯᠠᠯᠲᠠ ᠶᠢᠨ ᠰᠠᠭᠤᠷᠢᠨ ᠭᠠᠵᠠᠷ ᠢ ᠰᠣᠩᠭᠤᠵᠤ ᠪᠣᠯᠤᠨ᠎ᠠ᠃      ᠠᠮᠠᠷᠠᠯᠲᠠ ᠰᠤᠪᠢᠯᠠᠯᠲᠠ ᠶᠢᠨ ᠬᠤᠭᠤᠴᠠᠭᠠᠨ ᠤ ᠵᠠᠷᠤᠳᠠᠯ ᠳᠤ ᠬᠤᠭᠤᠯᠠ ᠬᠤᠨᠤᠭ ᠤᠨ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ᠂  ᠠᠵᠢᠯᠯᠠᠭᠠᠨ ᠤ ᠵᠠᠷᠤᠳᠠᠯ ᠂ ᠳᠠᠭᠠᠳᠬᠠᠯ ᠤᠨ ᠵᠠᠷᠤᠳᠠᠯ ᠵᠡᠷᠭᠡ ᠶᠢ ᠪᠠᠭᠲᠠᠭᠠᠵᠤ᠂ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠨᠢᠭᠡᠴᠡ ᠶᠢᠨ ᠬᠢᠨ ᠡᠭᠦᠷᠭᠡᠯᠡᠨ᠎ᠡ᠃ ᠠᠵᠢᠯᠲᠠᠨ ᠠᠵᠢᠯᠴᠢᠨ ᠤ ᠠᠮᠠᠷᠠᠯᠲᠠ ᠰᠤᠪᠢᠯᠠᠯᠲᠠ ᠶᠢᠨ ᠵᠠᠷᠤᠳᠠᠯ ᠢ ᠤᠯᠠᠷᠢᠯ ᠢ ᠦᠨᠳᠦᠰᠦᠯᠡᠨ ᠵᠣᠬᠢᠰᠲᠠᠶ ᠲᠣᠬᠢᠷᠠᠭᠤᠯᠵᠤ᠂  ᠬᠥᠮᠦᠨ ᠪᠦᠷᠢ ᠳᠤᠮᠳᠠᠴᠢ ᠪᠠᠷ ᠡᠳᠦᠷ ᠪᠤᠯᠭᠠᠨ 1000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ