ᠬᠦᠢᠲᠡᠨ ᠠᠭᠤᠷ ᠠᠮᠢᠰᠬᠤᠯ ᠤᠨ ᠨᠦᠯᠦᠭᠡᠯᠡᠯ ᠠᠴᠠ ᠪᠣᠯᠵᠤ᠂ ᠬᠦᠴᠢᠷᠳᠡᠯ ᠲᠠᠢ ᠣᠯᠠᠨ ᠲᠦᠮᠡᠨ ᠤ ᠠᠮᠤᠷ ᠲᠦᠪᠰᠢᠨ᠂ ᠠᠶᠤᠯ ᠲᠦᠭᠰᠢᠭᠦᠷᠢ᠂ ᠬᠠᠯᠠᠭᠤᠨ | ᠳᠤᠯᠠᠭᠠᠨ ᠨᠢ ᠳᠠᠯᠠᠶ ᠰᠣᠮᠣ ᠶᠢᠨ ᠠᠷᠠᠳ ᠤᠨ ᠶᠠᠪᠤᠳᠠᠯ ᠤᠨ ᠬᠥᠮᠥᠰ ᠤᠨ ᠰᠡᠳᠬᠢᠯ ᠤᠨ ᠬᠥᠪᠴᠢ ᠶᠢ ᠲᠠᠲᠠᠵᠤ ᠪᠠᠶᠢᠯ᠎ᠠ᠃ ᠣᠨᠴᠠᠭᠠᠶ ᠬᠦᠴᠢᠷᠳᠡᠯᠲᠡᠢ ᠪᠦᠯᠬᠦᠮ | ᠨᠡᠶᠢᠲᠡ ᠶᠢ ᠬᠠᠯᠠᠮᠵᠢᠯᠠᠨ ᠲᠡᠳᠬᠦᠬᠦ ᠶᠢ ᠴᠢᠩᠭᠠᠳᠬᠠᠵᠤ᠂ ᠣᠨᠴᠠᠭᠠᠶ ᠴᠠᠭ ᠦᠶ᠎ᠡ ᠳᠤ ᠲᠡᠳᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ | ᠪᠠᠲᠤᠯᠠᠬᠤ ᠶᠢᠨ ᠲᠥᠯᠥᠭᠡ᠂ 1 ᠰᠠᠷ᠎ᠠ ᠶᠢᠨ 3 ᠤ ᠡᠳᠦᠷ᠂ ᠲᠡᠯᠡᠶ ᠰᠤᠮᠤ ᠶᠢᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠰᠤᠮᠤ ᠶᠢᠨ ᠡᠪᠯᠡᠯ ᠤᠨ | ᠬᠤᠷᠢᠶ᠎ᠠ ᠲᠠᠢ ᠬᠠᠮᠲᠤᠷᠠᠨ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠵᠦ᠂ ᠨᠡᠶᠢᠭᠡᠮ ᠤᠨ ᠠᠵᠢᠯᠲᠠᠨ ᠤ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠤᠨ ᠠᠶᠢᠯ | ᠡᠷᠦᠬᠡ ᠳᠤ ᠣᠴᠢᠭᠤᠯᠵᠤ ᠬᠠᠪᠰᠤᠷᠤᠨ ᠲᠡᠳᠬᠦᠵᠦ᠂ ︽ᠴᠡᠭ ᠠᠴᠠ ᠴᠡᠭ︾ ᠲᠤ ᠦᠢᠯᠡᠴᠢᠯᠡᠭᠦᠯᠦᠨ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠲᠣᠣᠷ ᠢ | ᠨᠢᠭᠲᠠ ᠰᠦᠯᠵᠢᠵᠦ ᠪᠠᠬᠢᠵᠢᠭᠦᠯᠪᠡ᠃ | | | | ᠬᠠᠷᠢᠶᠠᠲᠤ ᠣᠷᠣᠨ ᠳᠠᠬᠢ ᠬᠦᠨᠳᠦ ᠵᠡᠮᠳᠡᠭ ᠡᠪᠡᠳᠴᠢᠨ ᠲᠠᠢ᠂ ᠬᠦᠴᠢᠷᠳᠡᠯ ᠳᠤ ᠲᠤᠯᠭᠠᠷᠠᠭᠰᠠᠨ᠂ ᠣᠷᠣᠯᠭ᠎ᠠ ᠪᠠᠭᠠᠲᠠᠢ ᠵᠡᠷᠭᠡ ᠡᠷᠦᠬᠡ ᠶᠢ ᠠᠰᠠᠭᠤᠨ | ᠰᠤᠷᠪᠤᠯᠵᠢᠯᠠᠪᠠ᠃ ᠰᠤᠷᠪᠤᠯᠵᠢᠯᠠᠬᠤ ᠶᠠᠪᠤᠴᠠ ᠳᠤ᠂ ᠰᠤᠮᠤᠨ ᠤ ᠰᠠᠶᠢᠨ ᠳᠤᠷᠠᠴᠤᠤᠯ ᠲᠣᠬᠤᠨᠢᠭᠤᠯᠬᠤ ᠪᠣᠳᠠᠰ ᠬᠦᠷᠭᠡᠵᠦ᠂ ᠬᠦᠴᠢᠷᠳᠡᠯᠲᠡᠢ ᠤᠯᠠᠨ ᠲᠦᠮᠡᠨ ᠤ | ᠣᠷᠣᠨ ᠰᠠᠭᠤᠴᠠ ᠶᠢᠨ ᠨᠥᠬᠦᠴᠡᠯ ᠢ ᠠᠰᠠᠭᠤᠨ ᠯᠠᠪᠯᠠᠵᠤ᠂ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠲᠡᠳᠡᠨ ᠤ ᠬᠦᠴᠢᠷᠳᠡᠯ ᠪᠠ | ᠬᠦᠰᠡᠯ ᠱᠠᠭᠠᠷᠳᠠᠯᠭ᠎ᠠ ᠶᠢ ᠰᠣᠨᠣᠰᠬᠤ ᠶᠢᠨ ᠬᠠᠮᠲᠤ᠂ ᠴᠢᠳᠠᠯ ᠤᠨ ᠬᠢᠷᠢ ᠪᠠᠷ ᠢᠶᠠᠨ ᠭᠡᠷ ᠤᠨ ᠠᠵᠢᠯ ᠢ ᠬᠠᠪᠰᠤᠷᠤᠨ ᠬᠢᠵᠦ᠂ ᠠᠮᠢᠳᠤᠷᠠᠯ ᠤᠨ ᠳᠠᠷᠤᠭᠠᠰᠤ ᠶᠢ ᠨᠢ | ᠬᠥᠩᠭᠡᠷᠡᠭᠦᠯᠪᠡ᠃ ᠲᠣᠰ ᠤᠳᠠᠭᠠᠨ ᠤ ︽ᠡᠭᠦᠳᠡ ᠲᠣᠭᠰᠢᠬᠤ ᠠᠵᠢᠯᠯᠠᠭ᠎ᠠ︾ ᠨᠢ ᠬᠦᠴᠢᠷᠳᠡᠯᠲᠡᠢ ᠣᠯᠠᠨ ᠲᠦᠮᠡᠨ ᠤ ᠡᠷᠡᠭᠦᠯ ᠮᠡᠨᠳᠦ ᠠᠮᠤᠷ ᠠᠮᠤᠭᠤᠯᠠᠩ ᠢ | ᠬᠠᠮᠠᠭᠠᠯᠠᠵᠤ᠂ ᠦᠢᠯᠡᠴᠢᠯᠡᠬᠦ ᠡᠲᠡᠭᠡᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠲᠡᠳᠡᠨ ᠳᠤ ᠣᠶᠤᠨ ᠰᠠᠨᠠᠭᠠᠨ ᠤ | ᠳᠡᠮᠵᠢᠯᠭᠡ᠂ ᠠᠮᠢᠳᠤᠷᠠᠯ ᠤᠨ ᠬᠠᠷᠠᠭᠠᠯᠵᠠᠯ ᠪᠠ ᠣᠶᠤᠨ ᠰᠠᠨᠠᠭᠠᠨ ᠤ ᠵᠣᠷᠢᠭᠵᠢᠭᠤᠯᠤᠯ ᠣᠯᠭᠤᠪᠠ᠃ | | | | ᠡᠷᠤᠭᠡ ᠳᠤ ᠬᠦᠷᠴᠦ ᠠᠮᠤᠷ ᠲᠦᠪᠰᠢᠨ ᠢ ᠠᠰᠠᠭᠤᠬᠤ᠂ ᠲᠣᠬᠤᠨᠢᠭᠤᠯᠵᠤ ᠬᠦᠴᠢᠷᠳᠡᠯ ᠢ ᠰᠢᠢᠳᠪᠦᠷᠢᠯᠡᠬᠦ ᠪᠠᠷ ᠳᠠᠮᠵᠢᠨ᠂ ᠨᠡᠶᠢᠭᠡᠮ ᠤᠨ ᠬᠡᠷᠡᠭ ᠶᠠᠪᠤᠳᠠᠯ ᠤᠨ | ᠠᠯᠪᠠᠨ ᠭᠡᠷ ᠪᠣᠳᠠᠲᠤ ᠠᠵᠢᠯᠯᠠᠭ᠎ᠠ ᠪᠠᠷ ᠢᠶᠠᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠶᠢ ᠦᠢᠯᠡᠳᠦᠯᠭᠡᠵᠢᠭᠦᠯᠵᠦ᠂ ︽ᠡᠭᠦᠳᠡ ᠲᠣᠭᠰᠢᠬᠤ | ᠠᠵᠢᠯᠯᠠᠭ᠎ᠠ︾ ᠶᠢ ᠦᠨᠡᠨᠬᠦ ᠠᠷᠠᠳ ᠤᠨ ᠪᠠᠶᠢᠳᠠᠯ ᠢ ᠣᠶᠢᠯᠠᠭᠠᠵᠤ ᠠᠷᠠᠳ ᠤᠨ ᠵᠣᠪᠠᠨᠢᠯ ᠢ ᠲᠠᠶᠢᠯᠬᠤ ᠬᠠᠯᠠᠭᠤᠨ ᠰᠡᠳᠬᠢᠯ ᠤᠨ ᠠᠵᠢᠯᠯᠠᠭ᠎ᠠ ᠪᠣᠯᠭᠠᠨ ᠬᠤᠪᠢᠷᠠᠭᠤᠯᠵᠤ᠂ | ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠨᠡᠩ ᠲᠡᠭᠦᠯᠳᠡᠷ᠂ ᠨᠡᠩ | ᠪᠠᠲᠤᠯᠠᠭ᠎ᠠ ᠲᠠᠢ᠂ ᠨᠡᠩ ᠦᠷᠬᠦᠯᠵᠢᠯᠡᠬᠦᠶᠢᠴᠡ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠲᠡᠯᠡᠶ ᠰᠤᠮᠤ ᠶᠢᠨ ᠬᠢᠨ ᠬᠦᠴᠢᠷᠳᠡᠯᠲᠡᠢ ᠬᠥᠮᠥᠰ ᠤᠨ ᠠᠮᠢᠳᠤᠷᠠᠯ ᠢ | ᠤᠯᠠᠮ ᠨᠢᠭᠲᠠ ᠠᠩᠬᠠᠷᠴᠤ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ᠂ ᠨᠠᠩ ᠣᠯᠠᠨ | ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠦᠷᠭᠦᠯᠵᠢᠯᠡᠨ ᠬᠦᠷᠲᠡᠭᠡᠵᠦ᠂ ᠬᠥᠮᠥᠰ ᠤᠨ ᠰᠡᠳᠬᠢᠯ ᠳᠤ ᠭᠦᠨ ᠬᠠᠳᠠᠩᠰᠢᠭᠰᠠᠨ ᠬᠠᠨᠢ ᠪᠠ ᠳᠡᠮᠵᠢᠯᠭᠡ ᠪᠣᠯᠵᠤ᠂ ᠣᠯᠠᠨ | ᠲᠦᠮᠡᠨ ᠳᠤ ᠦᠨᠡᠨ ᠬᠦ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ ᠥᠭᠬᠦ ᠪᠣᠯᠣᠨ᠎ᠠ᠃ | | |