ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ ︽ᠴᠡᠴᠡᠷᠯᠢᠭ ᠤᠨ ᠭᠡᠦᠬᠡᠳ ᠪᠠ ᠪᠠᠭ᠎ᠠ ᠰᠤᠷᠭᠠᠭᠤᠯᠢ ᠶᠢᠨ | ᠭᠡᠦᠬᠡᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠬᠦ ᠵᠠᠩᠭᠢᠯᠠᠭ᠎ᠠ ᠶᠢᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭ᠎ᠠ ᠠᠳᠬᠤᠬᠤ ᠲᠤᠬᠠᠶ ᠮᠡᠳᠡᠭᠳᠡᠯ︾ | ᠢ ᠳᠠᠷᠤᠮᠠᠯᠯᠠᠨ ᠲᠠᠷᠬᠠᠭᠠᠪᠠ᠃ ᠮᠡᠳᠡᠭᠳᠡᠯ ᠳᠤ᠄ ᠬᠡᠦᠬᠡᠳ ᠪᠠᠭᠠᠴᠤᠳ ᠤᠨ ᠡᠳᠦᠷ ᠪᠦᠷᠢ ᠶᠢᠨ ᠬᠡᠷ ᠤᠨ ᠭᠠᠳᠠᠨᠠᠬᠢ ᠬᠥᠳᠡᠯᠭᠡᠭᠡᠨ ᠤ ᠴᠠᠭ ᠢ 2 ᠴᠠᠭ ᠠᠴᠠ ᠳᠤᠲᠠᠭᠤ | ᠪᠠᠶᠢᠯᠭᠠᠵᠤ ᠪᠣᠯᠬᠤ ᠥᠬᠡᠶ᠂ ᠡᠭᠦᠨ ᠳᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠠᠭ ᠢ 1 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ︔ ᠪᠠᠭ᠎ᠠ ᠰᠤᠷᠭᠠᠭᠤᠯᠢ | ᠨᠢ ᠰᠠᠷ᠎ᠠ ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠬᠡᠦᠬᠡᠳ ᠤᠨ ᠰᠠᠭᠤᠬᠤ ᠤᠷᠤᠨ ᠪᠠᠶᠢᠷᠢ ᠳᠤ ᠲᠤᠬᠢᠷᠠᠭᠤᠯᠤᠯᠳᠠ ᠬᠢᠬᠦ ᠭᠡᠷᠡᠭᠳᠡᠢ︔ ︽ᠲᠡᠭ ᠡᠬᠢᠯᠡᠯᠲᠡ︾ | ᠶᠢᠨ ᠬᠡᠪ ᠤᠨ ᠵᠢᠭᠠᠨ ᠰᠤᠷᠭᠠᠯᠲᠠ ᠶᠢ ᠴᠢᠩᠭ᠎ᠠ ᠵᠢᠷᠤᠮᠯᠠᠵᠦ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠬᠤᠶᠠᠳᠤᠭᠠᠷ ᠣᠨ ᠤ ᠰᠤᠷᠤᠬᠴᠢ ᠳᠤ ᠪᠢᠴᠢᠬᠦ ᠭᠡᠷ ᠤᠨ | ᠳᠠᠰᠬᠠᠯ ᠦᠯᠡᠳᠡᠭᠡᠬᠦ ᠦᠭᠡᠶ ᠪᠠᠶᠢᠵᠤ᠂ ᠭᠤᠷᠪᠠᠳᠤᠭᠠᠷ ᠣᠨ ᠠᠴᠠ ᠵᠢᠷᠭᠤᠳᠤᠭᠠᠷ ᠣᠨ ᠤ ᠰᠤᠷᠤᠬᠴᠢ ᠶᠢᠨ ᠪᠢᠴᠢᠬᠦ ᠳᠠᠰᠬᠠᠯ ᠤᠨ ᠴᠠᠭ ᠢ 60 ᠮᠢᠨᠦ᠋ᠲ ᠠᠴᠠ | ᠬᠡᠲᠦᠷᠡᠭᠦᠯᠵᠦ ᠪᠣᠯᠬᠤ ᠦᠭᠡᠶ︔ ᠡᠯᠧᠺᠲᠷᠣᠨ ᠦᠢᠯᠡᠳᠬᠦᠨ ᠬᠡᠷᠡᠭᠯᠡᠨ ᠬᠢᠴᠢᠶᠡᠯᠯᠡᠬᠦ ᠴᠠᠭ ᠢ ᠵᠠᠷᠴᠢᠮ ᠳᠡᠭᠡᠷ᠎ᠡ ᠪᠠᠨ ᠵᠢᠭᠠᠨ ᠰᠤᠷᠭᠠᠯᠲᠠ ᠶᠢᠨ ᠶᠡᠷᠦᠩᠬᠡᠶ ᠴᠠᠭ ᠤᠨ | 30 % ᠠᠴᠠ ᠬᠡᠲᠦᠷᠡᠭᠦᠯᠵᠦ ᠪᠣᠯᠬᠤ ᠥᠬᠡᠶ᠂ ᠵᠠᠷᠴᠢᠮ ᠳᠡᠭᠡᠷ᠎ᠡ ᠪᠠᠨ ᠴᠠᠭᠠᠰᠤᠨ ᠲᠡᠭᠡᠷ᠎ᠡ ᠪᠢᠴᠢᠭᠰᠡᠨ ᠳᠠᠰᠬᠠᠯ ᠢ ᠬᠡᠷᠡᠭᠯᠡᠬᠦ ᠬᠡᠷᠡᠭᠳᠡᠢ︔ ᠰᠦᠯᠵᠢᠶᠡᠨ ᠳᠡᠭᠡᠷᠡᠬᠢ | ᠪᠣᠯᠪᠠᠰᠤᠷᠠᠯ ᠤᠨ ᠪᠠᠶᠢᠭᠤᠯᠤᠮᠵᠢ ᠨᠢ ᠬᠢᠴᠢᠶᠡᠯ ᠪᠦᠷᠢ ᠶᠢᠨ ᠴᠠᠭ ᠢ 30 ᠮᠢᠨᠦ᠋ᠲ ᠠᠴᠠ ᠬᠡᠲᠦᠷᠡᠭᠦᠯᠵᠦ ᠪᠣᠯᠬᠤ ᠥᠬᠡᠶ᠂ ᠬᠢᠴᠢᠶᠡᠯ ᠤᠨ ᠵᠠᠪᠰᠠᠷ ᠤᠨ ᠴᠠᠭ ᠢ 10 | ᠮᠢᠨᠦ᠋ᠲ ᠠᠴᠠ ᠳᠤᠲᠠᠭᠤ ᠪᠠᠶᠢᠯᠭᠠᠵᠤ ᠪᠣᠯᠬᠤ ᠥᠬᠡᠶ ᠭᠡᠵᠦ ᠲᠤᠳᠤᠷᠬᠠᠢ ᠲᠤᠬᠳᠠᠭᠠᠪᠠ᠃ |