ᠡᠨᠡ ᠵᠢᠯ ᠤᠨ 1 — 11 ᠳ᠋ᠦ᠋ᠭᠡᠷ ᠰᠠᠷ᠎ᠠ ᠳᠤ᠂ ᠮᠠᠨ ᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠶ᠋ᠯᠡᠰ ᠨᠢᠭᠡᠨᠲᠡ ᠲᠡᠭᠡᠭᠡᠪᠦᠷᠢ ᠶᠢᠨ | ᠬᠠᠭᠤᠳᠠᠰᠤ ᠶᠢ 697 ᠲᠦᠮᠡᠨ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠨᠢ 2.5 ᠳ᠋ᠦᠩᠰᠢᠭᠤᠷ ᠲᠣᠨ᠂ ᠠᠷᠠᠯᠵᠢᠶᠠᠨ ᠤ ᠲᠤᠭ᠎ᠠ ᠶᠢ 157 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 432%᠂ 455%᠂ 317% ᠪᠠᠷ ᠨᠡᠮᠡᠭᠳᠡᠪᠡ᠃ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ | ᠠᠷᠠᠯᠵᠢᠶᠠᠨ ᠤ ᠲᠤᠭ᠎ᠠ ᠶᠢ 150 ᠳ᠋ᠦᠩᠰᠢᠭᠤᠷ ᠲᠥᠭᠦᠷᠢᠭ᠂ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 2 ᠳ᠋ᠦᠩᠰᠢᠭᠤᠷ ᠲᠣᠨ ᠤ ᠣᠨ ᠤ ᠬᠠᠷᠠᠯᠲᠠ ᠶᠢᠨ ᠡᠭᠦᠷᠭᠡ ᠪᠠᠨ | ᠤᠷᠢᠳᠴᠢᠯᠠᠨ ᠳᠠᠪᠠᠭᠤᠯᠤᠨ ᠪᠡᠶᠡᠯᠡᠭᠦᠯᠵᠡᠢ᠃ 1 — 10 ᠳ᠋ᠤᠭᠠᠷ ᠰᠠᠷ᠎ᠠ ᠳᠤ ᠪᠥᠬᠦ ᠣᠷᠣᠨ ᠤ ᠵᠠᠮ ᠲᠡᠭᠡᠭᠡᠪᠦᠷᠢ ᠶᠢᠨ ᠦᠶ᠋ᠯᠡᠰ 35.6 ᠳ᠋ᠦᠩᠰᠢᠭᠤᠷ | ᠲᠥᠭᠦᠷᠢᠭ ᠤᠨ ᠭᠠᠶᠢᠯᠢ ᠲᠠᠲᠠᠪᠤᠷᠢ ᠶᠢ ᠪᠡᠶᠡᠯᠡᠭᠦᠯᠵᠦ᠂ ᠡᠭᠦᠨ ᠳᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠨᠢ 11.06 ᠳ᠋ᠦᠩᠰᠢᠭᠤᠷ ᠲᠥᠭᠦᠷᠢᠭ ᠤᠨ ᠭᠠᠶᠢᠯᠢ | ᠲᠠᠲᠠᠪᠤᠷᠢ ᠶᠢ ᠪᠡᠶᠡᠯᠡᠭᠦᠯᠵᠦ᠂ ᠡᠵᠡᠯᠡᠬᠦ ᠬᠠᠷᠢᠴᠠᠯ ᠨᠢ 31% ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 278% ᠪᠠᠷ ᠨᠡᠮᠡᠭᠳᠡᠵᠦ᠂ ᠪᠥᠬᠦ ᠣᠷᠣᠨ ᠤ ᠵᠠᠮ | ᠲᠡᠭᠡᠭᠡᠪᠦᠷᠢ ᠶᠢᠨ ᠦᠶ᠋ᠯᠡᠰ ᠢ ᠳᠠᠶᠢᠴᠢᠯᠠᠨ ᠲᠤᠬᠠᠶᠢᠯᠠᠭᠰᠠᠨ ᠠᠵᠢᠯ ᠤᠨ ᠪᠣᠴᠠᠯᠲᠠ᠂ ᠭᠠᠶᠢᠯᠢ ᠲᠠᠲᠠᠪᠤᠷᠢ ᠶᠢᠨ ᠭᠡᠳᠡᠷᠭᠦ ᠡᠷᠭᠢᠯᠲᠡ ᠶᠢ ᠪᠡᠶᠡᠯᠡᠭᠦᠯᠪᠡ᠃ | ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ︽ᠮᠧᠩ ᠮᠠ ᠤᠶᠤᠨᠴᠢ ᠲᠡᠭᠡᠭᠡᠪᠦᠷᠢ︾ ᠲᠠᠪᠴᠠᠩ 2023 ᠣᠨ ᠤ 9 ᠳ᠋ᠦ᠋ᠭᠡᠷ ᠰᠠᠷ᠎ᠠ ᠳᠤ | ᠠᠰᠢᠭᠯᠠᠯᠲᠠ ᠳᠤ ᠣᠷᠣᠪᠠ᠃ ᠣᠳᠣᠬᠠᠨ ᠳᠤ᠂ ᠲᠤᠬᠠᠶᠢᠯᠠᠭᠰᠠᠨ ᠠᠵᠢᠯ ᠨᠢ ᠪᠦᠬᠦ ᠣᠷᠣᠨ ᠢ ᠪᠦᠷᠬᠦᠵᠦ᠂ ᠪᠦᠬᠦ ᠤᠯᠤᠰ ᠤᠨ 30 ᠮᠤᠵᠢ ᠣᠷᠣᠨ ᠬᠤᠲᠠ ᠶᠢ | ᠬᠠᠮᠤᠷᠤᠭᠰᠠᠨ ᠪᠠᠶᠢᠨ᠎ᠠ᠃ | 2023 ᠣᠨ ᠤ 6 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢᠯᠡᠬᠦ ᠠᠵᠤ ᠦᠶ᠋ᠯᠡᠰ ᠤᠨ ᠵᠢᠷᠦᠮᠵᠢᠭᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠠᠵᠢᠯᠯᠠᠭᠠᠨ ᠤ ᠲᠥᠰᠦᠯ︾ ᠢ ᠳᠠᠷᠤᠮᠠᠯᠯᠠᠨ ᠲᠠᠷᠬᠠᠭᠠᠵᠤ | ᠂ ᠲᠥᠷᠥ ᠶᠢᠨ ᠪᠣᠳᠣᠯᠭ᠎ᠠ ᠭᠠᠷᠭᠠᠬᠤ᠂ ᠳᠠᠭᠠᠭᠤᠯᠤᠭᠴᠢ ᠶᠢ ᠪᠤᠵᠠᠭᠠᠶᠢᠷᠠᠭᠤᠯᠬᠤ᠂ ᠲᠠᠷᠠᠬᠠᠢ ᠡᠷᠦᠬᠡ ᠶᠢ ᠲᠦᠪᠯᠡᠷᠡᠭᠦᠯᠬᠦ᠂ ᠲᠠᠪᠴᠠᠩ ᠪᠤᠶᠢᠵᠢᠭᠤᠯᠬᠤ ᠪᠠᠷ ᠭᠠᠷᠳᠠᠴᠠ | ᠪᠣᠯᠭᠠᠨ᠂ ᠪᠥᠬᠦ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠦᠶ᠋ᠯᠡᠳᠬᠦᠨ ᠤ ᠥᠷᠲᠡᠭ ᠤᠨ ᠰᠥᠷᠭᠡᠦ ᠨᠡᠮᠡᠭᠳᠡᠯ ᠢ ᠳᠠᠶᠢᠴᠢᠯᠠᠪᠠ᠃ ᠨᠢᠭᠡ ᠳᠤ᠂ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠢᠯᠯᠠᠭᠠᠨ ᠤ ᠲᠥᠰᠦᠯ 2.0 ᠬᠡᠪ ᠢ ᠨᠡᠶᠢᠲᠡᠯᠡᠵᠦ᠂ ᠱᠠᠩᠨᠠᠵᠤ ᠨᠥᠬᠦᠪᠥᠷᠢᠯᠡᠬᠦ ᠪᠠᠷᠢᠮᠵᠢᠶ᠎ᠠ ᠶᠢ ᠲᠣᠳᠣᠷᠬᠠᠶᠢᠯᠠᠨ᠂ ᠠᠵᠢᠯ | ᠲᠥᠷᠥᠯ ᠤᠨ ᠵᠢᠯᠣᠭᠤᠳᠣᠯᠭ᠎ᠠ ᠶᠢ ᠴᠢᠩᠭᠠᠷᠠᠭᠤᠯᠵᠤ᠂ ︽ᠪᠣᠳᠠᠲᠤ ᠴᠣᠭᠴᠠᠵᠢᠭᠤᠯᠬᠤ︾ ᠡᠵᠡᠩᠨᠡᠯᠲᠡ ᠶᠢ ᠠᠬᠢᠭᠤᠯᠪᠠ᠃ ᠬᠤᠶᠠᠷ ᠲᠤ᠂ ᠳᠠᠭᠠᠭᠤᠯᠤᠭᠴᠢ ᠠᠵᠤ | ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ︽ᠮᠧᠩ ᠮᠠ ᠤᠶᠤᠨᠴᠢ ᠲᠡᠭᠡᠭᠡᠪᠦᠷᠢ︾ ᠲᠠᠪᠴᠠᠩ | 2023 ᠣᠨ ᠤ 9 ᠳ᠋ᠦ᠋ᠭᠡᠷ ᠰᠠᠷ᠎ᠠ ᠳᠤ ᠠᠰᠢᠭᠯᠠᠯᠲᠠ ᠳᠤ ᠤᠷᠤᠭᠰᠠᠨ ᠠᠴᠠ ᠨᠠᠭᠠᠰᠢ᠂ ᠨᠡᠯᠢᠶᠡᠳ ᠣᠬᠤᠷ ᠬᠤᠭᠤᠴᠠᠭᠠᠨ ᠳᠣᠲᠣᠷ᠎ᠠ ᠣᠷᠣᠨ ᠤ ᠳᠣᠲᠣᠷᠠᠬᠢ ᠪᠥᠭᠡᠮ | ᠪᠠᠷᠠᠭ᠎ᠠ ᠶᠢᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠦᠳᠲᠡᠷ ᠲᠦᠷᠭᠡᠨ ᠵᠠᠪᠳᠤᠨ ᠡᠵᠡᠯᠡᠵᠦ᠂ ᠲᠤᠬᠠᠶᠢᠯᠠᠭᠰᠠᠨ ᠠᠵᠢᠯ ᠨᠢ ᠪᠦᠬᠦ ᠣᠷᠣᠨ ᠢ ᠪᠦᠷᠬᠦᠵᠦ᠂ ᠪᠥᠬᠦ | ᠤᠯᠤᠰ ᠤᠨ 30 ᠮᠤᠵᠢ ᠣᠷᠣᠨ ᠬᠤᠲᠠ ᠶᠢ ᠬᠠᠮᠤᠷᠤᠨ᠂ ᠭᠠᠭᠴᠠ ᠡᠳᠦᠷ ᠤᠨ ᠠᠷᠠᠯᠵᠢᠶᠠᠨ ᠤ ᠲᠤᠭ᠎ᠠ 4000 ᠲᠦᠮᠡᠨ ᠲᠥᠭᠦᠷᠢᠭ ᠢ ᠳᠠᠪᠠᠵᠤ᠂ ᠲᠠᠪᠴᠠᠩ ᠤᠨ | 2024 ᠣᠨ ᠤ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠨᠢᠭᠡᠨᠲᠡ 1 ᠳ᠋ᠦᠩᠰᠢᠭᠤᠷ ᠲᠣᠨ ᠢ ᠳᠠᠪᠠᠵᠤ᠂ ᠠᠷᠠᠯᠵᠢᠶᠠᠨ ᠤ ᠲᠤᠭ᠎ᠠ ᠶᠢ 59.76 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠲᠣᠰ ᠲᠣᠰ ᠪᠥᠬᠦ ᠣᠷᠣᠨ ᠤ 43% ᠪᠠ 38% ᠶᠢ ᠡᠵᠡᠯᠡᠵᠦ᠂ ᠨᠢᠭᠡᠨᠲᠡ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢᠯᠡᠬᠦ | ᠬᠡᠮᠵᠢᠶ᠎ᠡ ᠪᠠᠷ ᠬᠠᠮᠤᠭ ᠤᠨ ᠶᠡᠭᠡ᠂ ᠠᠷᠠᠯᠵᠢᠶᠠᠨ ᠤ ᠲᠤᠭ᠎ᠠ ᠬᠠᠮᠤᠭ ᠤᠨ ᠥᠨᠳᠥᠷ᠂ ᠲᠤᠬᠠᠶᠢᠯᠠᠭᠰᠠᠨ ᠠᠵᠢᠯ ᠤᠨ ᠪᠦᠷᠬᠦᠬᠦ ᠬᠡᠪᠴᠢᠶ᠎ᠡ ᠪᠠᠷ ᠬᠠᠮᠤᠭ ᠤᠨ ᠥᠷᠭᠡᠨ | ᠪᠥᠭᠡᠮ ᠪᠠᠷᠠᠭ᠎ᠠ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡ ᠶᠢᠨ ᠲᠠᠪᠴᠠᠩ ᠪᠣᠯᠵᠤ᠂ ᠪᠥᠬᠦ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ | ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠦᠷᠭᠡᠨ ᠵᠠᠮ ᠳᠤ ᠣᠷᠣᠬᠤ ᠶᠢ ᠬᠦᠲᠦᠯᠦᠨ ᠳᠠᠭᠠᠭᠤᠯᠵᠠᠢ᠃ ᠭᠤᠷᠪᠠ ᠳᠤ᠂ ᠲᠡᠭᠡᠭᠡᠪᠦᠷᠢ ᠶᠢᠨ ᠬᠦᠴᠦᠨ ᠤ | ᠳᠠᠪᠠᠭᠤᠯᠢᠭ ᠢᠶᠠᠨ ᠬᠤᠷᠠᠮᠳᠤᠭᠤᠯᠵᠤ ᠥᠪᠡᠷ ᠤᠨ ᠥᠷᠲᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠪᠥᠬᠦ ᠣᠷᠣᠨ ᠤ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠬᠢᠨᠠᠨ ᠬᠠᠮᠢᠶᠠᠷᠬᠤ ᠦᠶ᠋ᠯᠡᠴᠢᠯᠡᠭᠡᠨ ᠤ ᠲᠠᠪᠴᠠᠩ ᠨᠡᠶᠢᠲᠡ 118.6 ᠲᠦᠮᠡᠨ ᠨᠡᠶᠢᠭᠡᠮ ᠤᠨ ᠲᠡᠭᠡᠭᠡᠪᠦᠷᠢ ᠶᠢᠨ | ᠬᠦᠴᠦᠨ ᠢ ᠡᠮᠬᠢᠯᠡᠨ ᠨᠡᠶᠢᠯᠡᠭᠦᠯᠵᠦ᠂ ᠲᠡᠭᠡᠭᠡᠪᠦᠷᠢ ᠶᠢᠨ ᠬᠦᠴᠦᠨ ᠤ ᠲᠠᠲᠠᠭᠠᠯ ᠳᠠᠬᠢ ᠵᠢᠯᠣᠭᠤᠴᠢ ᠶᠢᠨ ᠢᠳᠡᠪᠬᠢᠵᠢᠯ ᠢ ᠢᠯᠡᠳᠲᠡ ᠳᠡᠭᠡᠭᠰᠢᠯᠡᠭᠦᠯᠦᠨ᠂ | ᠲᠡᠭᠡᠭᠡᠪᠦᠷᠢ ᠶᠢᠨ ᠬᠠᠭᠤᠳᠠᠰᠤ ᠶᠢᠨ ᠲᠣᠭᠲᠠᠭᠠᠯ ᠳᠤ ᠨᠡᠶᠢᠴᠡᠬᠦ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠳᠥᠷᠪᠡ ᠳᠤ᠂ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢᠯᠡᠬᠦ ︽1 + 1 + N︾ ᠬᠥᠭᠵᠢᠯᠲᠡ ᠶᠢᠨ ᠵᠠᠭᠪᠤᠷ ᠢ ᠪᠠᠶᠢᠭᠤᠯᠵᠤ᠂ ᠨᠢᠭᠡᠨᠲᠡ ᠬᠤᠶᠠᠷ 5A ᠲᠠᠰ ᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ | ᠠᠵᠤ ᠠᠬᠤᠶᠢᠯᠠᠯ ᠢ ᠪᠤᠶᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠨᠢ 37 ᠪᠠᠶᠢᠵᠤ᠂ | ᠦᠶ᠋ᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠨᠢ 23 ᠪᠠᠶᠢᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠶ᠋ᠯᠡᠳᠦᠯ ᠤᠨ ᠦᠷ᠎ᠡ ᠳ᠋ᠦᠩ ᠨᠢ | ᠢᠯᠡᠷᠬᠡᠢ ᠪᠠᠶᠢᠳᠠᠭ᠃ |