ᠤᠯᠤᠰ ᠤᠨ ᠳᠡᠰ ᠤᠨ ᠰᠤᠷᠤᠯᠭ᠎ᠠ ᠶᠢᠨ ᠱᠠᠩᠨᠠᠯ ᠤᠨ ᠮᠦᠩᠭᠦ ᠶᠢ ᠥᠪᠥᠷ ᠮᠣᠩᠭᠤᠯ ᠠᠴᠠ 48 ᠰᠤᠷᠤᠭᠴᠢ ᠬᠦᠷᠲᠡᠪᠡ
ᠨᠡᠶᠢᠲᠡᠯᠡᠭᠰᠡᠨ ᠴᠠᠭ᠄
2024/11/21
      ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ᠤ ᠰᠦᠯᠵᠢᠶᠡᠨ ᠳᠡᠭᠡᠷ᠎ᠡ ᠠᠷᠪᠠᠨ ᠵᠢᠷᠭᠤᠳᠤᠭᠠᠷ ᠬᠤᠭᠤᠴᠠᠭᠠᠨ ᠤ ᠰᠥᠩ ᠴᠢᠩ ᠯᠢᠩ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ ᠲᠤᠬᠠᠢ ᠲᠣᠭᠲᠠᠭᠠᠯ ᠢ ᠨᠡᠶᠢᠲᠡᠯᠡᠪᠡ᠂ ᠪᠦᠬᠦ ᠤᠯᠤᠰ ᠲᠤ ᠨᠡᠶᠢᠲᠡ 1542 ᠰᠤᠷᠤᠭᠴᠢ ᠱᠠᠩᠨᠠᠯ ᠣᠯᠵᠠᠢ᠃ ᠡᠭᠦᠨ ᠳᠤ ᠥᠪᠥᠷ ᠮᠣᠩᠭᠤᠯ ᠤᠨ 48 ᠰᠣᠷᠣᠭᠴᠢ ᠱᠠᠩᠨᠠᠯ ᠭᠥᠷᠳᠡᠪᠡ᠃      ᠰᠦᠩ ᠴᠢᠩ ᠯᠢᠩ ᠤᠨ ᠰᠤᠷᠤᠯᠭ᠎ᠠ ᠶᠢᠨ ᠱᠠᠩᠨᠠᠯ ᠤᠨ ᠮᠦᠩᠭᠦ ᠭᠡᠵᠦ ᠶᠠᠮᠠᠷ ᠱᠠᠩᠨᠠᠯ ᠤᠨ ᠮᠦᠩᠭᠦ ᠶᠢ ᠵᠢᠭᠠᠵᠤ ᠪᠠᠶᠢᠬᠤ ᠪᠤᠢ︖      ᠰᠥᠩ ᠴᠢᠩ ᠯᠢᠩ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ 1994 ᠣᠨ ᠳᠤ ᠪᠠᠶᠢᠭᠤᠯᠵᠤ᠂ ᠳᠤᠮᠳᠠᠳᠤ ᠤᠯᠤᠰ ᠤᠨ ᠰᠥᠩ ᠴᠢᠩ ᠯᠢᠩ ᠤᠨ ᠰᠠᠭᠤᠷᠢ ᠮᠥᠩᠭᠦᠨ ᠤ ᠨᠡᠶᠢᠭᠡᠮᠯᠢᠭ ᠪᠠ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠠᠰᠠᠷᠠᠮᠵᠢ ᠶᠢᠨ ᠨᠡᠶᠢᠭᠡᠮᠯᠢᠭ ᠠᠴᠠ ᠬᠠᠮᠲᠤᠷᠠᠨ ᠡᠷᠭᠢᠯᠡᠵᠦ ᠪᠠᠶᠢᠭ᠎ᠠ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠴᠣᠷ ᠤᠨ ᠭᠠᠭᠴᠠ ᠤᠯᠤᠰ ᠤᠨ ᠲᠠᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠮᠥᠨ᠂ ᠪᠥᠬᠦ ᠤᠯᠤᠰ ᠲᠤ ᠬᠠᠨᠳᠤᠭᠤᠯᠤᠨ ᠮᠣᠷᠠᠯ ᠰᠤᠷᠤᠯᠭ᠎ᠠ ᠬᠤᠣᠰᠯᠠᠭᠰᠠᠨ᠂ ᠪᠠᠭᠠᠴᠤᠳ ᠬᠡᠦᠬᠡᠳ ᠲᠤ ᠰᠤᠷᠤᠯᠴᠠᠬᠤ ᠥᠯᠢᠭᠡᠷ ᠳᠠᠭᠤᠷᠢᠶᠠᠯ ᠪᠣᠯᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠱᠠᠩᠨᠠᠨ ᠬᠥᠬᠢᠭᠦᠯᠵᠦ ᠪᠠᠶᠢᠨ᠎ᠠ᠃ ᠬᠤᠶᠠᠷ ᠵᠢᠯ ᠳᠤ ᠨᠢᠭᠡ ᠤᠳᠠᠭ᠎ᠠ ᠱᠠᠩᠨᠠᠯ ᠰᠢᠯᠭᠠᠷᠠᠭᠤᠯᠵᠤ᠂ ᠦᠵᠡᠯ ᠰᠠᠨᠠᠭ᠎ᠠ ᠶᠣᠰᠣ ᠮᠣᠷᠠᠯ᠂ ᠰᠣᠶᠣᠯ᠂ ᠤᠷᠠᠯᠢᠭ᠂ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠲᠠᠯ᠎ᠠ ᠪᠠᠷ ᠰᠢᠯᠢᠳᠡᠭ ᠢᠯᠡᠷᠡᠯ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠬᠢᠭᠦᠯᠦᠨ ᠰᠠᠶᠢᠰᠢᠶᠠᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ