1 — 10 ᠰᠠᠷ᠎ᠠ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ ᠰᠢᠨ᠎ᠡ ᠬᠥᠳᠡᠯᠭᠡᠬᠦ ᠡᠨᠧᠷᠭᠢ ᠶᠢᠨ ᠠᠵᠢᠯ ᠲᠥᠷᠥᠯ ᠤᠶᠠᠨ ᠬᠠᠲᠠᠨ ᠴᠢᠨᠠᠷ ᠢ ᠳᠣᠪᠤᠶᠢᠯᠭᠠᠪᠠ
ᠨᠡᠶᠢᠲᠡᠯᠡᠭᠰᠡᠨ ᠴᠠᠭ᠄
2024/11/21
      1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠵᠢᠯ ᠤᠨ ᠡᠬᠢᠨ ᠠᠴᠠ ᠨᠠᠰᠢᠬᠢ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠢᠶᠠᠷ ᠲᠥᠯᠥᠭᠡᠯᠡᠭᠦᠯᠦᠭᠰᠡᠨ ᠰᠢᠨ᠎ᠡ ᠬᠥᠳᠡᠯᠭᠡᠭᠴᠢ ᠡᠨᠧᠷᠭᠢ ᠶᠢᠨ ᠠᠵᠢᠯ ᠲᠥᠷᠥᠯ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠲᠣᠭᠲᠠᠭᠤᠨ ᠢᠶᠠᠷ ᠠᠭᠢᠪᠠ᠃       ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ       1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.9% ᠨᠡᠮᠡᠭᠳᠡᠵᠦ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 1.1 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠪᠥᠬᠦ ᠣᠷᠣᠨ ᠤ 37 ᠠᠵᠤ ᠦᠢᠯᠡᠳᠪᠦᠷᠢ ᠶᠢᠨ ᠲᠣᠮᠣ ᠲᠥᠷᠥᠯ ᠤᠨ ᠠᠵᠢᠯ ᠲᠥᠷᠥᠯ ᠤᠨ ᠳᠣᠲᠣᠷ᠎ᠠ᠂ 23 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 62. 2% ᠢᠶᠠᠷ ᠨᠡᠮᠡᠭᠳᠡᠪᠡ᠃ ᠪᠥᠬᠦ ᠣᠷᠣᠨ ᠤ ᠪᠦᠷᠢᠳᠬᠡᠭᠰᠡᠨ 254 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 127 ᠵᠦᠢᠯ ᠤᠨ ᠦᠢᠯᠡᠳᠬᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 50% ᠬᠦᠷᠴᠡᠢ᠃       ᠬᠤᠶᠠᠷ᠂ ᠭᠤᠷᠪᠠᠨ ᠶᠡᠭᠡ ᠲᠥᠷᠥᠯ ᠬᠠᠮᠵᠢᠯᠴᠠᠨ ᠨᠡᠮᠡᠭᠳᠡᠪᠡ᠃       1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 2.6 ᠵᠠᠭᠤᠨ ᠤ ᠬᠤᠪᠢ ᠶᠢᠨ ᠴᠡᠭ ᠨᠡᠮᠡᠭᠳᠡᠬᠦ ᠶᠢ ᠳᠠᠶᠢᠴᠢᠯᠠᠪᠠ︔ ᠦᠢᠯᠡᠳᠬᠦ ᠦᠢᠯᠡᠰ 8.9% ᠪᠠᠷ ᠨᠡᠮᠡᠭᠳᠡᠵᠦ᠂ 3.1 ᠵᠠᠭᠤᠨ ᠤ ᠬᠤᠪᠢ ᠶᠢᠨ ᠴᠡᠭ ᠳᠠᠶᠢᠴᠢᠯᠠᠭᠳᠠᠪᠠ︔ ᠴᠠᠬᠢᠯᠭᠠᠨ ᠬᠦᠴᠦᠨ ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.1% ᠪᠠᠷ ᠨᠡᠮᠡᠭᠳᠡᠵᠦ᠂ 1.2 ᠵᠠᠭᠤᠨ ᠤ ᠬᠤᠪᠢ ᠶᠢᠨ ᠴᠡᠭ ᠳᠠᠶᠢᠴᠢᠯᠠᠭᠳᠠᠪᠠ᠃      ᠭᠤᠷᠪᠠ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠨᠳᠤᠰᠢ ᠰᠠᠶᠢᠨ ᠪᠠᠶᠢᠨ᠎ᠠ᠃       1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 26.2% ᠢᠶᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ 39.5% ᠪᠠᠷ ᠨᠡᠮᠡᠭᠳᠡᠵᠦ᠂ ᠡᠨᠡ ᠵᠢᠯ ᠠᠴᠠ ᠨᠠᠰᠢᠬᠢ ᠥᠨᠳᠥᠷ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠪᠡ᠃ ᠪᠥᠬᠦ ᠣᠷᠣᠨ ᠤ ᠰᠢᠨ᠎ᠡ ᠡᠨᠧᠷᠭᠢ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20.0% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠬᠥᠭᠵᠢᠯᠲᠡ ᠨᠢ ᠪᠥᠬᠦ ᠣᠷᠣᠨ ᠤ ᠠᠵᠤ ᠦᠢᠯᠡᠳᠪᠦᠷᠢ ᠶᠢᠨ ᠪᠣᠬᠢᠷᠲᠤᠯ ᠥᠬᠡᠶ ᠪᠣᠯᠬᠤ ᠠᠯᠬᠤᠴᠠ ᠶᠢ ᠲᠦᠷᠭᠡᠳᠬᠡᠪᠡ᠃ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.7% ᠪᠠᠷ ᠨᠡᠮᠡᠭᠳᠡᠵᠦ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠪᠠ᠃ 
ᠢᠷᠡᠯᠲᠡ᠄ ​ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ