ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠬᠢᠨ ᠣᠶᠢᠷ᠎ᠠ ᠳᠤ ᠠᠩᠬᠠᠷᠤᠭᠰᠠᠨ ᠢᠶᠠᠷ᠂ ︽85 ᠣᠨ ᠠᠴᠠ ᠬᠤᠶᠢᠰᠢ ᠲᠦᠷᠦᠭᠰᠡᠨ︾ | ᠣᠯᠠᠨ ᠺᠠᠳ᠋ᠷ ᠰᠢᠨ᠎ᠡ ᠲᠤᠰᠢᠶᠠᠯ ᠡᠭᠦᠷᠭᠡᠯᠡᠪᠡ᠂ ᠡᠭᠦᠨ ᠳᠤ ᠵᠠᠷᠢᠮ ᠺᠠᠳ᠋ᠷ ᠢ ᠨᠢ ᠲᠢᠩᠬᠢᠮ ᠤᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠠᠶᠢᠨ᠎ᠠ᠃ | 11 ᠰᠠᠷ᠎ᠠ ᠶᠢᠨ 17 ᠤ ᠡᠳᠦᠷ᠂ ᠬᠦᠢᠵᠸᠦ ᠮᠤᠵᠢ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠮᠤᠵᠢ ᠠᠴᠠ ᠬᠠᠮᠢᠶᠠᠷᠬᠤ ᠺᠠᠳ᠋ᠷ ᠤᠨ | ᠲᠤᠰᠢᠶᠠᠯ ᠡᠭᠦᠷᠭᠡᠯᠡᠬᠦ ᠠᠴᠠ ᠡᠮᠦᠨᠡᠬᠢ ᠵᠠᠷᠯᠠᠯ ᠢ ᠨᠡᠶᠢᠲᠡᠯᠡᠪᠡ᠃ ᠡᠭᠦᠨ ᠳᠤ᠂ ᠸᠠᠩ ᠹᠸᠢ᠂ ᠡᠷᠡᠭᠲᠡᠶ᠂ ᠬᠢᠲᠠᠳ ᠦᠨᠳᠦᠰᠦᠲᠡᠨ᠂ 1987 ᠣᠨ ᠤ 4 ᠰᠠᠷ᠎ᠠ ᠳᠤ | ᠳᠦᠷᠦᠵᠡᠶ᠂ ᠶᠡᠭᠡ ᠰᠤᠷᠭᠠᠭᠤᠯᠢ ︵ᠪᠠᠶᠢᠭᠠᠯᠢ ᠶᠢᠨ ᠰᠢᠨᠵᠢᠯᠡᠬᠦ ᠤᠬᠠᠭᠠᠨ ᠤ ᠣᠶᠤᠲᠠᠨ︶᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ | ᠬᠦᠢᠵᠸᠦ ᠮᠤᠵᠢ ᠶᠢᠨ ᠷᠦᠩᠵᠢᠶᠠᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ︵ᠰᠢᠶᠠᠨ ᠤ ᠵᠠᠰᠠᠭ ᠤᠨ ᠣᠷᠳᠣᠨ ᠤ | ᠪᠠᠶᠢᠩᠭᠤ ᠶᠢᠨ ᠠᠵᠢᠯ ᠢ ᠬᠤᠪᠢᠳᠠᠨ ᠬᠠᠮᠢᠶᠠᠷᠴᠤ ᠪᠣᠶ︶᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ ᠡᠭᠦᠷᠭᠡᠯᠡᠵᠦ ᠪᠣᠶ᠂ ᠰᠢᠶᠠᠨ ︵ | ᠬᠤᠲᠠ᠂ ᠲᠣᠭᠤᠷᠢᠭ︶ ᠤ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃ ᠡᠭᠦᠨ ᠤ ᠳᠣᠲᠣᠷ᠎ᠠ ᠪᠠᠰᠠ ᠷᠦᠩᠵᠢᠶᠠᠩ ᠰᠢᠶᠠᠨ ᠤ ᠳᠠᠷᠤᠭ᠎ᠠ ᠰᠢᠤᠢ | ᠪᠦᠸᠧ ᠣᠷᠴᠢᠮᠬᠠᠨ ᠷᠦᠩᠵᠢᠶᠠᠩ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠡᠢ᠃ ᠲᠡᠷᠡ 1986 ᠣᠨ ᠳᠤ ᠲᠦᠷᠦᠵᠠᠢ᠂ | ᠴᠢᠩᠬᠤᠸᠠ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠠᠴᠠ ᠲᠡᠭᠦᠰᠴᠦ᠂ 2021 ᠣᠨ ᠳᠤ ᠭᠦᠢᠵᠧᠦ ᠮᠤᠵᠢ ᠶᠢᠨ ᠷᠦᠩᠵᠢᠶᠠᠩ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠂ ᠤᠳᠤ ᠰᠢᠨ᠎ᠡ ᠲᠤᠰᠢᠶᠠᠯ ᠡᠭᠦᠷᠭᠡᠯᠡᠵᠡᠢ᠃ | ᠷᠦᠩᠵᠢᠶᠠᠩ ᠳᠤ᠂ ︽ᠲᠣᠰᠬᠤᠨ ᠤ ᠬᠡᠲᠦ ᠳᠡᠯᠭᠡᠭᠦᠷ︾ ᠤᠨ ᠬᠠᠯᠠᠮᠰᠢᠯ ᠢ ᠡᠭᠦᠰᠭᠡᠭᠰᠡᠨ ᠠᠴᠠ ᠪᠣᠯᠵᠣ᠂ ᠰᠢᠤᠢ ᠪᠥᠸᠧ ᠣᠯᠠᠨ ᠤ ᠠᠩᠬᠠᠷᠤᠯ ᠢ ᠶᠡᠬᠡᠳᠡ | ᠲᠠᠲᠠᠬᠰᠠᠨ ᠶᠤᠮ᠃ | 11 ᠰᠠᠷ᠎ᠠ ᠶᠢᠨ 15 ᠤ ᠡᠳᠦᠷ᠂ ᠭᠢᠷᠢᠨ ᠮᠤᠵᠢ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠲᠤᠰᠢᠶᠠᠯ ᠡᠭᠦᠷᠭᠡᠯᠡᠬᠦ ᠠᠴᠠ ᠡᠮᠦᠨᠡᠬᠢ | ᠵᠠᠷᠯᠠᠯ ᠢ ᠨᠡᠶᠢᠲᠡᠯᠡᠪᠡ᠃ ᠡᠭᠦᠨ ᠳᠤ᠂ ᠯᠢ ᠮᠢᠩ᠂ ᠡᠷᠡᠭᠲᠡᠶ᠂ ᠬᠢᠳᠡᠳ ᠦᠨᠳᠦᠰᠦᠳᠡᠨ᠂ 1986 ᠣᠨ ᠤ 5 ᠰᠠᠷ᠎ᠠ ᠳᠤ ᠳᠦᠷᠦᠵᠡᠶ᠂ ᠠᠵᠢᠯ ᠤᠨ ᠪᠠᠶᠢᠷᠢ | ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠯᠢᠶᠣᠤ ᠶᠤᠸᠠᠨ ᠬᠤᠲᠠ ᠶᠢᠨ ᠳᠡᠳ᠋ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠂ ᠲᠢᠩᠬᠢᠮ ᠤᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠠᠶᠢᠨ᠎ᠠ᠃ | ᠨᠢᠩᠰᠢᠶᠠ ᠶᠢᠨ ︽ᠡᠦ ᠵᠥᠩ ᠤᠨ ᠨᠡᠶᠢᠲᠡᠯᠡᠯ︾ ᠤᠨ ᠮᠡᠳᠡᠭᠡ ᠠᠴᠠ ᠦᠵᠡᠪᠡᠯ᠂ 11 ᠰᠠᠷ᠎ᠠ ᠶᠢᠨ 13 ᠤ ᠡᠳᠦᠷ᠂ ᠡᠦ ᠵᠥᠩ ᠬᠤᠲᠠ ᠶᠢᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠠᠴᠠ ᠬᠤᠸᠠᠩ ᠫᠸᠢ ᠶᠢ ᠡᠦ ᠵᠥᠩ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠬᠦᠯᠬᠦ ᠪᠠᠷ ᠲᠣᠭᠲᠠᠪᠠ᠃ |