2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠢᠶ᠎ᠠ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/1/8
ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ᠄      2023 ᠣᠨ ᠳᠤ᠂ ᠰᠢᠨ᠎ᠡ ᠪᠠᠷᠠᠭᠤᠨ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠠᠬᠢᠴᠠ ᠪᠠ ᠦᠷ᠎ᠡ ᠪᠦᠲᠦᠮᠵᠢ ᠣᠯᠬᠤ ᠶᠢ ᠠᠬᠢᠭᠤᠯᠪᠠ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠪᠠᠷ ᠮᠡᠳᠡᠭᠦᠯᠦᠶ᠎ᠡ᠃      ᠨᠢᠭᠡ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠯᠣᠭᠰᠠᠨ ᠠᠮᠵᠢᠯᠲᠠ ᠪᠦᠲᠦᠮᠵᠢ      ︵ᠨᠢᠭᠡ︶ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠪᠡ      ᠨᠢᠭᠡ ᠳᠤ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠨᠠᠮ ᠤᠨ ᠰᠤᠷᠭᠠᠭᠤᠯᠢ ᠶᠢᠨ ᠭᠤᠣᠯ ᠴᠣᠭᠴᠠ ᠶᠢᠨ ᠠᠩᠭᠢ ᠶᠢᠨ ᠵᠢᠭᠠᠨ ᠰᠤᠷᠭᠠᠯᠲᠠ ᠶᠢᠨ ᠠᠭᠤᠯᠭ᠎ᠠ ᠳᠤ ᠣᠷᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠤᠨ ᠭᠤᠣᠯ ᠳᠤᠭᠤᠶᠢᠯᠠᠩ 2 ᠤᠳᠠᠭ᠎ᠠ ᠰᠤᠷᠤᠯᠴᠠᠵᠤ᠂ ᠨᠠᠮ ᠤᠨ ᠰᠤᠷᠭᠠᠭᠤᠯᠢ ᠶᠢᠨ ᠭᠤᠣᠯ ᠠᠩᠭᠢ ᠳᠤ 8 ᠤᠳᠠᠭ᠎ᠠ ᠬᠢᠴᠢᠶᠡᠯ ᠣᠷᠣᠪᠠ᠃ ᠬᠤᠶᠠᠷ ᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶ᠎ᠠ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠵᠥᠪᠯᠡᠬᠦ ᠰᠡᠳᠦᠪ  ᠢ ᠲᠣᠰ ᠲᠣᠰ 1 ᠤᠳᠠᠭ᠎ᠠ ᠰᠤᠳᠤᠯᠵᠤ᠂ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠬᠤᠷᠠᠯ᠂ ᠠᠯᠪᠠᠨ ᠭᠡᠷ ᠤᠨ ᠡᠷᠬᠢᠯᠡᠭᠴᠢ ᠶᠢᠨ ᠬᠤᠷᠠᠯ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠥᠲᠥᠯᠪᠦᠷᠢ ︵2021 ︱ 2025 ᠣᠨ︶﹀ ᠶᠢ ᠲᠤᠤᠱᠯᠠᠭᠤᠯᠬᠤ ᠬᠡᠷᠡᠭᠵᠢᠭᠦᠯᠬᠦ ᠲᠥᠰᠥᠯ︾ ︽2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ  ᠶᠢᠨ ᠠᠵᠢᠯ ᠢ ᠪᠠᠶᠢᠷᠢᠯᠠᠭᠤᠯᠪᠠ᠃ ᠭᠤᠷᠪᠠ ᠳᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠥᠬᠦ ᠬᠤᠰᠢᠭᠤᠨ ᠤ ᠤᠳᠤᠷᠢᠳᠬᠤ ᠪᠠᠭ ᠤᠨ ᠬᠢᠨᠠᠨ ᠰᠢᠯᠭᠠᠬᠤ ᠭᠦᠢᠴᠡᠳᠬᠡᠯ ᠲᠣᠭᠠᠨ ᠤ ᠰᠢᠰᠲ᠋ᠧᠮ ᠳᠤ ᠣᠷᠣᠭᠤᠯᠵᠤ᠂ ︽ᠬᠠᠤᠯᠢ ᠶᠢᠨ ᠮᠡᠳᠡᠭᠦᠯᠦᠯᠲᠡ︾ ᠶᠢᠨ ᠳᠦᠷᠢᠮ ᠪᠠ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠠᠵᠢᠯ ᠢ ᠨᠠᠶᠢᠳᠠᠪᠤᠷᠢᠵᠢᠭᠤᠯᠵᠤ᠂ ᠬᠢᠨᠠᠨ ᠪᠠᠶᠢᠴᠠᠭᠠᠵᠤ ᠬᠢᠨᠠᠨ ᠰᠢᠯᠭᠠᠬᠤ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ︽2022 ᠣᠨ ᠤ ᠬᠠᠤᠯᠢ ᠶᠣᠰᠣᠭᠠᠷ ᠬᠤᠰᠢᠭᠤ ᠪᠠᠨ ᠵᠠᠰᠠᠭᠰᠠᠨ ᠪᠠᠶᠢᠳᠠᠯ ᠤᠨ ᠲᠤᠬᠠᠢ ᠮᠡᠳᠡᠭᠳᠡᠯ︾ ᠢ ᠲᠠᠷᠬᠠᠭᠠᠵᠤ᠂ ᠨᠠᠮ ᠵᠠᠰᠠᠭ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠪᠠ᠃       ︵ᠬᠤᠶᠠᠷ︶ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠪᠡ      ᠨᠢᠭᠡ ᠳᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠤᠯᠠᠨ ᠨᠡᠶᠢᠲᠡ ᠶᠢᠨ ᠦᠢᠯᠡᠴᠢᠯᠡᠭᠡᠨ ᠤ 1683 ᠵᠦᠢᠯᠡᠰ ᠢ ᠡᠮᠬᠢᠳᠬᠡᠨ ᠲᠢᠭᠯᠡᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠤᠨ 418 ᠲᠣᠳᠣᠷᠬᠠᠢ ᠬᠠᠭᠤᠳᠠᠰᠤ ᠶᠢ ᠡᠮᠬᠢᠳᠬᠡᠨ ᠲᠢᠭᠯᠡᠪᠡ᠃ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢ ᠲᠣᠬᠢᠷᠠᠭᠤᠯᠤᠨ ᠨᠡᠶᠢᠲᠡᠯᠡᠵᠦ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠪᠠ ︽ᠦᠨᠡᠮᠯᠡᠯ ᠢ ᠬᠡᠯᠲᠦᠷᠢᠭᠦᠯᠬᠦ ᠠᠯᠪᠠᠨ ᠭᠡᠷ︾᠂ ᠣᠨᠴᠠᠭᠠᠢ ᠲᠠᠰ ᠳᠠᠷᠠᠭᠠᠯᠠᠯ ᠤᠨ ᠨᠠᠷᠢᠨ ᠬᠠᠭᠤᠳᠠᠰᠤ ᠶᠢ ᠲᠣᠭᠲᠠᠭᠠᠨ᠂ 42.7% ᠭᠤᠭᠴᠤᠭ᠎ᠠ᠂ 57.3% ᠮᠠᠲ᠋ᠧᠷᠢᠶᠠᠯ᠂ 22% ᠤᠨ ᠴᠠᠭ ᠬᠤᠭᠤᠴᠠᠭ᠎ᠠ ᠶᠢ ᠪᠠᠭᠠᠰᠬᠠᠪᠠ᠃ ︽ᠨᠢᠭᠡ ᠰᠦᠯᠵᠢᠶ᠎ᠡ᠂ ᠨᠢᠭᠡ ᠰᠠᠯᠠᠭ᠎ᠠ᠂ ᠨᠢᠭᠡ ᠤᠳᠠᠭ᠎ᠠ︾ ᠳᠤ ᠭᠦᠢᠴᠡᠳᠬᠡᠬᠦ ᠶᠢ ᠴᠢᠩᠭᠠᠳᠬᠠᠵᠤ᠂ ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ ᠵᠦᠢᠯᠡᠰ ᠤᠨ ᠨᠠᠷᠢᠨ ᠲᠠᠩᠰᠠ ᠶᠢ ᠪᠠᠶᠢᠭᠤᠯᠤᠨ᠂ ᠰᠦᠯᠵᠢᠶᠡᠨ ᠳᠤ ᠬᠤᠯᠪᠣᠭᠰᠠᠨ ︽ᠮᠦᠩᠬᠡ ᠰᠤᠪᠠᠭ︾ ᠤᠨ ᠣᠨᠴᠠᠯᠢᠭᠲᠤ ᠬᠡᠷᠡᠭᠯᠡᠯᠲᠡ ᠶᠢ 14 ᠵᠦᠢᠯ ᠪᠣᠯᠭᠠᠵᠤ᠂ ᠠᠮᠠᠯᠠᠭᠰᠠᠨ ᠵᠦᠢᠯᠡᠰ ᠤᠨ ᠴᠠᠭ ᠤᠨ ᠬᠢᠵᠠᠭᠠᠷ ᠢ 84% ᠠᠴᠠ ᠳᠡᠭᠡᠭᠰᠢ ᠪᠠᠭᠠᠰᠬᠠᠵᠤ᠂ ᠰᠦᠯᠵᠢᠶ᠎ᠡ ᠪᠠᠷ ᠭᠦᠢᠴᠡᠳᠬᠡᠬᠦ ᠨᠣᠷᠮ᠎ᠠ ᠶᠢ 99% ᠳᠤ ᠬᠦᠷᠦᠭᠦᠯᠵᠦ᠂ ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠳᠤ 100% ᠪᠠᠷ ᠪᠡᠶᠡᠯᠡᠭᠦᠯᠪᠡ᠃ 95 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠷᠣᠭᠰᠢ ᠪᠠᠭᠤᠯᠭᠠᠵᠤ᠂ ᠰᠤᠮᠤ ᠪᠠᠯᠭᠠᠰᠤ 230 ᠵᠦᠢᠯ ᠤᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠲᠠᠨᠢᠵᠤ ᠠᠪᠤᠭᠠᠳ᠂ ︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ᠂ ᠣᠷᠣᠯᠠᠨ ᠭᠦᠢᠴᠡᠳᠭᠡᠭᠴᠢ ᠶᠢᠨ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠥᠷᠲᠡᠭᠡ ᠶᠢ 70 ᠭᠠᠷᠭᠠᠪᠠ᠃ ᠬᠤᠶᠠᠷ ᠲᠤ ︽ᠬᠤᠶᠠᠷ ᠢ ᠰᠤᠭᠤᠴᠢᠨ ᠪᠠᠶᠢᠴᠠᠭᠠᠵᠤ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠣᠭᠲᠠᠴᠠ ᠶᠢ ᠭᠦᠨᠵᠡᠭᠡᠶᠢᠷᠡᠭᠦᠯᠵᠦ᠂ 29 ᠪᠦᠯᠦᠭ ᠤᠳᠠᠭ᠎ᠠ ᠶᠢᠨ 341 ᠡᠷᠦᠬᠡ ᠲᠣᠰ ᠱᠠᠲᠤᠨ ᠤ ᠰᠠᠯᠠᠭ᠎ᠠ ᠮᠥᠴᠢᠷ ᠤᠨ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ᠂ 53 ᠪᠦᠯᠦᠭ ᠤᠳᠠᠭ᠎ᠠ 255 ᠡᠷᠦᠬᠡ ᠰᠠᠯᠠᠭ᠎ᠠ ᠮᠥᠴᠢᠷ ᠬᠠᠮᠲᠤᠷᠠᠨ ᠰᠤᠭᠤᠴᠢᠨ ᠪᠠᠶᠢᠴᠠᠭᠠᠬᠤ᠂ 9 ᠪᠦᠯᠦᠭ ᠤᠳᠠᠭ᠎ᠠ 21 ᠡᠷᠦᠬᠡ ᠶᠢ ᠳᠡᠭᠡᠳᠦ ᠱᠠᠲᠤᠨ ᠠᠴᠠ ᠳᠣᠷᠣᠭᠰᠢ ᠲᠣᠮᠢᠯᠠᠵᠤ ᠬᠢᠨᠠᠯᠲᠠ ᠲᠠᠯᠪᠢᠨ ᠪᠠᠶᠢᠴᠠᠭᠠᠬᠤ ᠶᠢ ᠥᠷᠨᠢᠭᠦᠯᠵᠦ᠂ ᠪᠠᠶᠢᠴᠠᠭᠠᠭᠰᠠᠨ ᠦᠷ᠎ᠡ ᠳ᠋ᠦᠩ ᠤᠨ ᠡᠯᠰᠡᠭᠰᠡᠨ ᠨᠣᠷᠮ᠎ᠠ᠂ ᠵᠢᠯ ᠤᠨ ᠡᠬᠢᠨ ᠤ ᠲᠥᠯᠥᠪᠯᠡᠭᠡ ᠶᠢ ᠪᠡᠶᠡᠯᠡᠭᠦᠯᠦᠭᠰᠡᠨ ᠨᠣᠷᠮ᠎ᠠ᠂ ᠰᠤᠭᠤᠴᠢᠨ ᠪᠠᠶᠢᠴᠠᠭᠠᠬᠤ ᠵᠦᠢᠯᠡᠰ ᠤᠨ ᠡᠰᠢᠯᠡᠨ ᠬᠡᠷᠡᠭᠯᠡᠭᠰᠡᠨ ᠪᠦᠷᠬᠦᠴᠡ ᠶᠢᠨ ᠨᠣᠷᠮ᠎ᠠ ᠴᠥᠮ 100% ᠳᠤ ᠬᠥᠷᠪᠡ᠃ ︽ᠢᠨᠲ᠋ᠧᠷ ᠰᠦᠯᠵᠢᠶ᠎ᠡ + ᠢᠯᠡ ᠲᠣᠭᠤᠭ᠎ᠠ︾ ︽ᠢᠨᠲ᠋ᠧᠷ ᠰᠦᠯᠵᠢᠶ᠎ᠡ + ᠠᠷᠤ ᠲᠠᠯ᠎ᠠ ᠶᠢᠨ ᠬᠢᠨᠠᠯᠲᠠ ᠬᠠᠮᠢᠶᠠᠷᠤᠯᠲᠠ︾ ︽ᠲᠦᠭᠰᠢᠭᠦᠷᠢ ᠶᠢ ᠬᠠᠮᠢᠶᠠᠷᠤᠨ ᠡᠵᠡᠮᠳᠡᠬᠦ︾ ᠵᠡᠷᠭᠡ ᠲᠠᠪᠴᠠᠩ ᠳᠤ ᠲᠦᠰᠢᠭᠯᠡᠨ᠂ ᠲᠤᠬᠠᠢ ᠶᠢᠨ ᠲᠠᠯᠠᠪᠤᠷ ᠤᠨ ᠪᠤᠰᠤ ᠮᠠᠶ᠋ᠢᠭ ᠤᠨ ᠣᠶᠤᠨᠴᠢ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ᠃ ᠭᠤᠷᠪᠠ ᠳᠤ ︽ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠲᠤᠬᠠᠢ ᠬᠡᠷᠡᠭᠵᠢᠭᠦᠯᠬᠦ ᠰᠠᠨᠠᠯ︾ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ 551 ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ 478 ᠬᠡᠷᠡᠭ ᠢ ᠰᠢᠭᠦᠨ ᠳᠠᠭᠤᠰᠬᠠᠵᠤ᠂ ᠰᠢᠭᠦᠵᠦ ᠳᠠᠭᠤᠰᠬᠠᠭᠰᠠᠨ ᠨᠤᠷᠮ᠎ᠠ ᠨᠢ 86.76% ᠳᠤ ᠬᠦᠷᠪᠡ᠃ ᠠᠵᠤ ᠠᠬᠤᠶᠢᠯᠠᠯ ᠳᠤ ᠬᠤᠯᠪᠣᠭᠳᠠᠭᠰᠠᠨ ᠭᠦᠢᠴᠡᠳᠬᠡᠬᠦ ᠬᠡᠷᠡᠭ ᠢ 158 ᠬᠤᠪᠢ ᠬᠦᠯᠢᠶᠡᠨ ᠠᠪᠴᠤ ᠰᠢᠢᠳᠪᠦᠷᠢᠯᠡᠵᠦ᠂ 122 ᠬᠤᠪᠢ ᠬᠡᠷᠡᠭ ᠢ ᠭᠦᠢᠴᠡᠳᠬᠡᠨ ᠳᠠᠭᠤᠰᠬᠠᠵᠤ᠂ ᠬᠡᠷᠡᠭ ᠢ ᠳᠠᠭᠤᠰᠬᠠᠭᠰᠠᠨ ᠨᠤᠷᠮ᠎ᠠ ᠨᠢ 77.22% ᠳᠤ ᠬᠦᠷᠪᠡ᠃ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠲᠦᠷᠭᠡᠨ ᠲᠠᠰᠤᠯᠤᠨ ᠰᠢᠭᠦᠬᠦ ᠡᠳᠦᠷ ᠤᠨ ᠳᠤᠮᠳᠠᠴᠢ ᠲᠤᠭ᠎ᠠ ᠨᠢ ᠪᠠᠷᠤᠭ 22 ᠡᠳᠦᠷ ᠲᠤ ᠬᠦᠷᠪᠡ᠃ ᠳᠥᠷᠪᠡ ᠳᠤ ︽ᠥᠪᠥᠷ ᠮᠣᠩᠭᠤᠯ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠢ ᠰᠢᠯᠵᠢᠭᠦᠯᠦᠨ ᠭᠦᠢᠴᠡᠳᠬᠡᠬᠦ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠪᠡ᠃ ᠣᠳᠣᠬᠠᠨ ᠳᠤ ᠶᠠᠭ ᠰᠠᠶᠢᠬᠠᠨ 2 ᠵᠦᠢᠯ ᠢ ᠰᠢᠢᠳᠪᠦᠷᠢᠯᠡᠵᠦ ᠪᠠᠶᠢᠨ᠎ᠠ᠃       ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠵᠢᠷᠤᠮᠵᠢᠭᠤᠯᠬᠤ ᠵᠢᠷᠤᠮ ᠢ ᠠᠬᠢᠭᠤᠯᠪᠠ      ᠬᠠᠤᠯᠢ ᠪᠠᠷ ᠵᠠᠰᠠᠬᠤ       ᠨᠢᠭᠡ ᠳᠤ ︽ᠬᠥᠯᠥᠨ ᠪᠤᠶᠢᠷ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠢ ᠲᠣᠭᠲᠠᠭᠠᠨ ᠨᠡᠶᠢᠲᠡᠯᠡᠨ᠎ᠡ᠃ ᠬᠤᠶᠠᠷ ᠲᠤ ︽ᠰᠢᠨ᠎ᠡ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ ᠂ ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠠᠴᠠ ᠬᠤᠰᠢᠭᠤᠨ ᠤ ᠵᠠᠰᠠᠭ ᠤᠨ ᠣᠷᠳᠣᠨ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠴᠢᠬᠤᠯᠠ ᠶᠡᠭᠡ ᠲᠥᠷᠥᠯ ᠵᠦᠢᠯ ᠤᠨ ᠭᠡᠷ᠎ᠡ᠂ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ ᠬᠢᠨᠠᠨ ᠪᠠᠶᠢᠴᠠᠭᠠᠯᠲᠠ ᠬᠢᠵᠦ᠂ 140 ᠭᠠᠷᠤᠢ ᠬᠤᠪᠢ ᠬᠠᠤᠯᠢ ᠴᠠᠭᠠᠵᠠ ᠶᠢᠨ ᠰᠠᠨᠠᠯ ᠤᠨ ᠪᠢᠴᠢᠭ ᠭᠠᠷᠭᠠᠵᠤ᠂ 80 ᠭᠠᠷᠤᠢ ᠡᠯ᠎ᠡ ᠲᠥᠷᠥᠯ ᠤᠨ ᠬᠡᠷᠡᠭ ᠢ ᠰᠢᠢᠳᠪᠦᠷᠢᠯᠡᠪᠡ᠃ ᠭᠤᠷᠪᠠ ᠳᠤ ︽ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠳᠠᠩᠰᠠᠯᠠᠭᠤᠯᠤᠨ ᠬᠢᠨᠠᠨ ᠪᠠᠶᠢᠴᠠᠭᠠᠬᠤ ᠶᠢᠨ ᠬᠠᠮᠲᠤ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 1 ᠬᠤᠪᠢ ᠨᠡᠶᠢᠲᠡᠯᠡᠪᠡ᠃ ᠬᠡᠯᠪᠡᠷᠢ ᠶᠢᠨ ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ 1 ᠬᠤᠪᠢ ᠪᠠᠶᠢᠵᠤ᠂ ᠢᠯᠭᠠᠷᠠᠭᠤᠯᠤᠨ ᠳᠢᠭᠯᠡᠬᠦ ᠰᠠᠯᠠᠭ᠎ᠠ ᠮᠥᠴᠢᠷ ᠤᠨ ᠬᠦᠴᠦᠨ ᠦᠭᠡᠢ ᠪᠣᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 1 ᠬᠤᠪᠢ ᠦᠢᠯᠡᠳᠦᠨ ᠲᠠᠷᠬᠠᠭᠠᠪᠠ᠃ ᠪᠥᠬᠦ ᠬᠤᠰᠢᠭᠤᠨ ᠳᠤ ᠣᠳᠣᠬᠠᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ 5 ᠬᠤᠪᠢ ᠪᠠᠶᠢᠨ᠎ᠠ᠃ ᠡᠭᠦᠨ ᠳᠤ ᠵᠠᠰᠠᠭ ᠤᠨ ᠣᠷᠳᠣᠨ ᠠᠴᠠ 3 ᠬᠤᠪᠢ ᠲᠣᠭᠲᠠᠭᠠᠨ ᠲᠠᠷᠬᠠᠭᠠᠵᠤ᠂ ᠰᠠᠯᠠᠭ᠎ᠠ ᠮᠥᠴᠢᠷ ᠠᠴᠠ 2 ᠬᠤᠪᠢ ᠲᠣᠭᠲᠠᠭᠠᠨ ᠲᠠᠷᠬᠠᠭᠠᠪᠠ᠃       ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠪᠠ      ᠨᠢᠭᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ 57 ᠬᠥᠮᠥᠨ᠂ ᠬᠢᠨᠠᠯᠲᠠ ᠲᠠᠯᠪᠢᠬᠤ ᠠᠵᠢᠯᠲᠠᠨ 11 ᠬᠥᠮᠥᠨ ᠢ ᠬᠠᠷᠭᠤᠭᠤᠯᠤᠨ ᠨᠤᠲᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠰᠢᠨ᠎ᠡ ᠪᠠᠷ ᠭᠤᠶᠤᠴᠢᠯᠠᠨ ᠠᠪᠬᠤ ᠠᠵᠢᠯᠲᠠᠨ ᠤ ᠪᠣᠯᠪᠠᠰᠤᠷᠠᠯ ᠢ 2 ᠬᠤᠭᠤᠴᠠᠭ᠎ᠠ᠂ ᠬᠢᠷᠢ ᠬᠡᠮ ᠤᠨ ᠰᠢᠯᠭᠠᠯᠲᠠ ᠶᠢ 1 ᠬᠤᠭᠤᠴᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︵ᠬᠢᠨᠠᠯᠲᠠ ᠲᠠᠯᠪᠢᠬᠤ︶ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ 2 ᠬᠤᠭᠤᠴᠠᠭ᠎ᠠ᠂ ᠮᠡᠳᠡᠯᠭᠡ ᠶᠢᠨ ᠤᠷᠤᠯᠳᠤᠭᠠᠨ ᠢ 2 ᠬᠤᠭᠤᠴᠠᠭ᠎ᠠ ᠥᠷᠨᠢᠭᠦᠯᠵᠦ᠂ ᠤᠷᠤᠯᠳᠤᠭᠠᠨ ᠤ ᠪᠠᠶᠢᠳᠠᠯ ᠢ 1 ᠤᠳᠠᠭ᠎ᠠ ᠨᠠᠪᠲᠠᠷᠡᠭᠦᠯᠵᠦ᠂ ᠬᠡᠷᠡᠭ ᠤᠨ ᠡᠪᠬᠡᠮᠡᠯ ᠢ 2 ᠤᠳᠠᠭ᠎ᠠ ᠦᠨᠡᠯᠡᠨ ᠪᠠᠶᠢᠴᠠᠭᠠᠪᠠ᠃ ᠬᠤᠶᠠᠷ ᠲᠤ ᠢᠳᠡᠭᠡᠨ ᠤ ᠵᠦᠢᠯ ᠡᠮ ᠤᠨ ᠵᠦᠢᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠵᠦᠢᠯ ᠢᠶᠠᠷ ᠴᠡᠭᠴᠡᠯᠡᠨ ᠵᠠᠰᠠᠪᠠ᠃ ᠭᠤᠷᠪᠠ ᠳᠤ ︽ᠭᠤᠷᠪᠠᠨ ᠬᠠᠭᠤᠳᠠᠰᠤ ᠨᠠᠷᠢᠨ ᠳᠠᠩᠰᠠ︾ ᠶᠢ ᠲᠣᠭᠲᠠᠭᠠᠵᠤ᠂ ᠬᠠᠤᠯᠢ ᠶᠢ ᠬᠥᠩᠭᠡᠪᠲᠦᠷ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠭ ᠵᠠᠬᠢᠷᠭᠠᠨ ᠤ ᠰᠢᠢᠳᠬᠡᠯ  ᠠᠴᠠ ᠬᠡᠯᠲᠦᠷᠢᠭᠦᠯᠬᠦ ᠪᠠᠷ ᠨᠡᠶᠢᠲᠡᠯᠡᠵᠦ᠂ ᠬᠠᠤᠯᠢ ᠶᠢ ᠵᠥᠷᠢᠴᠡᠭᠰᠡᠨ ᠡᠩ ᠤᠨ ᠦᠢᠯᠡ ᠠᠵᠢᠯᠯᠠᠭ᠎ᠠ ᠶᠢ ᠵᠠᠰᠠᠭ ᠵᠠᠬᠢᠷᠭᠠᠨ ᠤ ᠰᠢᠢᠳᠬᠡᠯ ᠢ ᠬᠥᠩᠭᠡᠨ ᠢᠶᠠᠷ ᠰᠢᠢᠳᠬᠡᠵᠦ᠂ ᠬᠠᠤᠯᠢ ᠶᠢ ᠵᠥᠷᠢᠴᠡᠭᠰᠡᠨ ᠡᠩ ᠤᠨ ᠦᠢᠯᠡ ᠠᠵᠢᠯᠯᠠᠭ᠎ᠠ ᠶᠢ ᠵᠠᠰᠠᠭ ᠵᠠᠬᠢᠷᠭᠠᠨ ᠤ ᠰᠢᠢᠳᠬᠡᠯ ᠢ ᠬᠥᠩᠭᠡᠷᠡᠭᠦᠯᠦᠭᠰᠡᠨ ᠨᠠᠷᠢᠨ ᠳᠠᠩᠰᠠ ᠶᠢ 843 ᠪᠠᠭᠠᠰᠬᠠᠪᠠ᠃ ᠳᠥᠷᠪᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠲᠠᠪᠴᠠᠩ ᠢ ᠠᠰᠢᠭᠯᠠᠬᠤ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠰᠦᠯᠵᠢᠶ᠎ᠡ ᠳᠤ ᠢᠯᠡ ᠨᠡᠶᠢᠲᠡᠯᠡᠵᠦ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠢᠨᠠᠯᠲᠠ ᠲᠠᠯᠪᠢᠬᠤ ᠲᠤᠷᠰᠢᠯᠲᠠ ᠶᠢᠨ ᠴᠢᠭ᠋ ᠤᠨ ᠭᠠᠵᠠᠷ ᠢ ᠡᠭᠦᠳᠦᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠬᠦᠴᠦᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃      ︵ᠲᠠᠪᠤ︶ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠤ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠢᠳᠪᠦᠷᠢᠯᠡᠬᠦ ᠪᠠ ᠠᠷᠢᠯᠭᠠᠬᠤ ᠰᠢᠰᠲ᠋ᠧᠮ ᠢ ᠪᠦᠷᠢᠨᠰᠢᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ      ᠨᠢᠭᠡ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠳᠣᠲᠣᠭᠠᠳᠤ ᠶᠢᠨ ᠪᠠᠶᠢᠭᠤᠯᠤᠮᠵᠢ ᠶᠢ ᠰᠢᠯᠢᠳᠡᠭᠵᠢᠭᠦᠯᠵᠦ᠂ ᠠᠵᠢᠯ ᠦᠢᠯᠡᠰ ᠤᠨ ᠣᠯᠭᠤᠮᠵᠢ ᠶᠢᠨ ᠠᠵᠢᠯᠲᠠᠨ 1 ᠬᠥᠮᠥᠨ᠂ ᠠᠵᠢᠯ ᠦᠢᠯᠡᠰ ᠤᠨ ᠣᠷᠣᠨ ᠲᠤᠭ᠎ᠠ ᠶᠢᠨ ᠠᠵᠢᠯᠲᠠᠨ 2 ᠬᠥᠮᠥᠨ ︵ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ C ᠦᠨᠡᠮᠯᠡᠯ 1 ᠬᠥᠮᠥᠨ︶ ᠲᠣᠬᠢᠷᠠᠭᠤᠯᠤᠨ᠂ ︽ᠳᠥᠷᠪᠡᠨ ᠥᠷᠥᠭᠡ︾ ᠶᠢ ᠰᠠᠯᠭᠠᠬᠤ ᠶᠢ ᠪᠡᠶᠡᠯᠡᠭᠦᠯᠵᠦ᠂ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠤᠭᠤᠯᠪᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠬᠤ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ 14 ᠬᠤᠪᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠭᠥᠯᠢᠶᠡᠨ ᠠᠪᠴᠤ᠂ 9 ᠬᠤᠪᠢ ᠶᠢ ᠭᠥᠯᠢᠶᠡᠨ ᠠᠪᠴᠤ ᠰᠢᠢᠳᠪᠦᠷᠢᠯᠡᠵᠦ᠂ 7 ᠬᠤᠪᠢ ᠶᠢ ᠰᠢᠭᠦᠨ ᠳᠠᠭᠤᠰᠬᠠᠵᠤ᠂ ᠳᠠᠬᠢᠨ ᠵᠥᠪᠯᠡᠵᠦ ᠪᠤᠷᠤᠭᠤ ᠶᠢ ᠵᠠᠯᠠᠷᠠᠭᠤᠯᠤᠭᠰᠠᠨ ᠨᠣᠷᠮ᠎ᠠ 85% ᠳᠤ ᠬᠥᠷᠪᠡ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠵᠤ᠂ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠰᠠᠨᠠᠭᠤᠯᠤᠮᠵᠢ ᠶᠢᠨ ᠵᠠᠬᠢᠳᠠᠯ ᠢ 9 ᠬᠤᠪᠢ ᠶᠠᠪᠤᠭᠤᠯᠵᠤ᠂ 3 ᠬᠤᠪᠢ ᠵᠠᠷᠯᠠᠨ ᠮᠡᠳᠡᠭᠳᠡᠪᠡ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠵᠠᠷᠭᠤ ᠶᠢᠨ ᠬᠡᠷᠡᠭ 12 ᠪᠠᠶᠢᠵᠤ᠂ 9 ︵ᠵᠠᠷᠭᠤ ᠢᠯᠠᠭᠳᠠᠭᠰᠠᠨ 4︶ ᠶᠢ ᠰᠢᠭᠦᠨ ᠳᠠᠭᠤᠰᠬᠠᠵᠤ᠂ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ 100% ᠳᠤ ᠬᠥᠷᠪᠡ᠃ ᠬᠤᠶᠠᠷ ᠲᠤ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠨᠢᠭᠡ  ᠦᠷᠲᠡᠭᠡ ᠮᠠᠶ᠋ᠢᠭ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠪᠠᠶᠢᠭᠤᠯᠵᠤ᠂ ︽ᠭᠤᠷᠪᠠᠨ ᠭᠠᠵᠠᠷ ᠨᠢᠭᠡ ᠲᠢᠩᠬᠢᠮ ᠨᠢᠭᠡ ᠲᠣᠪᠴᠢᠶ᠎ᠠ︾ ᠶᠢᠨ ᠠᠵᠢᠯ ᠤᠨ ᠵᠠᠭᠪᠤᠷ ᠢ ᠰᠦᠪᠡᠭᠴᠢᠯᠡᠨ᠂ ᠵᠠᠰᠠᠭ ᠵᠠᠬᠢᠷᠭᠠᠨ ᠤ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ᠂ ᠠᠵᠢᠯ ᠲᠥᠷᠥᠯ ᠤᠨ ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠶ ᠵᠣᠯᠭᠠᠭᠤᠯᠬᠤ ᠶᠢ ᠬᠦᠴᠦᠲᠡᠢ ᠠᠬᠢᠭᠤᠯᠪᠠ᠃ ᠡᠯ᠎ᠡ ᠲᠦᠷᠦᠯ ᠤᠨ ᠡᠶᠡᠳᠡᠭᠦᠯᠬᠦ ᠵᠥᠪᠯᠡᠯ ᠠᠴᠠ 362 ᠬᠤᠪᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ ᠠᠮᠵᠢᠯᠲᠠ ᠣᠯᠣᠭᠰᠠᠨ ᠨᠤᠷᠮ᠎ᠠ ᠨᠢ 98% ᠳᠤ ᠬᠦᠷᠪᠡ᠃ ᠭᠤᠷᠪᠠ ᠳᠤ ︽ᠵᠠᠷᠭᠤ ᠶᠢᠨ ᠢᠷᠡᠯᠲᠡ ᠶᠢ ᠵᠠᠰᠠᠬᠤ + ᠬᠤᠯᠪᠤᠭᠠᠯᠠᠨ ᠬᠥᠳᠡᠯᠦᠯᠴᠡᠬᠦ︾ ᠵᠠᠭᠪᠤᠷ ᠢ ᠰᠢᠨ᠎ᠡ ᠪᠠᠷ ᠡᠭᠦᠳᠴᠦ᠂ ︽ᠰᠢᠭᠦᠬᠦ ᠬᠤᠷᠢᠶ᠎ᠠ +︾ ᠣᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠡᠶᠡᠳᠡᠭᠦᠯᠭᠡ ᠶᠢᠨ ᠲᠥᠪ ᠲᠦᠷᠦᠭᠦᠯᠡᠨ ᠵᠣᠬᠢᠴᠠᠭᠤᠯᠬᠤ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠬᠠᠤᠯᠢ ᠪᠠᠷᠢᠬᠤ᠂ ᠵᠠᠬᠢᠳᠠᠯ ᠰᠣᠷᠪᠤᠯᠵᠢᠯᠠᠭ᠎ᠠ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠲᠦ ᠲᠣᠭᠲᠠᠴᠠ ᠶᠢ ᠪᠤᠢ ᠪᠣᠯᠭᠠᠵᠤ᠂ ᠲᠣᠮᠢᠯᠠᠭᠰᠠᠨ ᠰᠢᠭᠦᠬᠦ ᠲᠢᠩᠬᠢᠮ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ︽ᠠᠷᠠᠳ ᠤᠨ ᠰᠢᠭᠦᠬᠦ ᠲᠢᠩᠬᠢᠮ + ᠬᠠᠤᠯᠢ ᠪᠠᠷᠢᠬᠤ ᠭᠠᠵᠠᠷ᠂ ᠲᠣᠮᠢᠯᠠᠭᠰᠠᠨ ᠰᠠᠯᠪᠤᠷᠢ︾ ᠶᠢᠨ ᠬᠤᠯᠪᠤᠭᠠᠯᠠᠨ ᠬᠥᠳᠡᠯᠦᠯᠴᠡᠵᠦ ᠬᠤᠯᠪᠤᠭᠠᠯᠠᠨ ᠲᠣᠬᠢᠷᠠᠭᠤᠯᠬᠤ ᠵᠠᠭᠪᠤᠷ ᠢ ᠭᠦᠨᠵᠡᠭᠡᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ᠂ ᠡᠬᠢ ᠡᠭᠦᠰᠦᠯ ᠠᠴᠠ᠂ ᠵᠠᠭᠠᠯᠳᠤᠬᠤ ᠠᠴᠠ ᠡᠮᠦᠨ᠎ᠡ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠪᠡ᠃ ᠵᠠᠷᠭᠤ ᠶᠢᠨ ᠦᠢᠯᠡᠴᠢᠯᠡᠭᠡᠨ ᠤ ᠲᠥᠪ ᠤᠨ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠲᠣᠭᠲᠠᠴᠠ ᠶᠢ ᠭᠦᠨᠵᠡᠭᠡᠶᠢᠷᠡᠭᠦᠯᠦᠨ᠂ ᠤᠯᠠᠨ ᠲᠦᠮᠡᠨ ᠤ ᠬᠠᠤᠯᠢ ᠪᠠᠷᠢᠬᠤ ᠤᠯᠠᠨ ᠡᠰᠢᠴᠢᠯᠡᠭᠰᠡᠨ ᠬᠡᠷᠡᠭᠴᠡᠭᠡ ᠶᠢ ᠬᠠᠩᠭᠠᠵᠤ᠂ ᠵᠠᠷᠭᠤ ᠶᠢᠨ ᠦᠢᠯᠡᠴᠢᠯᠡᠭᠡᠨ ᠤ ᠲᠥᠪ ᠤᠨ ᠵᠢᠭᠤᠷᠠᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠭᠰᠡᠨ ᠨᠤᠷᠮ᠎ᠠ 130.63% ᠳᠤ ᠬᠦᠷᠪᠡ᠃       ︵ᠵᠢᠷᠭᠤᠭ᠎ᠠ︶ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠪᠡ      ᠨᠢᠭᠡ ᠳᠤ ︽2023 ᠣᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠭᠤᠣᠯᠳᠠᠯᠭ᠎ᠠ︾ ᠶᠢ ᠲᠣᠭᠲᠠᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠵᠠᠰᠠᠬᠤ ᠰᠡᠳᠬᠢᠴᠡ ᠪᠠ ᠭᠤᠣᠯᠳᠠᠯᠭ᠎ᠠ ᠶᠢ ᠲᠣᠳᠣᠷᠬᠠᠶᠢᠯᠠᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠯ᠎ᠡ ᠨᠢᠭᠡᠴᠡ ᠶᠢ ᠱᠠᠯᠠᠪᠳᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠬᠤᠶᠠᠷ ᠲᠤ ᠬᠤᠰᠢᠭᠤᠨ ᠤ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠯᠪᠠᠨ ᠭᠡᠷ ᠠᠴᠠ 127 ᠤᠳᠤᠷᠢᠳᠬᠤ ᠺᠠᠳ᠋ᠷ ᠲᠤ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠵᠥᠪᠯᠡᠯ ᠠᠴᠠ 20 ᠨᠡᠷᠡᠰ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠠᠤᠯᠢ ᠴᠠᠭᠠᠵᠠ ᠶᠢᠨ ᠠᠵᠢᠯᠲᠠᠨ ᠳᠤ ᠲᠤᠰᠢᠶᠠᠯ ᠳᠤ ᠭᠠᠷᠬᠤ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠬᠢᠬᠦ ᠶᠢᠨ ᠬᠠᠮᠲᠤ ᠦᠨᠳᠦᠰᠦᠨ ᠬᠠᠤᠯᠢ ᠳᠤ ᠲᠠᠩᠭᠠᠷᠢᠭᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠤᠯᠢ ᠰᠤᠷᠬᠤ ᠠᠷᠭ᠎ᠠ ᠶᠢ 3 ᠤᠳᠠᠭ᠎ᠠ ᠨᠠᠶᠢᠳᠠᠪᠤᠷᠢᠵᠢᠭᠤᠯᠵᠤ᠂ ᠡᠯ᠎ᠡ ᠰᠤᠮᠤ ᠪᠠᠯᠭᠠᠰᠤ ᠶᠢᠨ ᠭᠤᠣᠯ ᠳᠤᠭᠤᠶᠢᠯᠠᠩ 14 ᠤᠳᠠᠭ᠎ᠠ ᠰᠤᠷᠤᠯᠴᠠᠵᠤ᠂ ᠡᠯ᠎ᠡ ᠨᠢᠭᠡᠴᠡ ᠶᠢᠨ ᠬᠢᠨ ᠡᠯ᠎ᠡ ᠲᠥᠷᠥᠯ ᠤᠨ ᠬᠠᠤᠯᠢ ᠲᠦᠭᠡᠮᠡᠯᠵᠢᠭᠦᠯᠬᠦ ᠲᠠᠶᠢᠯᠤᠮᠵᠢ ᠶᠢ ᠨᠡᠶᠢᠲᠡ 130 ᠭᠠᠷᠤᠢ ᠤᠳᠠᠭ᠎ᠠ ᠥᠷᠨᠢᠭᠦᠯᠵᠦ᠂ ᠨᠡᠶᠢᠲᠡ 8 ᠮᠢᠩᠭ᠎ᠠ ᠭᠠᠷᠤᠢ ᠬᠥᠮᠥᠨ ᠤᠳᠠᠭ᠎ᠠ ᠭᠥᠯᠢᠶᠡᠨ ᠠᠪᠤᠪᠠ᠃ ᠭᠤᠷᠪᠠ ᠳᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠦᠷᠭᠦᠯᠵᠢᠯᠡᠨ ᠠᠬᠢᠭᠤᠯᠵᠤ᠂ ᠪᠥᠬᠦ ᠬᠤᠰᠢᠭᠤᠨ ᠳᠤ ᠨᠡᠶᠢᠲᠡ 546 ᠲᠠᠯᠠᠪᠤᠷ ᠤᠳᠠᠭ᠎ᠠ ᠶᠢᠨ ᠤᠬᠠᠭᠤᠯᠭ᠎ᠠ ᠶᠢ ᠥᠷᠨᠢᠭᠦᠯᠵᠦ᠂ 3.7 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠰᠢᠨ᠎ᠡ ᠵᠠᠭᠤᠴᠢᠯᠠᠭᠤᠷ ᠤᠨ ᠬᠢᠨ ᠬᠠᠤᠯᠢ ᠴᠠᠭᠠᠵᠠ ᠬᠠᠤᠯᠢ ᠲᠣᠭᠲᠠᠭᠠᠯ ᠢ ᠮᠢᠩᠭ᠎ᠠ ᠭᠠᠷᠤᠢ ᠤᠳᠠᠭ᠎ᠠ ᠬᠦᠷᠭᠡᠨ᠂ 8 ᠲᠦᠮᠡ ᠭᠠᠷᠤᠢ ᠤᠳᠠᠭ᠎ᠠ ᠭᠦᠶᠦᠯᠭᠡᠨ ᠦᠵᠡᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠢᠴᠢᠯ ᠸᠢᠳᠢᠤ᠋ ᠶᠢ 6 ᠵᠣᠬᠢᠶᠠᠨ ᠪᠦᠲᠦᠭᠡᠪᠡ᠃ ︽︿ᠨᠠᠢᠮᠠᠳᠤᠭᠠᠷ ᠲᠠᠪᠤᠨ ᠵᠢᠯ﹀ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠪᠠᠶᠢᠴᠠᠭᠠᠯᠲᠠ ᠦᠨᠡᠯᠡᠯᠲᠡ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︽ᠪᠥᠬᠦ ᠬᠤᠰᠢᠭᠤᠨ ᠤ ︿ᠨᠠᠢᠮᠠᠳᠤᠭᠠᠷ ᠲᠠᠪᠤᠨ ᠵᠢᠯ﹀ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠤᠯᠢ ᠶᠣᠰᠣᠭᠠᠷ ᠬᠤᠰᠢᠭᠤ ᠶᠢ ᠵᠠᠰᠠᠬᠤ ᠵᠥᠪᠯᠡᠯ ᠤᠨ ᠬᠤᠷᠠᠯ ᠪᠠ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠢ ᠬᠤᠷᠠᠯᠳᠤᠭᠤᠯᠵᠤ᠂ ︿ᠨᠠᠢᠮᠠᠳᠤᠭᠠᠷ ᠲᠠᠪᠤᠨ ᠵᠢᠯ﹀ ᠤᠨ ᠳᠤᠮᠳᠠ ᠬᠤᠭᠤᠴᠠᠭᠠᠨ ᠤ ᠦᠨᠡᠯᠡᠯᠲᠡ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠵᠦ ᠬᠤᠪᠢ ᠣᠯᠭᠤᠬᠤ ᠨᠠᠷᠢᠨ ᠳᠦᠷᠢᠮ︾ ᠲᠠᠢ ᠬᠠᠷᠢᠴᠠᠭᠤᠯᠵᠤ᠂ ᠲᠠᠩᠰᠠ ᠡᠪᠬᠡᠮᠡᠯ ᠢ ᠪᠣᠶ ᠪᠣᠯᠭᠠᠨ᠎ᠠ᠃ ᠬᠤᠰᠢᠭᠤᠨ ᠤ ᠤᠯᠠᠭᠠᠨᠮᠥ᠋ᠴᠢᠷ ᠲᠤ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠲᠤᠭ ᠢ ᠣᠯᠭᠤᠬᠤ ᠶᠢᠨ ᠬᠠᠮᠲᠤ 4 ᠲᠠᠯᠠᠪᠤᠷ ᠤᠷᠠᠨ ᠰᠠᠶᠢᠬᠠᠨ ᠤ ᠲᠣᠭᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ︽ᠬᠠᠤᠯᠢ ᠴᠠᠭᠠᠵᠠ ᠶᠢᠨ ᠤᠬᠠᠭᠠᠨ ᠲᠠᠢ ᠬᠥᠮᠥᠨ︾ ᠤ ᠵᠢᠱᠢᠶ᠎ᠡ ᠦᠵᠡᠭᠦᠯᠬᠦ ᠪᠣᠯᠪᠠᠰᠤᠷᠠᠭᠤᠯᠤᠯ ᠢ 4 ᠲᠠᠯᠠᠪᠤᠷ ᠤᠳᠠᠭ᠎ᠠ ᠥᠷᠨᠢᠭᠦᠯᠵᠦ᠂ 198 ᠨᠡᠷᠡᠰ ︽ᠬᠠᠤᠯᠢ ᠴᠠᠭᠠᠵᠠ ᠶᠢᠨ ᠤᠬᠠᠭᠠᠨ ᠲᠠᠢ ᠬᠥᠮᠥᠨ︾ ᠳᠤ ᠦᠨᠡᠮᠯᠡᠯ ᠪᠠ ᠰᠦᠯᠳᠡ ᠲᠡᠮᠳᠡᠭ ᠣᠯᠭᠤᠵᠤ᠂ ᠵᠢᠱᠢᠶ᠎ᠡ ᠦᠵᠡᠭᠦᠯᠬᠦ ᠮᠠᠲ᠋ᠧᠷᠢᠶᠠᠯ ᠢ 3 ᠬᠤᠪᠢ ᠳᠡᠭᠡᠭᠰᠢ ᠮᠡᠳᠡᠭᠦᠯᠪᠡ᠃ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ 2023 ᠣᠨ ᠳᠤ ︽ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠷᠠᠳᠴᠢᠯᠠᠯ ᠲᠠᠢ ᠬᠠᠤᠯᠢ ᠪᠠᠷ ᠵᠠᠰᠠᠬᠤ ᠭᠠᠴᠠᠭ᠎ᠠ︾ ᠶᠢ 1 ᠵᠥᠪᠰᠢᠶᠡᠷᠡᠯ ᠢ ᠣᠯᠪᠠ᠃ 2023 ᠣᠨ ᠤ ︽ᠠᠷᠠᠳᠴᠢᠯᠠᠯ ᠢᠶᠠᠷ ᠬᠠᠤᠯᠢ ᠪᠠᠷ ᠵᠠᠰᠠᠬᠤ ᠶᠢᠨ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠢ ᠳᠠᠬᠢᠨ ᠬᠢᠨᠠᠬᠤ ᠠᠵᠢᠯ ᠢ ᠥᠷᠨᠢᠭᠦᠯᠵᠦ᠂ 4 ᠥᠪᠡᠷᠲᠡᠭᠡᠨ ᠵᠠᠰᠠᠬᠤ ᠣᠷᠣᠨ ᠤ ᠲᠠᠰ᠂ 2 ᠬᠥᠯᠥᠨ ᠪᠤᠶᠢᠷ ᠬᠤᠲᠠ ᠶᠢᠨ ᠲᠠᠰ ᠤᠨ ︽ᠠᠷᠠᠳᠴᠢᠯᠠᠯ ᠢᠶᠠᠷ ᠬᠠᠤᠯᠢ ᠪᠠᠷ ᠵᠠᠰᠠᠬᠤ ᠶᠢᠨ ᠵᠢᠱᠢᠶ᠎ᠡ ᠦᠵᠡᠭᠦᠯᠬᠦ ᠭᠠᠴᠠᠭ᠎ᠠ ︵ᠨᠡᠶᠢᠭᠡᠮ ᠲᠣᠭᠤᠷᠢᠭ︶︾ ᠶᠢᠨ ︽ᠠᠷᠠᠳᠴᠢᠯᠠᠯ ᠢᠶᠠᠷ ᠬᠠᠤᠯᠢ ᠪᠠᠷ ᠵᠠᠰᠠᠬᠤ ᠶᠢᠨ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠤ ᠴᠣᠯᠠ ᠶᠢ ᠦᠯᠡᠳᠡᠭᠡᠬᠦ ᠶᠢ ᠰᠠᠨᠠᠭᠤᠯᠪᠠ᠃ ︽ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ︾ ᠶᠢᠨ ᠵᠢᠱᠢᠶ᠎ᠡ ᠦᠵᠡᠭᠦᠯᠦᠨ ᠪᠣᠶᠢᠵᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠣᠲᠣ 18 ᠵᠢᠱᠢᠶ᠎ᠡ ᠦᠵᠡᠭᠦᠯᠬᠦ ᠡᠷᠦᠬᠡ ᠲᠠᠢ ᠪᠣᠯᠪᠠ᠃      ᠬᠤᠶᠠᠷ᠂ ᠣᠷᠣᠰᠢᠵᠤ ᠪᠠᠶᠢᠭ᠎ᠠ ᠠᠰᠠᠭᠤᠳᠠᠯ      ᠨᠢᠭᠡ ᠳᠤ ᠬᠡᠰᠡᠭ ᠰᠠᠯᠠᠭ᠎ᠠ ᠮᠥᠴᠢᠷ ᠪᠠ ᠤᠳᠤᠷᠢᠳᠬᠤ ᠺᠠᠳ᠋ᠷᠴᠤᠳ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠤᠬᠠᠮᠰᠠᠷᠲᠤ ᠴᠢᠨᠠᠷ ᠢᠶᠠᠷ ᠴᠢᠩᠭ᠎ᠠ ᠪᠢᠰᠢ ᠪᠠᠶᠢᠨ᠎ᠠ᠃ ᠬᠤᠶᠠᠷ ᠲᠤ ᠬᠡᠰᠡᠭ ᠨᠢᠭᠡᠴᠡ ᠶᠢᠨ ᠠᠵᠢᠯᠲᠠᠨ ᠬᠦᠷᠦᠯᠴᠡᠬᠦ ᠦᠭᠡᠢ᠂ ᠪᠦᠲᠦᠴᠡ ᠨᠢ ᠵᠦᠢ ᠵᠣᠬᠢᠰ ᠦᠭᠡᠢ᠂ ᠬᠠᠤᠯᠢ ᠬᠡᠷᠡᠭᠵᠢᠭᠦᠯᠬᠦ ᠠᠵᠢᠯᠲᠠᠨ ᠤ ᠪᠦᠬᠦᠯᠢ ᠴᠣᠭᠴᠠ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠦᠴᠦᠨ ᠤ ᠲᠣᠬᠢᠷᠠᠭᠤᠯᠤᠯᠲᠠ ᠨᠢ ᠰᠢᠨ᠎ᠡ ᠴᠠᠭ ᠦᠶ᠎ᠡ ᠶᠢᠨ ᠲᠤᠰᠢᠶᠠᠯ ᠬᠠᠷᠢᠭᠤᠴᠠᠯᠭ᠎ᠠ ᠡᠭᠦᠷᠭᠡ ᠲᠠᠢ ᠵᠣᠬᠢᠴᠠᠬᠤ ᠦᠭᠡᠢ ᠪᠠᠶᠢᠨ᠎ᠠ᠃ ᠭᠤᠷᠪᠠ ᠳᠤ ᠡᠯ᠎ᠡ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠠᠳᠠᠯᠢ ᠦᠭᠡᠢ ᠪᠠᠶᠢᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠪᠦᠲᠦᠮᠵᠢᠲᠡᠶ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠦᠷᠢᠯᠳᠦᠭᠦᠯᠦᠭᠡᠳᠦᠢ ᠪᠠᠶᠢᠨ᠎ᠠ᠃       ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ      ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠬᠠᠥᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠥᠯᠢ ᠪᠠᠷ ᠵᠠᠰᠠᠬᠤ ᠵᠠᠰᠠᠭ  ᠤᠨ ᠣᠷᠳᠣᠨ  ᠤ ᠪᠠᠶᠢᠭᠤᠯᠤᠯᠲᠠ ᠶᠢ ᠬᠠᠥᠯᠢ ᠪᠠᠷ ᠵᠠᠰᠠᠬᠤ ᠰᠢᠨ᠎ᠡ ᠪᠠᠷᠠᠭᠤᠨ ᠬᠤᠰᠢᠭᠤᠨ ᠤ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠣᠯᠭᠠᠬᠤ ᠶᠢ ᠪᠠᠷᠢᠮᠲᠠᠯᠠᠵᠤ᠂ ᠬᠦᠴᠦᠨ ᠲᠡᠭᠦᠯᠳᠡᠷ ᠠᠷᠭ᠎ᠠ ᠬᠡᠮᠵᠢᠶ᠎ᠡ ᠠᠪᠴᠤ᠂ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ  ᠢᠶᠠᠨ ᠠᠬᠢᠭᠤᠯᠬᠤ ᠬᠡᠷᠡᠭᠲᠡᠢ᠃                           ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠢᠶ᠎ᠠ                                  ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                             2023 ᠣᠨ ᠤ 12 ᠰᠠᠷ᠎ᠠ ᠶᠢᠨ 1 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ