ᠠᠷᠠᠳ ᠤᠨ ᠶᠠᠪᠤᠳᠠᠯ ᠤᠨ ᠨᠡᠶᠢᠭᠡᠮ ᠤᠨ ᠠᠵᠢᠯᠲᠠᠳ ᠡᠭᠦᠳᠡ ᠲᠣᠭᠰᠢᠬᠤ ᠠᠵᠢᠯᠯᠠᠭ᠎ᠠ ᠦᠷᠨᠢᠭᠦᠯᠵᠦ ᠣᠨᠴᠠ ᠬᠦᠴᠢᠷᠳᠡᠯ ᠲᠠᠢ ᠪᠦᠯᠬᠦᠮ ᠨᠡᠶᠢᠲᠡ ᠶᠢ ᠰᠡᠳᠬᠢᠯ ᠲᠠᠯᠪᠢᠨ ᠬᠠᠶᠢᠷᠠᠯᠠᠨ ᠬᠠᠯᠠᠮᠵᠢᠯᠠᠵᠤ ᠪᠣᠢ
ᠨᠡᠶᠢᠲᠡᠯᠡᠭᠰᠡᠨ ᠴᠠᠭ᠄
2024/1/5
      ᠬᠦᠢᠲᠡᠨ ᠠᠭᠤᠷ ᠠᠮᠢᠰᠬᠤᠯ ᠤᠨ ᠨᠦᠯᠦᠭᠡᠯᠡᠯ ᠠᠴᠠ ᠪᠣᠯᠵᠤ᠂ ᠬᠦᠴᠢᠷᠳᠡᠯ ᠲᠠᠢ ᠣᠯᠠᠨ ᠲᠦᠮᠡᠨ ᠤ ᠠᠮᠤᠷ ᠲᠦᠪᠰᠢᠨ᠂ ᠠᠶᠤᠯ ᠲᠦᠭᠰᠢᠭᠦᠷᠢ᠂ ᠬᠠᠯᠠᠭᠤᠨ ᠳᠤᠯᠠᠭᠠᠨ ᠨᠢ ᠳᠠᠯᠠᠶ ᠰᠣᠮᠣ ᠶᠢᠨ ᠠᠷᠠᠳ ᠤᠨ ᠶᠠᠪᠤᠳᠠᠯ ᠤᠨ ᠬᠥᠮᠥᠰ ᠤᠨ ᠰᠡᠳᠬᠢᠯ ᠤᠨ ᠬᠥᠪᠴᠢ ᠶᠢ ᠲᠠᠲᠠᠵᠤ ᠪᠠᠶᠢᠯ᠎ᠠ᠃ ᠣᠨᠴᠠᠭᠠᠶ ᠬᠦᠴᠢᠷᠳᠡᠯᠲᠡᠢ ᠪᠦᠯᠬᠦᠮ ᠨᠡᠶᠢᠲᠡ ᠶᠢ ᠬᠠᠯᠠᠮᠵᠢᠯᠠᠨ ᠲᠡᠳᠬᠦᠬᠦ ᠶᠢ ᠴᠢᠩᠭᠠᠳᠬᠠᠵᠤ᠂ ᠣᠨᠴᠠᠭᠠᠶ ᠴᠠᠭ ᠦᠶ᠎ᠡ ᠳᠤ ᠲᠡᠳᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 3᠎ ᠤ ᠡᠳᠦᠷ᠂ ᠲᠡᠯᠡᠶ ᠰᠤᠮᠤ ᠶᠢᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠰᠤᠮᠤ ᠶᠢᠨ ᠡᠪᠯᠡᠯ ᠤᠨ ᠬᠤᠷᠢᠶ᠎ᠠ ᠲᠠᠢ ᠬᠠᠮᠲᠤᠷᠠᠨ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠵᠦ᠂ ᠨᠡᠶᠢᠭᠡᠮ ᠤᠨ ᠠᠵᠢᠯᠲᠠᠨ ᠤ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠤᠨ ᠠᠶᠢᠯ ᠡᠷᠦᠬᠡ ᠳᠤ ᠣᠴᠢᠭᠤᠯᠵᠤ ᠬᠠᠪᠰᠤᠷᠤᠨ ᠲᠡᠳᠬᠦᠵᠦ᠂ ︽ᠴᠡᠭ ᠠᠴᠠ ᠴᠡᠭ︾᠎ ᠲᠤ ᠦᠢᠯᠡᠴᠢᠯᠡᠭᠦᠯᠦᠨ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠲᠣᠣᠷ ᠢ ᠨᠢᠭᠲᠠ ᠰᠦᠯᠵᠢᠵᠦ ᠪᠠᠬᠢᠵᠢᠭᠦᠯᠪᠡ᠃
1.5民政1.jpg
      ᠬᠠᠷᠢᠶᠠᠲᠤ ᠣᠷᠣᠨ ᠳᠠᠬᠢ ᠬᠦᠨᠳᠦ ᠵᠡᠮᠳᠡᠭ ᠡᠪᠡᠳᠴᠢᠨ ᠲᠠᠢ᠂ ᠬᠦᠴᠢᠷᠳᠡᠯ ᠳᠤ ᠲᠤᠯᠭᠠᠷᠠᠭᠰᠠᠨ᠂ ᠣᠷᠣᠯᠭ᠎ᠠ ᠪᠠᠭᠠᠲᠠᠢ ᠵᠡᠷᠭᠡ ᠡᠷᠦᠬᠡ ᠶᠢ ᠠᠰᠠᠭᠤᠨ ᠰᠤᠷᠪᠤᠯᠵᠢᠯᠠᠪᠠ᠃ ᠰᠤᠷᠪᠤᠯᠵᠢᠯᠠᠬᠤ ᠶᠠᠪᠤᠴᠠ ᠳᠤ᠂ ᠰᠤᠮᠤᠨ ᠤ ᠰᠠᠶᠢᠨ ᠳᠤᠷᠠᠴᠤᠤᠯ ᠲᠣᠬᠤᠨᠢᠭᠤᠯᠬᠤ ᠪᠣᠳᠠᠰ ᠬᠦᠷᠭᠡᠵᠦ᠂ ᠬᠦᠴᠢᠷᠳᠡᠯᠲᠡᠢ ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠠᠰᠠᠭᠤᠨ ᠯᠠᠪᠯᠠᠵᠤ᠂ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠲᠡᠳᠡᠨ ᠤ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠰᠣᠨᠣᠰᠬᠤ ᠶᠢᠨ ᠬᠠᠮᠲᠤ᠂ ᠴᠢᠳᠠᠯ ᠤᠨ ᠬᠢᠷᠢ ᠪᠠᠷ ᠢᠶᠠᠨ ᠭᠡᠷ ᠤᠨ ᠠᠵᠢᠯ ᠢ ᠬᠠᠪᠰᠤᠷᠤᠨ ᠬᠢᠵᠦ᠂ ᠠᠮᠢᠳᠤᠷᠠᠯ ᠤᠨ ᠳᠠᠷᠤᠭᠠᠰᠤ ᠶᠢ ᠨᠢ ᠬᠥᠩᠭᠡᠷᠡᠭᠦᠯᠪᠡ᠃ ᠲᠣᠰ ᠤᠳᠠᠭᠠᠨ ᠤ ︽ᠡᠭᠦᠳᠡ ᠲᠣᠭᠰᠢᠬᠤ ᠠᠵᠢᠯᠯᠠᠭ᠎ᠠ︾᠎ ᠨᠢ ᠬᠦᠴᠢᠷᠳᠡᠯᠲᠡᠢ ᠣᠯᠠᠨ ᠲᠦᠮᠡᠨ ᠤ ᠡᠷᠡᠭᠦᠯ ᠮᠡᠨᠳᠦ ᠠᠮᠤᠷ ᠠᠮᠤᠭᠤᠯᠠᠩ ᠢ ᠬᠠᠮᠠᠭᠠᠯᠠᠵᠤ᠂ ᠦᠢᠯᠡᠴᠢᠯᠡᠬᠦ ᠡᠲᠡᠭᠡᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠲᠡᠳᠡᠨ ᠳᠤ ᠣᠶᠤᠨ ᠰᠠᠨᠠᠭᠠᠨ ᠤ ᠳᠡᠮᠵᠢᠯᠭᠡ᠂ ᠠᠮᠢᠳᠤᠷᠠᠯ ᠤᠨ ᠬᠠᠷᠠᠭᠠᠯᠵᠠᠯ ᠪᠠ ᠣᠶᠤᠨ ᠰᠠᠨᠠᠭᠠᠨ ᠤ ᠵᠣᠷᠢᠭᠵᠢᠭᠤᠯᠤᠯ ᠣᠯᠭᠤᠪᠠ᠃
1.5民政3.jpg
      ᠡᠷᠤᠭᠡ ᠳᠤ ᠬᠦᠷᠴᠦ ᠠᠮᠤᠷ ᠲᠦᠪᠰᠢᠨ ᠢ ᠠᠰᠠᠭᠤᠬᠤ᠂ ᠲᠣᠬᠤᠨᠢᠭᠤᠯᠵᠤ ᠬᠦᠴᠢᠷᠳᠡᠯ ᠢ ᠰᠢᠢᠳᠪᠦᠷᠢᠯᠡᠬᠦ ᠪᠠᠷ ᠳᠠᠮᠵᠢᠨ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠪᠣᠳᠠᠲᠤ ᠠᠵᠢᠯᠯᠠᠭ᠎ᠠ ᠪᠠᠷ ᠢᠶᠠᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾᠎ ᠶᠢ ᠦᠢᠯᠡᠳᠦᠯᠭᠡᠵᠢᠭᠦᠯᠵᠦ᠂ ︽ᠡᠭᠦᠳᠡ ᠲᠣᠭᠰᠢᠬᠤ ᠠᠵᠢᠯᠯᠠᠭ᠎ᠠ︾᠎ ᠶᠢ ᠦᠨᠡᠨᠬᠦ ᠠᠷᠠᠳ ᠤᠨ ᠪᠠᠶᠢᠳᠠᠯ ᠢ ᠣᠶᠢᠯᠠᠭᠠᠵᠤ ᠠᠷᠠᠳ ᠤᠨ ᠵᠣᠪᠠᠨᠢᠯ ᠢ ᠲᠠᠶᠢᠯᠬᠤ ᠬᠠᠯᠠᠭᠤᠨ ᠰᠡᠳᠬᠢᠯ ᠤᠨ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠬᠦᠯᠵᠢᠯᠡᠬᠦᠶᠢᠴᠡ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠲᠡᠯᠡᠶ ᠰᠤᠮᠤ ᠶᠢᠨ ᠬᠢᠨ ᠬᠦᠴᠢᠷᠳᠡᠯᠲᠡᠢ ᠬᠥᠮᠥᠰ ᠤᠨ ᠠᠮᠢᠳᠤᠷᠠᠯ ᠢ ᠤᠯᠠᠮ ᠨᠢᠭᠲᠠ ᠠᠩᠬᠠᠷᠴᠤ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ᠂ ᠨᠠᠩ ᠣᠯᠠᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠦᠷᠭᠦᠯᠵᠢᠯᠡᠨ ᠬᠦᠷᠲᠡᠭᠡᠵᠦ᠂ ᠬᠥᠮᠥᠰ ᠤᠨ ᠰᠡᠳᠬᠢᠯ ᠳᠤ ᠭᠦᠨ ᠬᠠᠳᠠᠩᠰᠢᠭᠰᠠᠨ ᠬᠠᠨᠢ ᠪᠠ ᠳᠡᠮᠵᠢᠯᠭᠡ ᠪᠣᠯᠵᠤ᠂ ᠣᠯᠠᠨ ᠲᠦᠮᠡᠨ ᠳᠤ ᠦᠨᠡᠨ ᠬᠦ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ ᠥᠭᠬᠦ ᠪᠣᠯᠣᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ