2024 ᠣᠨ ᠤ 1 ︱ 10 ᠳ᠋ᠤᠭᠠᠷ ᠰᠠᠷ᠎ᠠ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠢ ᠶᠢᠨ ᠳᠠᠷᠤᠯᠲᠠ ᠶᠢ ᠳᠠᠭᠠᠭᠠᠨ ᠤᠷᠤᠭᠰᠢᠯᠠᠬᠤ ᠪᠠᠭᠤᠷᠠᠯᠲᠠ ᠶᠢᠨ ᠬᠡᠮᠵᠢᠶ᠎ᠡ ᠵᠢᠯ ᠤᠨ ᠡᠬᠢᠨ ᠤ ᠬᠢ ᠠᠴᠠ ᠢᠯᠡᠳᠲᠡ ᠪᠠᠭᠠᠰᠪᠠ
ᠨᠡᠶᠢᠲᠡᠯᠡᠭᠰᠡᠨ ᠴᠠᠭ᠄
2024/11/25
      2024 ᠣᠨ ᠤ 1 ︱ 10 ᠳ᠋ᠤᠭᠠᠷ ᠰᠠᠷ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ      1 ︱ 10 ᠳ᠋ᠤᠭᠠᠷ ᠰᠠᠷ᠎ᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.3% ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 1.7 ᠵᠠᠭᠤᠨ ᠤ ᠨᠢᠭᠡᠴᠢ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 22.1 ᠵᠠᠭᠤᠨ ᠤ ᠨᠢᠭᠡᠴᠢ ᠪᠠᠭᠤᠷᠠᠵᠤ᠂ ᠨᠢᠭᠡᠳᠦᠭᠡᠷ ᠤᠯᠠᠷᠢᠯ ᠤᠨ ᠬᠢ ᠠᠴᠠ 13.8 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠳᠤᠮᠳᠠᠴᠢ ᠨᠡᠮᠡᠭᠳᠡᠯ ᠤᠨ ᠲᠦᠪᠰᠢᠨ ᠠᠴᠠ 7.4 ᠵᠠᠭᠤᠨ ᠤ ᠨᠢᠭᠡᠴᠢ ᠳᠣᠣᠷ᠎ᠠ ᠪᠣᠯᠪᠠ᠃ ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.3% ᠪᠠᠷ ᠪᠠᠭᠤᠷᠠᠵᠤ᠂ ᠳᠣᠷᠣᠭᠰᠢ ᠲᠠᠲᠠᠬᠤ ᠪᠦᠬᠦᠯᠢ ᠴᠣᠭᠴᠠ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 9.15 ᠵᠠᠭᠤᠨ ᠤ ᠨᠢᠭᠡᠴᠢ ᠪᠣᠯᠪᠠ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.6% ᠪᠠᠷ ᠪᠠᠭᠤᠷᠠᠵᠤ᠂ ᠳᠣᠷᠣᠭᠰᠢ ᠲᠠᠲᠠᠬᠤ ᠪᠦᠬᠦᠯᠢ ᠴᠣᠭᠴᠠ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 0.14 ᠵᠠᠭᠤᠨ ᠤ ᠨᠢᠭᠡᠴᠢ ᠪᠣᠯᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.1% ᠪᠠᠷ ᠪᠠᠭᠤᠷᠠᠵᠤ᠂ ᠳᠣᠷᠣᠭᠰᠢ ᠲᠠᠲᠠᠬᠤ ᠪᠦᠬᠦᠯᠢ ᠴᠣᠭᠴᠠ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 0.01 ᠵᠠᠭᠤᠨ ᠤ ᠨᠢᠭᠡᠴᠢ ᠪᠣᠯᠪᠠ᠃      1 ︱ 10 ᠳ᠋ᠤᠭᠠᠷ ᠰᠠᠷ᠎ᠠ ᠳᠤ᠂ ᠨᠢᠭᠡᠳᠦᠯᠲᠡᠢ ᠪᠠᠶᠢᠭ᠎ᠠ 6 ᠠᠵᠤ ᠦᠢᠯᠡᠳᠪᠦᠷᠢ ᠶᠢᠨ ᠶᠡᠭᠡ ᠲᠥᠷᠥᠯ ᠤᠨ ᠠᠵᠢᠯ ᠲᠥᠷᠥᠯ ᠤᠨ ᠳᠣᠲᠣᠷ᠎ᠠ᠂ 2 ᠠᠵᠤ ᠦᠢᠯᠡᠳᠪᠦᠷᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 33.3% ᠳᠤ ᠬᠦᠷᠪᠡ᠃ ᠡᠭᠦᠨ ᠳᠤ᠂ ᠥᠩᠭᠡᠲᠦ ᠲᠡᠮᠦᠷᠯᠢᠭ ᠤᠨ ᠠᠭᠤᠷᠬᠠᠢ ᠮᠠᠯᠲᠠᠬᠤ ᠪᠠ ᠰᠢᠯᠢᠬᠦ ᠦᠢᠯᠡᠰ ᠤᠨ ᠨᠡᠮᠡᠭᠳᠡᠯ ᠥᠷᠲᠡᠭ 14.2% ᠢᠶᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ ᠪᠠᠨ 2.4 ᠵᠠᠭᠤᠨ ᠤ ᠨᠢᠭᠡᠴᠢ ᠨᠡᠮᠡᠭᠳᠡᠵᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 9.48 ᠵᠠᠭᠤᠨ ᠤ ᠨᠢᠭᠡᠴᠢ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠳᠦᠯᠲᠡᠢ 10 ᠵᠦᠢᠯ ᠤᠨ ᠦᠢᠯᠡᠳᠬᠦᠨ ᠤ ᠳᠣᠲᠣᠷ᠎ᠠ᠂ 4 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 40% ᠲᠤ ᠬᠦᠷᠪᠡ᠃      1 ︱ 10 ᠳ᠋ᠤᠭᠠᠷ ᠰᠠᠷ᠎ᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 24.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 1.6% ᠪᠠᠷ ᠪᠠᠭᠤᠷᠠᠵᠤ᠂ 59.9 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠪᠠᠭᠤᠷᠠᠵᠤ᠂ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠤᠷᠢ ᠶᠢᠨ ᠨᠣᠷᠮ᠎ᠠ 40.23% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3 ᠵᠠᠭᠤᠨ ᠤ ᠨᠢᠭᠡᠴᠢ ᠳᠡᠭᠡᠭᠰᠢᠯᠡᠪᠡ︔ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠶᠢᠨ ᠳᠣᠲᠣᠷᠠᠬᠢ ᠥᠪᠡᠷ ᠤᠨ ᠥᠷᠲᠡᠭ ᠨᠢ 43.4 ᠲᠥᠭᠦᠷᠢᠭ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.2 ᠲᠥᠭᠦᠷᠢᠭ ᠬᠠᠰᠤᠭᠳᠠᠪᠠ︔ ᠠᠵᠤ ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 99.7% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6 ᠵᠠᠭᠤᠨ ᠤ ᠨᠢᠭᠡᠴᠢ ᠪᠠᠭᠤᠷᠠᠪᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ