ᠰᠤᠷᠭᠠᠨ ᠬᠥᠮᠦᠵᠢᠯ ᠤᠨ ᠶᠠᠮᠤᠨ ᠥᠨᠥᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠰᠢᠨ᠎ᠡ ᠪᠠᠷ ᠨᠡᠶᠢᠲᠡᠯᠡᠭᠰᠡᠨ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠠᠤᠯᠢ ᠶᠢᠨ ᠲᠤᠬᠠᠶ ᠲᠠᠶᠢᠯᠤᠮᠵᠢ ᠬᠢᠪᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ᠳᠤ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠤᠨ ᠰᠢᠨᠵᠢ ᠴᠢᠨᠠᠷ ᠤᠨ ᠪᠠᠶᠢᠷᠢ | ᠲᠣᠭᠲᠠᠭᠠᠯᠲᠠ ᠶᠢ ᠲᠣᠳᠣᠷᠬᠠᠶᠢᠯᠠᠵᠤ᠂ ᠤᠯᠤᠰ ᠠᠴᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠠᠬᠢᠭᠤᠯᠵᠤ᠂ | ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ | ᠬᠤᠲᠠ ᠬᠥᠳᠡᠭᠡ ᠶᠢ ᠬᠠᠮᠤᠷᠤᠭᠰᠠᠨ᠂ ᠪᠠᠶᠢᠷᠢᠰᠢᠯ ᠨᠢ ᠵᠦᠶ ᠵᠣᠬᠢᠰᠲᠠᠶ᠂ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠲᠠᠢ᠂ ᠠᠮᠤᠷ ᠲᠦᠪᠰᠢᠨ ᠴᠢᠨᠠᠷ | ᠰᠠᠶᠢᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ ᠭᠡᠵᠦ | ᠲᠣᠭᠲᠠᠭᠠᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠤᠨ ᠬᠡᠯᠡᠬᠦ ᠳᠡᠭᠡᠨ᠂ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢᠨ ᠠᠵᠢᠯᠯᠠᠵᠤ | ᠪᠠᠶᠢᠭ᠎ᠠ ᠪᠤᠶᠤ ᠰᠠᠭᠤᠵᠤ ᠪᠠᠶᠢᠭ᠎ᠠ ᠭᠠᠵᠠᠷ ᠣᠷᠣᠨ ᠤ ᠣᠶᠢᠷ᠎ᠠ ᠬᠠᠪᠢ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠭᠥᠷᠳᠡᠬᠦ ᠳᠤ ᠲᠥᠬᠦᠮ | ᠦᠵᠡᠭᠦᠯᠬᠦ ᠶᠢ ᠠᠬᠢᠭᠤᠯᠬᠤ ᠬᠡᠷᠡᠭᠲᠡᠶ︔ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠴᠡᠴᠡᠷᠯᠢᠭ ᠲᠤ ᠣᠷᠣᠬᠤ ᠳᠤ ᠶᠠᠮᠠᠷᠪᠠ ᠬᠡᠯᠪᠡᠷᠢ ᠶᠢᠨ ᠰᠢᠯᠭᠠᠯᠲᠠ ᠶᠢ | ᠵᠣᠬᠢᠶᠠᠨ ᠪᠠᠶᠢᠭᠤᠯᠤᠨ ᠬᠢᠵᠦ ᠪᠣᠯᠬᠤ ᠥᠬᠡᠶ᠃ ᠠᠰᠠᠷᠠᠨ ᠬᠥᠮᠦᠵᠢᠭᠦᠯᠬᠦ ᠪᠠ ᠰᠤᠷᠭᠠᠨ ᠬᠦᠮᠦᠵᠢᠬᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠠᠰᠠᠷᠠᠨ ᠬᠥᠮᠦᠵᠢᠭᠦᠯᠬᠦ | ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠦ᠂ ᠠᠰᠠᠷᠠᠨ ᠬᠥᠮᠦᠵᠢᠭᠦᠯᠬᠦ ᠪᠠ ᠰᠤᠷᠭᠠᠨ ᠬᠥᠮᠦᠵᠢᠭᠦᠯᠬᠦ ᠠᠵᠢᠯᠯᠠᠭ᠎ᠠ ᠶᠢ ᠰᠢᠨᠵᠢᠯᠡᠬᠦ | ᠤᠬᠠᠭᠠᠨᠴᠢ ᠪᠠᠷ ᠬᠡᠷᠡᠭᠵᠢᠭᠦᠯᠬᠦ ᠶᠢ ᠴᠢᠬᠤᠯᠠᠴᠢᠯᠠᠵᠤ᠂ ᠪᠠᠭ᠎ᠠ ᠰᠤᠷᠭᠠᠭᠤᠯᠢ ᠶᠢᠨ ᠱᠠᠳᠤᠨ ᠤ ᠬᠢᠴᠢᠶᠡᠯ ᠤᠨ ᠠᠭᠤᠯᠭ᠎ᠠ ᠶᠢ ᠵᠢᠭᠠᠨ ᠰᠤᠷᠭᠠᠵᠤ ᠪᠣᠯᠬᠤ ᠦᠭᠡᠶ ᠭᠡᠪᠡ᠃ |