ᠰᠢᠨ᠎ᠡ ᠪᠠᠷᠭᠤ ᠪᠠᠷᠠᠭᠤᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/11/21
      ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠣᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠭᠡᠷ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠲᠤ ᠲᠣᠬᠢᠷᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠎ᠡ᠃      ᠭᠤᠣᠯ ᠡᠭᠦᠷᠭᠡ ᠬᠠᠷᠢᠭᠤᠴᠠᠯᠭ᠎ᠠ      ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠠᠴᠠ ᠨᠠᠮ ᠪᠠ ᠤᠯᠤᠰ ᠤᠨ ᠬᠠᠮᠢᠶ᠎ᠠ ᠪᠦᠬᠦᠢ ᠭᠠᠳᠠᠭᠠᠳᠤ ᠶᠠᠪᠤᠳᠠᠯ ᠤᠨ ᠠᠵᠢᠯ᠂ ᠪᠣᠭᠤᠮᠲᠠ ᠶᠢᠨ ᠬᠠᠮᠢᠶᠠᠷᠤᠯᠲᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠭᠠᠳᠠᠭᠠᠳᠤ ᠶᠠᠪᠤᠳᠠᠯ ᠤᠨ ᠠᠵᠢᠯ᠂ ᠪᠣᠭᠤᠮᠲᠠ ᠶᠢᠨ ᠠᠵᠢᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ