1 — 10 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 4505.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 0.2 ᠵᠠᠭᠤᠨ ᠤ | ᠬᠤᠪᠢ ᠶᠢᠨ ᠴᠡᠭ ᠲᠦᠷᠭᠡᠳᠴᠦ᠂ ᠪᠥᠬᠦ ᠤᠯᠤᠰ ᠤᠨ ᠬᠢ ᠠᠴᠠ 0.1 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ | ᠨᠢᠭᠡ᠂ ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠤᠷᠳᠤᠴᠠ ᠲᠦᠷᠭᠡᠳᠪᠡ᠃ | 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.1% ᠪᠠᠷ | ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 0.3 ᠵᠠᠭᠤᠨ ᠤ ᠬᠤᠪᠢ ᠶᠢᠨ ᠴᠡᠭ ᠲᠦᠷᠭᠡᠳᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠠᠮᠤ ᠲᠣᠰᠣ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 16. 9% ᠨᠡᠮᠡᠭᠳᠡᠵᠦ᠂ | ᠤᠮᠳᠠᠭᠠᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 24.1% ᠨᠡᠮᠡᠭᠳᠡᠵᠦ᠂ ᠠᠷᠢᠬᠢ ᠲᠠᠮᠠᠬᠢᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 5.7% | ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 13.6% ᠨᠡᠮᠡᠭᠳᠡᠪᠡ᠃ | ᠬᠤᠶᠠᠷ᠂ ᠬᠠᠭᠤᠴᠢᠨ ᠢᠶᠠᠷ ᠰᠢᠨ᠎ᠡ ᠶᠢ ᠰᠣᠯᠢᠭᠰᠠᠨ ᠦᠷ᠎ᠡ ᠪᠦᠲᠦᠮᠵᠢ ᠢᠯᠡᠷᠬᠡᠢ᠃ | 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠢᠵᠠᠭᠠᠷᠯᠠᠭᠰᠠᠨ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ | ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠭᠤᠷᠪᠠᠨ ᠤᠯᠠᠷᠢᠯ ᠤᠨ ᠬᠢ ᠠᠴᠠ 2.9 ᠵᠠᠭᠤᠨ ᠤ | ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 83.5% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠲᠦᠷᠦᠭᠦᠦ ᠭᠤᠷᠪᠠᠨ ᠤᠯᠠᠷᠢᠯ ᠤᠨ ᠬᠢ ᠠᠴᠠ 4.2 ᠵᠠᠭᠤᠨ ᠤ ᠬᠤᠪᠢ ᠶᠢᠨ ᠴᠡᠭ ᠲᠦᠷᠭᠡᠳᠪᠡ᠃ 10 ᠳ᠋ᠤᠭᠠᠷ ᠰᠠᠷ᠎ᠠ ᠳᠤ᠂ | ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠪᠠᠷ᠂ ᠪᠥᠬᠦ ᠣᠷᠣᠨ ᠤ ᠬᠡᠷ ᠤᠨ ᠴᠠᠬᠢᠯᠭᠠᠨ | ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 24.9% ᠪᠠᠷ ᠨᠡᠮᠡᠭᠳᠡᠵᠦ᠂ 9 ᠳ᠋ᠤᠭᠡᠷ ᠰᠠᠷ᠎ᠠ ᠶᠢᠨ ᠬᠢ ᠠᠴᠠ 38.7 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠭᠤᠷᠪᠠ᠂ ᠢᠳᠡᠭᠡᠨ ᠤᠮᠳᠠᠭᠠᠨ ᠤ ᠬᠡᠷᠡᠭᠯᠡᠭᠡ ᠨᠡᠮᠡᠭᠳᠡᠯ ᠢᠶᠠᠨ ᠪᠠᠲᠤᠯᠠᠪᠠ᠃ | ᠤᠯᠤᠰ ᠤᠨ ᠪᠠᠶᠠᠷ ᠤᠨ ᠬᠤᠭᠤᠴᠠᠭᠠᠨ ᠳᠤ᠂ ᠳᠠᠶᠢᠯᠠᠯᠭ᠎ᠠ ᠨᠢ ᠠᠮᠠᠷᠠᠯᠲᠠ ᠶᠢᠨ ᠡᠳᠦᠷ ᠤᠨ ᠠᠵᠤ ᠠᠬᠤᠶ ᠶᠢᠨ ᠳᠠᠶᠢᠴᠢᠯᠠᠯᠲᠠ ᠶᠢ ᠨᠡᠮᠡᠭᠳᠡᠭᠦᠯᠵᠦ᠂ 1 — | 10 ᠳ᠋ᠤᠭᠠᠷ ᠰᠠᠷ᠎ᠠ ᠳᠤ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠦ᠂ ᠲᠠᠸᠠᠷ ᠤᠨ | ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ 4.5 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ | ᠳᠥᠷᠪᠡ᠂ ᠰᠦᠯᠵᠢᠶᠡᠨ ᠤ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠬᠤᠤᠰ ᠠᠷᠪᠠᠨ ᠨᠢᠭᠡ ᠰᠢᠬᠠᠮ᠂ ᠪᠥᠬᠦ ᠣᠷᠣᠨ ᠤ | ᠰᠦᠯᠵᠢᠶᠡᠨ ᠤ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠵᠣᠬᠢᠬᠤ ᠬᠡᠮᠵᠢᠶ᠎ᠡ ᠪᠠᠷ ᠳᠡᠭᠡᠭᠰᠢᠯᠡᠪᠡ᠃ | 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠢᠵᠠᠭᠠᠷ ᠠᠴᠠ ᠳᠡᠭᠡᠭᠰᠢᠬᠢ ᠨᠢᠭᠡᠴᠡ ᠶᠢᠨ ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ | ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 31.4% ᠪᠠᠷ ᠨᠡᠮᠡᠭᠳᠡᠵᠦ᠂ ᠲᠦᠷᠦᠭᠦᠦ ᠭᠤᠷᠪᠠᠨ | ᠤᠯᠠᠷᠢᠯ ᠤᠨ ᠬᠢ ᠠᠴᠠ 0.8 ᠵᠠᠭᠤᠨ ᠤ ᠬᠤᠪᠢ ᠶᠢᠨ ᠴᠡᠭ ᠲᠦᠷᠭᠡᠳᠴᠦ᠂ ᠬᠢᠵᠠᠭᠠᠷ ᠠᠴᠠ ᠳᠡᠭᠡᠭᠰᠢᠬᠢ ᠬᠤᠷᠰᠢᠶ᠎ᠠ ᠶᠢᠨ ᠵᠢᠵᠢᠭᠯᠡᠨ ᠬᠤᠳᠠᠯᠳᠤᠭᠰᠠᠨ ᠲᠤᠭ᠎ᠠ ᠶᠢᠨ | 8.3% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ |