ᠪᠥᠬᠦ ᠪᠠᠯᠭᠠᠰᠤ ᠶᠢᠨ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠬᠡᠪᠴᠢᠶᠡᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/12/10
      ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ ᠪᠠ ᠬᠠᠥᠯᠢᠵᠢᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠣᠳᠤ ᠪᠥᠬᠦ ᠪᠠᠯᠭᠠᠰᠤ ᠶᠢᠨ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠬᠡᠪᠴᠢᠶᠡᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠤᠭᠯᠠᠭᠤᠯᠬᠤ ᠪᠠᠷ ᠲᠣᠭᠲᠠᠭᠠᠪᠠ᠂ ᠨᠠᠷᠢᠨ ᠪᠠᠶᠢᠳᠠᠯ ᠨᠢ ᠳᠣᠣᠷᠠᠬᠢ ᠮᠡᠲᠦ᠄      ᠨᠢᠭᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠤᠭᠯᠠᠭᠤᠯᠬᠤ ᠳᠤ ᠵᠥᠪᠬᠡᠨ ᠠᠷᠠᠳ ᠤᠨ ᠠᠮᠢᠳᠤᠷᠠᠯ ᠤᠨ ᠬᠦᠷᠢᠶᠡᠨ ᠳᠤ ᠯᠡ ᠬᠢᠵᠠᠭᠠᠷᠯᠠᠵᠤ᠂ ᠲᠤᠭ᠎ᠠ ᠬᠡᠮᠵᠢᠶ᠎ᠡ ᠶᠢ ᠬᠢᠵᠠᠭᠠᠷᠯᠠᠬᠤ ᠦᠭᠡᠢ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ᠂ ᠬᠠᠮᠤᠭ ᠤᠨ ᠲᠤᠯᠭᠠᠮ᠎ᠠ ᠪᠠᠶᠢᠭ᠎ᠠ᠂ ᠵᠠᠰᠠᠭ ᠤᠨ ᠣᠷᠳᠣᠨ ᠠᠴᠠ ᠰᠢᠢᠳᠪᠦᠷᠢᠯᠡᠬᠦ ᠴᠢᠳᠠᠪᠤᠷᠢ ᠲᠠᠢ ᠠᠰᠠᠭᠤᠳᠠᠯ ᠢ ᠰᠣᠩᠭᠤᠨ ᠠᠪᠴᠤ᠂ ᠴᠥᠭᠡᠨ ᠪᠥᠭᠡᠳ ᠴᠢᠨᠠᠷᠯᠢᠭ ᠪᠠᠶᠢᠬᠤ ᠵᠠᠷᠴᠢᠮ ᠢ ᠪᠠᠷᠢᠮᠲᠠᠯᠠᠨ᠂ ᠶᠡᠭᠡ ᠬᠡᠪᠴᠢᠶ᠎ᠡ ᠲᠠᠢ᠂ ᠪᠡᠯᠡ ᠣᠷᠣᠭᠤᠯᠤᠯᠲᠠ ᠠᠷᠪᠢᠨ ᠪᠠᠶᠢᠳᠠᠭ ᠳᠦᠷᠢ ᠲᠥᠷᠬᠦ ᠶᠢᠨ ᠢᠨᠵᠧᠨᠧᠷᠢᠩ ᠢ ᠲᠡᠪᠴᠢᠵᠦ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠴᠦ᠂ ᠲᠤᠬᠠᠢ ᠶᠢᠨ ᠵᠢᠯ ᠳᠡᠭᠡᠨ ᠬᠡᠷᠡᠭᠵᠢᠭᠦᠯᠵᠦ᠂ ᠲᠤᠬᠠᠢ ᠶᠢᠨ ᠵᠢᠯ ᠳᠡᠭᠡᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃      ᠬᠤᠶᠠᠷ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠤᠰᠢᠭᠤ᠂ ᠰᠤᠮᠤ ᠪᠠᠯᠭᠠᠰᠤ ᠶᠢᠨ ᠡᠳ᠋ ᠤᠨ ᠬᠦᠴᠦᠨ ᠢᠶᠠᠷ ᠪᠦᠲᠦᠭᠡᠨ ᠪᠠᠶᠢᠭᠤᠯᠵᠤ᠂ ᠡᠯ᠎ᠡ ᠭᠠᠴᠠᠭ᠎ᠠ ᠨᠡᠶᠢᠭᠡᠮ ᠲᠣᠭᠤᠷᠢᠭ ᠨᠠᠶᠢᠳᠠᠪᠤᠷᠢᠲᠠᠢ ᠪᠡᠯᠡ ᠮᠥᠩᠭᠦ ᠶᠢᠨ ᠢᠷᠡᠯᠲᠡ ᠶᠢ ᠲᠣᠳᠣᠷᠬᠠᠶᠢᠯᠠᠵᠤ᠂ ᠬᠤᠰᠢᠭᠤ᠂ ᠰᠤᠮᠤ ᠪᠠᠯᠭᠠᠰᠤ ᠶᠢᠨ ᠡᠳ᠋ ᠤᠨ ᠬᠦᠴᠦᠨ ᠠᠴᠠ ᠳᠠᠪᠠᠵᠤ ᠵᠢᠭᠡᠯᠡᠯᠭᠡ ᠠᠪᠴᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠢᠵᠦ ᠪᠣᠯᠬᠤ ᠦᠭᠡᠢ᠂ ᠲᠣᠭᠲᠠᠭᠠᠯ  ᠠᠴᠠ ᠵᠥᠷᠢᠴᠡᠨ ᠵᠢᠭᠡᠯᠡᠯᠭᠡ ᠠᠪᠴᠤ᠂ ᠳᠠᠯᠳᠠ ᠥᠭᠴᠡᠭᠡ ᠶᠢ ᠦᠷᠭᠡᠳᠬᠡᠵᠦ ᠪᠣᠯᠬᠤ ᠦᠭᠡᠢ᠃      ᠭᠤᠷᠪᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠳᠡᠭᠡᠳᠦ ᠱᠠᠲᠤᠨ ᠤ ᠪᠠᠭᠤᠯᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ᠂ ᠤᠰᠤ ᠴᠠᠬᠢᠯᠭᠠᠨ ᠬᠡᠯᠬᠢᠶᠡᠨ ᠤ ᠰᠠᠭᠤᠷᠢ ᠲᠦᠬᠦᠭᠡᠷᠦᠮᠵᠢ᠂ ᠰᠣᠶᠣᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠦᠢᠯᠡᠰ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠪᠡᠯᠡ ᠮᠥᠩᠭᠦ ᠶᠢ ᠲᠡᠮᠡᠴᠡᠨ ᠣᠯᠬᠤ ᠪᠠ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠤᠨ ᠳᠡᠮᠵᠢᠨ᠎ᠡ᠃      ᠳᠥᠷᠪᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠪᠠ ᠠᠩᠬ᠎ᠠ ᠬᠢᠨᠠᠬᠤ ᠠᠵᠢᠯ ᠢ ᠭᠠᠴᠠᠭ᠎ᠠ ᠨᠡᠶᠢᠭᠡᠮ ᠲᠣᠭᠤᠷᠢᠭ ᠠᠴᠠ ᠬᠠᠷᠢᠭᠤᠴᠠᠵᠤ᠂ ᠲᠣᠭᠲᠠᠭᠠᠭᠰᠠᠨ ᠤ ᠳᠠᠷᠠᠭ᠎ᠠ ᠪᠠᠯᠭᠠᠰᠤ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠲᠤ ᠮᠡᠳᠡᠭᠦᠯᠵᠦ᠂ ᠠᠷᠠᠳᠴᠢᠯᠠᠯ ᠲᠠᠢ᠂ ᠰᠢᠨᠵᠢᠯᠡᠬᠦ ᠤᠬᠠᠭᠠᠨᠴᠢ ᠪᠠᠶᠢᠬᠤ ᠵᠠᠷᠴᠢᠮ ᠢ ᠭᠦᠢᠴᠡᠳ ᠪᠠᠳᠠᠷᠠᠭᠤᠯᠤᠨ᠂ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠶᠠᠪᠤᠳᠠᠯ ᠢᠶᠠᠨ ᠪᠦᠲᠦᠭᠡᠵᠦ ᠴᠢᠳᠠᠬᠤ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠮᠵᠢᠬᠦ ᠬᠠᠮᠤᠭ ᠡᠴᠦᠰ ᠤᠨ ᠪᠠᠷᠢᠮᠵᠢᠶ᠎ᠠ ᠪᠣᠯᠭᠠᠨ᠎ᠠ᠃      ᠲᠠᠪᠤ᠂ ᠡᠯ᠎ᠡ ᠭᠠᠴᠠᠭ᠎ᠠ ᠨᠡᠶᠢᠭᠡᠮ ᠲᠣᠭᠤᠷᠢᠭ 12 ᠰᠠᠷ᠎ᠠ ᠶᠢᠨ 10 ᠤ ᠡᠳᠦᠷ ᠤᠨ 17᠄ 30 ᠠᠴᠠ ᠡᠮᠦᠨ᠎ᠡ ᠨᠡᠶᠢᠭᠡᠮ ᠤᠨ ᠡᠯ᠎ᠡ ᠡᠲᠡᠭᠡᠳ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠤᠷᠢᠶᠠᠵᠤ᠂ ᠠᠯᠪᠠᠨ ᠵᠠᠷᠯᠠᠯ ᠳᠠᠭᠤᠰᠤᠭᠰᠠᠨ ᠤ ᠳᠠᠷᠠᠭᠠᠬᠢ ᠬᠤᠶᠠᠷ ᠡᠳᠦᠷ ᠤᠨ ᠳᠣᠲᠣᠷ᠎ᠠ᠂ ᠪᠢᠴᠢᠭ ᠤᠨ ᠬᠡᠯᠪᠡᠷᠢ ᠪᠠᠷ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ ᠪᠠᠯᠭᠠᠰᠤ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠲᠤ ᠮᠡᠳᠡᠭᠦᠯᠵᠦ᠂ ᠡᠯᠧᠺᠲᠷᠣᠨ ᠬᠡᠪᠯᠡᠯ ᠢ azmqxdh@163.com ᠳᠤ ᠶᠠᠪᠤᠭᠤᠯᠤᠨ᠎ᠠ᠃       ᠬᠠᠷᠢᠯᠴᠠᠬᠤ ᠬᠥᠮᠥᠨ᠄ ᠴᠢᠮᠡᠭ                           ᠠᠯᠳ᠋ᠬᠠᠮᠡᠭᠡᠯ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ                                2024 ᠣᠨ ᠤ 12 ᠰᠠᠷ᠎ᠠ ᠶᠢᠨ 6 ᠤ ᠡᠳᠦᠷ
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ